ᠥᠪᠥᠷ ᠡᠮ ᠬᠤᠳᠠᠯᠳᠤᠨ ᠠᠪᠬᠤ ᠲᠥᠪ ᠦᠰᠦᠭ ﹇ 2024﹈ 151 ᠳ᠋ᠤᠭᠡᠷ ᠲᠣᠭᠠᠲᠤ | ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄ | ᠲᠠᠪᠴᠠᠩ ᠤᠨ ᠳ᠋ᠠᠶᠢᠲ᠋ᠠ ᠶᠢᠨ ᠵᠢᠷᠤᠮᠵᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠤ ᠬᠤᠯᠪᠤᠭᠰᠠᠨ | ᠳ᠋ᠠᠶᠢᠲ᠋ᠠ ᠶᠢᠨ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ︽ᠡᠮ ᠤᠨ ᠵᠦᠢᠯ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇ 2024﹈ 70 ᠳ᠋ᠤᠭᠠᠷ ᠲᠣᠭᠠᠲᠤ︶ | ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠬᠡᠰᠡᠭ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠ | ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠳ᠋ ᠢ ᠺᠣᠳ᠋ᠯᠠᠨ ᠬᠡᠷᠡᠭᠯᠡᠬᠦ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠬᠤ ᠲᠤᠬᠠᠶ ᠳᠣᠤᠷᠠᠬᠢ ᠮᠡᠲᠦ ᠮᠡᠳᠡᠭᠳᠡᠪᠡ᠃ | ᠨᠢᠭᠡ᠂ ᠦᠢᠯᠡᠳᠬᠦᠨ ᠤ ᠬᠡᠪᠴᠢᠶ᠎ᠡ | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ | ᠰᠦᠯᠵᠢᠶᠡᠨ ᠳᠤ ᠬᠤᠯᠪᠣᠵᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠣᠷᠣᠯᠠᠬᠤ ᠲᠡᠮᠳᠡᠭ ᠲᠠᠢ ᠲᠤᠰᠬᠠᠯ | ᠭᠠᠷᠭᠠᠭᠰᠠᠨ ᠦᠭᠡᠢ ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ ᠪᠠ ᠪᠡᠶ᠎ᠡ ᠶᠢᠨ ᠭᠠᠳᠠᠨᠠᠬᠢ ᠣᠨᠣᠰᠢᠯᠠᠬᠤ | ᠲᠤᠷᠰᠢᠯᠲᠠ ᠶᠢᠨ ᠡᠳ᠋᠃ | ᠬᠤᠶᠠᠷ᠂ ᠠᠵᠢᠯ ᠤᠨ ᠠᠭᠤᠯᠭ᠎ᠠ | ︵ᠨᠢᠭᠡ︶ ᠬᠠᠮᠢᠶ᠎ᠠ ᠪᠥᠬᠦᠶ ᠠᠵᠤ ᠠᠬᠤᠶᠢᠯᠠᠯ 9 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠰᠦᠯᠵᠢᠶ᠎ᠡ︾ — ︽ | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ︾ — ︽ᠡᠮ ᠤᠨ ᠵᠦᠢᠯ | ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ | ᠬᠠᠮᠢᠶᠠᠷᠤᠯᠲᠠ ᠶᠢᠨ ᠰᠢᠰᠲ᠋ᠧᠮ︾ ᠤᠨ ᠺᠣᠳ᠋ ᠤᠨ ᠬᠥᠮᠥᠷᠭᠡ ᠳᠤ ᠣᠷᠣᠵᠤ ᠬᠠᠷᠠᠭᠠᠯᠵᠠᠭᠰᠠᠨ ᠦᠢᠯᠡᠳᠬᠦᠨ ᠤ ᠮᠡᠳᠡᠭᠡ | ᠵᠠᠩᠭᠢ ᠶᠢ ᠲᠠᠨᠢᠵᠤ ᠠᠪᠬᠤ ᠶᠢᠨ ᠬᠠᠮᠲᠤ ᠦᠢᠯᠡᠳᠬᠦᠨ ᠤ ᠮᠡᠳᠡᠭᠡ ᠵᠠᠩᠭᠢ ᠶᠢ ᠰᠦᠯᠵᠢᠶᠡᠨ ᠳᠤ ᠬᠤᠯᠪᠣᠬᠤ ᠶᠢ | ᠭᠤᠶᠤᠴᠢᠯᠠᠨ ᠮᠡᠳᠡᠭᠦᠯᠬᠦ ᠬᠡᠷᠡᠭᠲᠡᠶ᠃ | ︵ᠬᠤᠶᠠᠷ︶ ᠮᠡᠳᠡᠭᠦᠯᠦᠭᠰᠡᠨ ᠦᠷ᠎ᠡ ᠳ᠋ᠦᠩ ᠢ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ — ︽ | ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ︾ ᠶᠢᠨ ᠳᠣᠲᠣᠷ᠎ᠠ ᠵᠠᠷᠯᠠᠨ ᠨᠡᠶᠢᠲᠡᠯᠡᠵᠦ᠂ ᠢᠯᠡ ᠨᠡᠶᠢᠲᠡᠯᠡᠬᠦ ᠪᠠᠷ | ᠳᠡᠮᠵᠢᠨ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠨᠡᠶᠢᠲᠡᠯᠡᠭᠰᠡᠨ ᠦᠷ᠎ᠡ ᠳ᠋ᠦᠩ ᠢ ᠪᠥᠬᠦ ᠣᠷᠣᠨ ᠤ | ᠬᠤᠳᠠᠯᠳᠤᠨ ᠠᠪᠬᠤ ᠬᠡᠪᠴᠢᠶᠡᠨ ᠳᠤ ᠣᠷᠣᠭᠤᠯᠤᠨ᠎ᠠ᠃ | ︵ᠭᠤᠷᠪᠠ︶ ᠬᠠᠮᠢᠶ᠎ᠠ ᠪᠥᠬᠦᠶ ᠠᠵᠤ ᠠᠬᠤᠶᠢᠯᠠᠯ ᠤᠳ 9 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ | ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠪᠠᠶᠢᠭᠤᠯᠬᠤ ᠪᠠ ᠦᠨ᠎ᠡ ᠵᠥᠪᠯᠡᠬᠦ ᠵᠡᠷᠭᠡ ᠬᠠᠮᠢᠶ᠎ᠠ ᠪᠥᠬᠦᠶ | ᠠᠷᠠᠯᠵᠢᠶᠠᠯᠠᠬᠤ ᠠᠴᠠ ᠡᠮᠦᠨᠡᠬᠢ ᠪᠡᠯᠡᠳᠬᠡᠯ ᠠᠵᠢᠯ ᠢ ᠪᠡᠶᠡᠯᠡᠭᠦᠯᠵᠦ᠂ ᠲᠤᠬᠠᠶ ᠶᠢᠨ ᠦᠶ᠎ᠡ ᠳᠤ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠣᠷᠣᠯᠠᠬᠤ ᠲᠡᠮᠳᠡᠭ ᠲᠠᠢ ᠲᠤᠰᠬᠠᠯ ᠭᠠᠷᠭᠠᠭᠰᠠᠨ ᠥᠬᠡᠶ ᠬᠢᠲᠠᠳ ᠡᠮ ᠤᠨ | ᠨᠠᠶᠢᠷᠠᠯᠭ᠎ᠠ ᠶᠢᠨ ᠮᠥᠬᠦᠯᠢᠭ ᠪᠠ ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋ ᠤᠨ ᠠᠷᠠᠯᠵᠢᠶᠠᠨ ᠤ ᠬᠢᠷᠢ | ᠬᠡᠮ ᠢ ᠲᠦᠷ ᠵᠣᠭᠰᠣᠭᠠᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ᠬᠠᠮᠢᠶ᠎ᠠ ᠪᠦᠬᠦᠢ ᠠᠵᠤ ᠠᠬᠤᠶᠢᠯᠠᠯ ᠤᠳ ᠵᠣᠯᠭᠠᠭᠤᠯᠬᠤ ᠪᠡᠯᠡᠳᠬᠡᠯ ᠠᠵᠢᠯ ᠢ ᠰᠠᠶᠢᠲᠤᠷ ᠬᠢᠵᠦ᠂ ᠨᠢᠭᠲᠠ | ᠨᠡᠪᠲᠡᠷᠡᠯᠴᠡᠵᠦ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠡᠷᠡᠭᠯᠡᠯᠲᠡ ᠶᠢᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠂ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ | ᠲᠤᠬᠠᠶᠢᠯᠠᠭᠰᠠᠨ ᠠᠵᠢᠯ ᠤᠨ ᠺᠣᠳ᠋ ᠢ ᠲᠤᠭᠤᠰᠢᠯᠠᠭᠤᠯᠵᠤ᠂ ︽ᠺᠣᠳ᠋ ᠲᠠᠢ ᠳᠠᠭᠠᠭᠠᠴᠢᠯᠠᠯᠲᠠ ᠵᠠᠷᠯᠠᠬᠤ᠂ ᠺᠣᠳ᠋ ᠲᠠᠢ | ᠬᠤᠳᠠᠯᠳᠤᠨ ᠠᠪᠬᠤ᠂ ᠺᠣᠳ᠋ ᠲᠠᠢ ᠳ᠋ᠦᠩᠨᠡᠨ ᠪᠤᠳᠤᠬᠤ︾ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ | ᠪᠡᠶᠡᠯᠡᠭᠦᠯᠵᠦ᠂ ᠡᠨᠡ ᠬᠦ ᠠᠵᠢᠯ ᠢ ᠲᠣᠭᠲᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠬᠡᠷᠡᠭᠲᠡᠶ᠃ | ᠬᠠᠷᠢᠯᠴᠠᠬᠤ ᠠᠷᠭ᠎ᠠ᠄ 0471 — 4930630 ︵ᠬᠢᠲᠠᠳ ᠡᠮ ᠤᠨ ᠨᠠᠶᠢᠷᠠᠯᠭ᠎ᠠ ᠶᠢᠨ ᠮᠥᠬᠦᠯᠢᠭ︶ | 0471 — 4930595 ︵ᠪᠡᠶ᠎ᠡ ᠶᠢᠨ ᠭᠠᠳᠠᠨᠠᠬᠢ ᠣᠨᠣᠰᠢᠯᠠᠬᠤ ᠲᠤᠷᠰᠢᠯᠲᠠ ᠶᠢᠨ ᠡᠳ᠋︶ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2024 ᠣᠨ ᠤ 7 ᠳ᠋ᠤᠭᠠᠷ ᠰᠠᠷ᠎ᠠ ᠶᠢᠨ 17 ᠤ ᠡᠳᠦᠷ | |