ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠦᠨᠡᠨᠴᠢ ᠢᠲᠡᠭᠡᠮᠵᠢᠲᠡᠶ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ︾ ᠶᠢᠨ ᠬᠤᠶᠠᠳᠤᠭᠠᠷ ᠲᠠᠯᠠᠪᠠᠶ ᠶᠢᠨ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/17
  2024 ᠣᠨ ᠤ 5 ᠳ᠋ᠤᠭᠠᠷ ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ︽ᠦᠨᠡᠨᠴᠢ ᠢᠲᠡᠭᠡᠮᠵᠢᠲᠡᠶ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ︾ ᠶᠢᠨ ᠬᠤᠶᠠᠳᠤᠭᠠᠷ ᠲᠠᠯᠠᠪᠠᠶ ᠶᠢᠨ ᠭᠤᠤᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠂ ᠲᠢᠩᠬᠢᠮ ᠤᠨ ᠳᠡᠳ᠋ ᠳᠠᠷᠤᠭ᠎ᠠ ᠯᠢᠦ ᠫᠧᠩ ᠹᠸᠢ ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠭᠤᠸᠠᠨ ᠵᠢᠶᠦ᠋ᠨ ᠱᠠᠨ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠬᠤᠤ ᠮᠧᠩ ᠨᠥᠬᠦᠷ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ᠃  ᠰᠤᠨᠢᠨ ᠮᠡᠳᠡᠭᠡ ᠨᠡᠶᠢᠳᠡᠯᠡᠬᠦ ᠬᠤᠷᠠᠯ ᠨᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ  ᠳᠤᠮᠳᠠᠳᠤ ᠤᠯᠤᠰ ᠤᠨ ᠵᠢᠭᠤᠯᠴᠢᠯᠠᠯ ᠤᠨ ᠰᠣᠨᠢᠨ ᠤ ᠰᠤᠷᠪᠤᠯᠵᠢᠯᠠᠭᠴᠢ᠄ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠳᠤ ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠨᠢ ᠵᠢᠭᠤᠯᠴᠢᠯᠠᠯ ᠤᠨ ᠬᠤᠳᠠᠯ ᠬᠠᠭᠤᠷᠮᠠᠭ ᠤᠬᠠᠭᠤᠯᠭ᠎ᠠ ᠂ ᠪᠠᠷᠠᠭ᠎ᠠ ᠬᠤᠳᠠᠯᠳᠤᠨ ᠠᠪᠬᠤ ᠶᠢ ᠬᠥᠲᠥᠯᠥᠨ ᠳᠠᠭᠠᠭᠤᠯᠬᠤ ᠂ ᠬᠡᠷᠡᠭᠯᠡᠭᠴᠢᠳ ᠢ ᠬᠠᠭᠤᠷᠬᠤ ᠵᠡᠷᠭᠡ ᠦᠨᠡᠨᠴᠢ ᠢᠲᠡᠭᠡᠮᠵᠢ ᠦᠭᠡᠢ ᠡᠵᠡᠩᠨᠡᠯᠲᠡ ᠶᠢᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠶᠠᠮᠠᠷ ᠠᠷᠭ᠎ᠠ ᠬᠡᠮᠵᠢᠶ᠎ᠡ ᠠᠪᠬᠤ ᠪᠤᠢ︖  ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠲᠢᠩᠬᠢᠮ ᠤᠨ ᠳᠡᠳ᠋ ᠳᠠᠷᠤᠭ᠎ᠠ ᠯᠢᠦ ᠫᠧᠩ ᠹᠸᠢ ᠄ ᠲᠤᠰ ᠰᠤᠷᠪᠤᠯᠵᠢᠯᠠᠭᠴᠢ ᠨᠠᠶᠢᠵᠠ ᠶᠢᠨ ᠰᠣᠶᠣᠯ ᠵᠢᠭᠤᠯᠴᠢᠯᠠᠯ ᠤᠨ ᠠᠵᠢᠯ ᠳᠤ ᠠᠩᠬᠠᠷᠤᠯ ᠲᠠᠯᠪᠢᠵᠤ ᠪᠠᠶᠢᠭ᠎ᠠ ᠳᠤ ᠪᠠᠶᠠᠷᠯᠠᠵᠤ ᠪᠠᠶᠢᠨ᠎ᠠ ᠃  ᠡᠨᠡ ᠵᠢᠯ ᠠᠴᠠ ᠨᠠᠭᠠᠰᠢ ᠂ ᠮᠠᠨ ᠤ ᠲᠢᠩᠬᠢᠮ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ ᠂ ᠰᠣᠶᠣᠯ ᠵᠢᠭᠤᠯᠴᠢᠯᠠᠯ ᠤᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠪᠡ ᠃ ᠦᠨᠡᠨᠴᠢ ᠢᠲᠡᠭᠡᠮᠵᠢ ᠶᠢᠨ ᠬᠥᠮᠦᠵᠢᠯ ᠢ ᠴᠢᠬᠤᠯᠠ ᠠᠭᠤᠯᠭ᠎ᠠ ᠪᠣᠯᠭᠠᠵᠤ ᠂ ᠪᠥᠬᠦ ᠣᠷᠣᠨ ᠤ ᠵᠢᠭᠤᠯᠴᠢᠯᠠᠯ ᠤᠨ ᠠᠵᠢᠯ ᠡᠷᠭᠢᠯᠡᠭᠰᠡᠳ ᠲᠤ ᠪᠣᠯᠪᠠᠰᠤᠷᠠᠯ ᠬᠢᠵᠦ ᠂ ᠦᠨᠡᠨᠴᠢ ᠢᠲᠡᠭᠡᠮᠵᠢ ᠶᠢᠨ ᠣᠨᠣᠯᠵᠢᠬᠤᠨ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠂ ︽ᠢᠲᠡᠭᠡᠯ ᠠᠯᠳᠠᠭᠰᠠᠳ ᠢ ᠲᠣᠷᠭᠠᠬᠤ︾ ᠪᠠ ︽ᠢᠲᠡᠭᠡᠯ ᠲᠠᠢ ᠪᠠᠶᠢᠵᠤ ᠠᠰᠢᠭ ᠭᠥᠷᠳᠡᠬᠦ︾ ᠶᠢ ᠦᠨᠡᠨ ᠬᠦ ᠠᠵᠢᠯ ᠲᠥᠷᠥᠯ ᠤᠨ ᠬᠠᠮᠲᠤ ᠶᠢᠨ ᠲᠠᠨᠢᠯᠲᠠ ᠪᠣᠯᠭᠠᠨ᠎ᠠ ᠃ ᠲᠣᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ ᠢ ᠲᠣᠬᠢᠷᠠᠭᠤᠯᠵᠤ ᠂ ᠰᠦᠯᠵᠢᠶᠡᠨ ᠤ ᠬᠠᠯᠠᠮᠰᠢᠯ ᠴᠡᠭ ᠢ ᠨᠢᠭᠲᠠ ᠮᠥᠷᠳᠡᠵᠦ ᠂ ᠵᠤᠭᠠᠴᠠᠭᠰᠠᠳ ᠤᠨ ᠠᠩᠬᠠᠷᠴᠤ ᠪᠠᠶᠢᠭ᠎ᠠ ᠵᠦᠢᠯ ᠢ ᠠᠩᠬᠠᠷᠴᠤ ᠂ ᠵᠢᠭᠤᠯᠴᠢᠯᠠᠯ ᠤᠨ ᠭᠠᠵᠠᠷ ᠤᠨ ᠲᠠᠲᠠᠨ ᠠᠪᠴᠢᠷᠠᠬᠤ ᠶᠠᠪᠤᠴᠠ ᠳᠠᠬᠢ ᠬᠤᠳᠠᠯ ᠬᠠᠭᠤᠷᠮᠠᠭ ᠤᠬᠠᠭᠤᠯᠭ᠎ᠠ ᠶᠢ ᠲᠣᠭᠤᠷᠢᠨ ᠪᠠᠶᠢᠴᠠᠭᠠᠵᠤ ᠂ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠦ᠋ᠢᠬᠠᠨ ᠵᠣᠭᠰᠣᠭᠠᠵᠤ ᠂ ᠴᠠᠭ ᠲᠤᠬᠠᠶ ᠳᠤᠨᠢ ᠰᠢᠢᠳᠪᠦᠷᠢᠯᠡᠪᠡ ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢ ᠰᠢᠯᠵᠢᠭᠦᠯᠦᠨ ᠰᠢᠢᠳᠪᠦᠷᠢᠯᠡᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠂ ︽ᠪᠡᠶ᠎ᠡ ᠶᠢᠨ ᠪᠠᠶᠢᠴᠠᠭᠠᠯᠲᠠ ᠶᠢᠨ ᠮᠠᠶ᠋ᠢᠭ︾ ᠢᠶᠠᠷ ᠳᠠᠯᠳᠠᠭᠤᠷ ᠰᠤᠷᠪᠤᠯᠵᠢᠯᠠᠬᠤ ᠵᠢᠴᠢ ︽ᠬᠤᠶᠠᠷ ᠢ ᠲᠠᠰᠢᠷᠠᠮ ᠢᠶᠠᠷ ᠂ ᠨᠢᠭᠡ ᠶᠢ ᠢᠯᠡ ᠪᠣᠯᠭᠠᠬᠤ︾ ᠪᠠᠶᠢᠴᠠᠭᠠᠯᠲᠠ ᠶᠢ ᠪᠠᠶᠢᠩᠭᠤᠵᠢᠭᠤᠯᠤᠨ ᠥᠷᠨᠢᠭᠦᠯᠵᠦ ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠤᠨ ᠵᠠᠭᠠᠯᠳᠤᠯᠭ᠎ᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ ᠂ ᠵᠢᠭᠤᠯᠴᠢᠯᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠡᠷᠬᠡ ᠪᠠᠨ ᠬᠠᠮᠠᠭᠠᠯᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠠᠯᠪᠠᠨ ᠰᠦᠯᠵᠢᠶ᠎ᠡ ᠶᠢᠨ ᠠᠩᠬᠠᠳᠠᠭᠴᠢ ᠨᠢᠭᠤᠷ ᠲᠤ ︽ᠦᠨᠡᠨᠴᠢ ᠢᠲᠡᠭᠡᠮᠵᠢ ᠶᠢ ᠨᠡᠶᠢᠲᠡᠯᠡᠬᠦ︾ ᠲᠤᠰᠬᠠᠶ ᠪᠤᠯᠤᠩ ᠭᠠᠷᠭᠠᠵᠤ ᠂ ᠦᠨᠡᠨᠴᠢ ᠢᠲᠡᠭᠡᠮᠵᠢ ᠳᠤ ᠬᠤᠯᠪᠣᠭᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ ᠃ 2024 ᠣᠨ ᠤ 1 — 4 ᠳ᠋ᠦ᠋ᠭᠡᠷ ᠰᠠᠷ᠎ᠠ ᠳᠤ ᠂ ᠪᠥᠬᠦ ᠣᠷᠣᠨ ᠳᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ ᠢ 13997 ᠬᠥᠮᠦᠨ ᠤᠳᠠᠭ᠎ᠠ ᠬᠥᠳᠡᠯᠭᠡᠵᠦ ᠂ ᠵᠢᠭᠤᠯᠴᠢᠯᠠᠯ ᠤᠨ ᠡᠵᠡᠩᠨᠡᠯᠲᠡ ᠶᠢᠨ ᠨᠢᠭᠡᠴᠡ ᠶᠢ 5202 ᠤᠳᠠᠭ᠎ᠠ ᠪᠠᠶᠢᠴᠠᠭᠠᠵᠤ ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠵᠦ ᠂ 17 ᠬᠡᠷᠡᠭ ᠢ ᠰᠢᠢᠳᠪᠦᠷᠢᠯᠡᠵᠦ ᠳᠠᠭᠤᠰᠬᠠᠪᠠ ᠂ ᠡᠭᠦᠨ ᠳᠤ 2 ᠬᠡᠷᠡᠭ ᠢ ᠵᠠᠷᠯᠢᠭᠳᠠᠨ ᠠᠵᠢᠯ ᠢ ᠨᠢ ᠵᠣᠭᠰᠣᠭᠠᠵᠤ ᠴᠡᠭᠴᠡᠯᠡᠭᠦᠯᠵᠦ ᠂ 1 ᠵᠥᠪᠰᠢᠶᠡᠷᠡᠯ ᠤᠨ ᠦᠨᠡᠮᠯᠡᠯ ᠢ ᠬᠤᠷᠢᠶᠠᠨ ᠠᠪᠴᠤ ᠬᠦᠴᠦᠨ ᠥᠬᠡᠶ ᠪᠣᠯᠭᠠᠵᠤ ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠵᠤᠭᠠᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠬᠠᠮᠠᠭᠠᠯᠠᠪᠠ ᠃  2022 ᠣᠨ ᠠᠴᠠ ᠣᠲᠣ ᠪᠣᠯᠲᠠᠯ᠎ᠠ ᠂ ᠪᠥᠬᠦ ᠣᠷᠣᠨ ᠳᠤ ᠵᠢᠭᠤᠯᠴᠢᠯᠠᠯ ᠤᠨ ᠵᠠᠭᠠᠯᠳᠤᠯᠭ᠎ᠠ ᠶᠢᠨ ᠬᠡᠷᠡᠭ ᠢ ᠨᠡᠶᠢᠲᠡ 9548 ᠬᠤᠪᠢ ᠰᠢᠢᠳᠪᠦᠷᠢᠯᠡᠵᠦ ᠂ ᠡᠭᠦᠨ ᠳᠤ ᠵᠢᠭᠤᠯᠴᠢᠨ ᠳᠤ ᠦᠢᠯᠡᠴᠢᠯᠡᠬᠦ ᠭᠠᠵᠠᠷ ᠲᠤ ᠬᠤᠯᠪᠣᠭᠳᠠᠭᠰᠠᠨ ᠬᠡᠷᠡᠭ 8433 ᠬᠤᠪᠢ ᠂ ᠵᠢᠭᠤᠯᠴᠢᠯᠠᠯ ᠤᠨ ᠬᠥᠲᠥᠴᠢ ᠳᠤ ᠬᠤᠯᠪᠣᠭᠳᠠᠭᠰᠠᠨ ᠬᠡᠷᠡᠭ 369 ᠬᠤᠪᠢ ᠂ ᠪᠤᠰᠤᠳ ᠵᠢᠭᠤᠯᠴᠢᠯᠠᠯ ᠤᠨ ᠬᠡᠷᠡᠭ 746 ᠬᠤᠪᠢ ᠪᠠᠶᠢᠵᠤ ᠂ ᠬᠠᠯᠠᠮᠰᠢᠯ ᠤᠲᠠᠰᠤ ᠶᠢᠨ ᠴᠤᠤᠷᠢᠶᠠᠲᠤᠬᠤ ᠨᠣᠷᠮ᠎ᠠ ᠂ ᠠᠰᠠᠭᠤᠳᠠᠯ ᠢ ᠰᠢᠢᠳᠪᠦᠷᠢᠯᠡᠬᠦ ᠨᠣᠷᠮ᠎ᠠ ᠤᠯᠠᠮ ᠨᠢᠭᠡ ᠠᠯᠬᠤᠮ ᠳᠡᠭᠡᠭᠰᠢᠯᠡᠪᠡ ᠃ 2023 ᠣᠨ ᠠᠴᠠ ᠨᠠᠭᠠᠰᠢ ᠂ ᠵᠢᠭᠤᠯᠴᠢᠯᠠᠯ ᠤᠨ ᠬᠤᠳᠠᠯ ᠬᠠᠭᠤᠷᠮᠠᠭ ᠤᠬᠠᠭᠤᠯᠭ᠎ᠠ ᠂ ᠵᠢᠭᠤᠯᠴᠢᠯᠠᠭᠴᠢ ᠳᠤ ᠡᠳ᠋ ᠪᠣᠳᠠᠰ ᠬᠤᠳᠠᠯᠳᠤᠬᠤ ᠂ ᠵᠢᠭᠤᠯᠴᠢᠯᠠᠯ ᠤᠨ ᠭᠡᠷ᠎ᠡ ᠶᠢ ᠭᠦᠢᠴᠡᠳᠬᠡᠬᠦ ᠦᠭᠡᠢ ᠵᠡᠷᠭᠡ ᠦᠢᠯᠡ ᠠᠵᠢᠯᠯᠠᠭ᠎ᠠ ᠳᠤ ᠴᠢᠭᠯᠡᠭᠦᠯᠦᠨ ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠴᠡᠭᠴᠡᠯᠡᠨ ᠵᠠᠰᠠᠬᠤ ᠶᠢ ᠶᠡᠬᠡᠪᠡᠷ ᠥᠷᠨᠢᠭᠦᠯᠵᠦ ᠂ 73632 ᠬᠥᠮᠦᠨ ᠤᠳᠠᠭ᠎ᠠ ᠬᠥᠳᠡᠯᠭᠡᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠵᠦ ᠂ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ 25730 ᠤᠳᠠᠭ᠎ᠠ ᠂ ᠵᠢᠭᠤᠯᠴᠢᠨ ᠳᠤ ᠦᠢᠯᠡᠴᠢᠯᠡᠬᠦ ᠭᠠᠵᠠᠷ ᠤᠨ ᠦᠢᠯᠡᠴᠢᠯᠡᠭᠡᠨ ᠤ ᠲᠣᠣᠷ ᠴᠡᠭ ᠢ 770 ᠤᠳᠠᠭ᠎ᠠ ᠂ ᠵᠢᠭᠤᠯᠴᠢᠯᠠᠯ ᠤᠨ ᠡᠵᠡᠩᠨᠡᠯᠲᠡ ᠶᠢᠨ ᠲᠦᠷᠦᠯ ᠵᠦᠢᠯ 1435 ᠤᠳᠠᠭ᠎ᠠ ᠂ ᠵᠢᠭᠤᠯᠴᠢᠯᠠᠯ ᠤᠨ ᠬᠥᠲᠥᠴᠢ ︵ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠠᠷᠢᠭᠤᠴᠠᠯᠭᠠᠲᠠᠨ︶ ᠶᠢ 122 ᠬᠥᠮᠦᠨ ᠤᠳᠠᠭ᠎ᠠ ᠪᠠᠶᠢᠴᠠᠭᠠᠪᠠ ᠃ ᠡᠨᠡ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠂ ᠵᠢᠱᠢᠶᠡᠯᠡᠪᠡᠯ ᠂ ᠨᠢᠭᠡᠨ ᠵᠢᠭᠤᠯᠴᠢᠯᠠᠯ ᠳᠤ ᠬᠦᠯᠢᠶᠡᠨ ᠠᠪᠬᠤ ᠦᠢᠯᠡᠴᠢᠯᠡᠭᠡᠨ ᠤ ᠴᠢᠳᠠᠪᠤᠷᠢ ᠦᠭᠡᠢ ᠵᠠᠮ ᠬᠠᠷᠢᠯᠴᠠᠭ᠎ᠠ ᠂ ᠬᠤᠨᠤᠵᠤ ᠬᠡᠪᠲᠡᠬᠦ ᠂ ᠢᠳᠡᠭᠡᠨ ᠤᠮᠳᠠᠭᠠᠨ ᠂ ᠦᠵᠡᠮᠵᠢ ᠶᠢᠨ ᠤᠷᠤᠨ ᠵᠡᠷᠭᠡ ᠵᠤᠭᠠᠴᠠᠯ ᠤᠨ ᠪᠦᠳᠦᠭᠡᠭᠳᠡᠭᠦᠨ ᠬᠠᠩᠭᠠᠭᠰᠠᠨ ᠠᠵᠢᠯᠯᠠᠭ᠎ᠠ ᠶᠢ ᠬᠠᠤᠯᠢ ᠶᠤᠰᠤᠭᠠᠷ ᠵᠠᠷᠯᠢᠭᠳᠠᠨ ᠵᠠᠯᠠᠷᠠᠭᠤᠯᠬᠤ ᠶᠢᠨ ᠬᠠᠮᠳᠤ ᠵᠤᠭᠤᠰ ᠢᠶᠠᠷ ᠲᠤᠷᠭᠠᠬᠤ ᠵᠠᠰᠠᠭ ᠵᠠᠬᠢᠷᠭᠠᠨ ᠤ ᠰᠢᠢᠳᠭᠡᠯ ᠥᠭᠪᠡ︔ ᠵᠢᠭᠤᠯᠴᠢᠯᠠᠯ ᠤᠨ ᠬᠥᠳᠦᠴᠢ ᠯᠢᠶᠠᠩ ᠣᠪᠣᠭᠲᠤ ᠠᠵᠢᠯ ᠤᠨ ᠳᠤᠮᠳᠠ ᠪᠠᠨ ᠪᠠᠷᠠᠭ᠎ᠠ ᠬᠤᠳᠠᠯᠳᠤᠨ ᠠᠪᠬᠤ ᠶᠢ ᠬᠥᠲᠦᠯᠦᠨ ᠳᠠᠭᠠᠭᠤᠯᠵᠤ ᠂ ᠵᠢᠭᠤᠯᠴᠢᠯᠠᠭᠴᠢ ᠳᠤ ᠡᠳ᠋ ᠪᠠᠷᠠᠭ᠎ᠠ ᠬᠤᠳᠠᠯᠳᠤᠬᠤ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠵᠣᠭᠤᠰ ᠢᠶᠠᠷ ᠲᠣᠷᠭᠠᠭᠰᠠᠨ ᠪᠥᠭᠡᠳ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠬᠤᠷᠢᠶᠠᠨ ᠠᠪᠬᠤ ᠵᠠᠰᠠᠭ ᠵᠠᠬᠢᠷᠭᠠᠨ ᠤ ᠰᠢᠢᠳᠬᠡᠯ ᠥᠭᠪᠡ︔  ᠨᠢᠭᠡᠨ ᠵᠢᠭᠤᠯᠴᠢᠨ ᠳᠤ ᠦᠢᠯᠡᠴᠢᠯᠡᠬᠦ ᠭᠠᠵᠠᠷ ᠤᠨ ᠬᠤᠳᠠᠯ ᠬᠠᠭᠤᠷᠮᠠᠭ ᠤᠬᠠᠭᠤᠯᠭ᠎ᠠ ᠂ ᠠᠶᠠᠯᠠᠯ ᠤᠨ ᠬᠠᠭᠤᠳᠠᠰᠤᠨ ᠳᠤ ᠪᠣᠯᠵᠣᠨ ᠲᠣᠭᠲᠠᠭᠰᠠᠨ ᠶᠣᠰᠣᠭᠠᠷ ᠵᠣᠬᠢᠴᠠᠩᠭᠤᠶ ᠪᠠᠷᠢᠮᠵᠢᠶᠠᠲᠤ ᠪᠠᠭᠤᠳᠠᠯ ᠳᠤ ᠣᠷᠣᠵᠤ ᠰᠠᠭᠤᠭᠰᠠᠨ ᠦᠭᠡᠢ ᠦᠢᠯᠡ ᠠᠵᠢᠯᠯᠠᠭ᠎ᠠ ᠶᠢ ᠬᠠᠤᠯᠢ ᠪᠤᠰᠤ ᠪᠠᠷ ᠣᠯᠤᠭᠰᠠᠨ ᠣᠯᠵᠠᠪᠤᠷᠢ ᠶᠢ ᠨᠢ ᠬᠠᠤᠯᠢ ᠶᠣᠰᠣᠭᠠᠷ ᠬᠤᠷᠢᠶᠠᠨ ᠠᠪᠴᠤ ᠂ ᠲᠤᠰ ᠺᠣᠮᠫᠠᠨᠢ ᠵᠢᠴᠢ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠳᠤ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠪᠡ︔ ᠵᠢᠭᠤᠯᠴᠢᠯᠠᠯ ᠤᠨ ᠬᠥᠲᠥᠴᠢ ᠯᠢᠦ ᠣᠪᠣᠭᠲᠤ ᠶᠢᠨ ᠵᠢᠭᠤᠯᠴᠢᠯᠠᠯ ᠤᠨ ᠲᠥᠷᠥᠯ ᠵᠦᠢᠯ ᠢ ᠳᠤᠷ᠎ᠠ ᠪᠠᠷ ᠢᠶᠠᠨ ᠨᠡᠮᠡᠭᠳᠡᠭᠦᠯᠬᠦ ᠂ ᠵᠢᠭᠤᠯᠴᠢᠯᠠᠯ ᠤᠨ ᠬᠥᠲᠥᠴᠢ ᠶᠢᠨ ᠠᠵᠢᠯᠯᠠᠭ᠎ᠠ ᠪᠠᠨ ᠵᠣᠭᠰᠣᠭᠠᠭᠰᠠᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠵᠣᠭᠤᠰ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠪᠡ ᠃  ᠣᠳᠣᠬᠠᠨ ᠳᠤ ᠂ ᠪᠢᠳᠡ ᠶᠠᠭ ᠢᠲᠡᠭᠡᠯ ᠠᠯᠳᠠᠭᠰᠠᠨ ᠰᠡᠵᠢᠭᠯᠡᠯᠲᠡᠶ 14 ᠬᠡᠷᠡᠭ ᠢ ᠵᠢᠭᠰᠠᠭᠠᠨ ᠪᠠᠶᠢᠴᠠᠭᠠᠵᠤ ᠬᠢᠨᠠᠨ ᠬᠠᠷᠭᠤᠭᠤᠯᠬᠤ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠵᠦ ᠪᠠᠶᠢᠨ᠎ᠠ ᠃ ᠴᠢᠩᠭ᠎ᠠ ᠴᠣᠬᠢᠯᠲᠠ ᠥᠭᠬᠦ ᠶᠢᠨ ᠬᠠᠮᠲᠤ ᠂ ᠮᠠᠨ ᠤ ᠲᠢᠩᠬᠢᠮ 5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠲᠤ ᠪᠥᠬᠦ ᠣᠷᠣᠨ ᠤ ᠵᠢᠭᠤᠯᠴᠢᠯᠠᠯ ᠤᠨ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ ᠢ ᠨᠡᠶᠢᠲᠡᠯᠡᠵᠦ ᠂ ᠦᠨᠡᠨᠴᠢ ᠢᠲᠡᠭᠡᠮᠵᠢᠲᠡᠶ ᠂ ᠬᠠᠤᠯᠢ ᠶᠣᠰᠣᠭᠠᠷ ᠡᠵᠡᠩᠨᠡᠭᠰᠡᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠣᠷᠴᠢᠨ ᠨᠥᠬᠦᠴᠡᠯ ᠢ ᠲᠠᠰᠤᠷᠠᠯᠲᠠ ᠥᠬᠡᠶ ᠪᠣᠶ ᠪᠣᠯᠭᠠᠨ᠎ᠠ ᠃  ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠮᠥᠨ ᠂ ᠤᠷᠲᠤ ᠬᠤᠭᠤᠴᠠᠭ᠎ᠠ ᠪᠠᠷ ᠴᠢᠷᠮᠠᠶᠢᠵᠤ ᠂ ᠦᠷᠭᠦᠯᠵᠢᠯᠡᠨ ᠬᠦᠴᠦᠯᠡᠵᠦ ᠂ ᠲᠠᠷᠠᠭᠠᠴᠢ ᠶᠢᠨ ᠠᠯᠬᠤᠮ ᠳᠤ ᠂ ᠪᠥᠬᠦ ᠣᠷᠣᠨ ᠤ ᠰᠣᠶᠣᠯ ᠵᠢᠭᠤᠯᠴᠢᠯᠠᠯ ᠤᠨ ᠰᠢᠰᠲ᠋ᠧᠮ ᠤᠨ ᠬᠢᠨ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠂ ᠨᠡᠶᠢᠯᠡᠮᠡᠯ ᠬᠦᠴᠦᠨ ᠢ ᠪᠦᠷᠢᠯᠳᠦᠭᠦᠯᠵᠦ ᠂ ᠬᠤᠳᠠᠯ ᠬᠠᠭᠤᠷᠮᠠᠭ ᠤᠬᠠᠭᠤᠯᠭ᠎ᠠ ᠂ ᠵᠢᠭᠤᠯᠴᠢᠯᠠᠯ ᠤᠨ ᠬᠥᠲᠥᠴᠢ ᠲᠣᠭᠲᠠᠭᠠᠯ ᠳᠤ ᠨᠡᠶᠢᠴᠡᠬᠦ ᠥᠬᠡᠶ ᠪᠠᠷ ᠠᠵᠢᠯᠯᠠᠬᠤ ᠂ ᠪᠠᠷᠠᠭ᠎ᠠ ᠬᠤᠳᠠᠯᠳᠤᠨ ᠠᠪᠬᠤ ᠬᠡᠷᠡᠭᠯᠡᠭᠡ ᠶᠢ ᠬᠥᠲᠥᠯᠦᠨ ᠳᠠᠭᠠᠭᠤᠯᠬᠤ ᠂ ᠬᠡᠷᠡᠭᠯᠡᠭᠴᠢᠳ ᠢ ᠮᠡᠬᠡᠯᠡᠬᠦ ᠵᠡᠷᠭᠡ ᠵᠠᠬ᠎ᠠ ᠳᠡᠯᠭᠡᠭᠦᠷ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ ᠂ ᠥᠴᠦᠬᠡᠨ ᠴᠦ ᠠᠭᠤᠴᠢᠯᠠᠬᠤ ᠥᠬᠡᠶ ᠂ ᠪᠦᠬᠦᠨ ᠢ ᠬᠠᠮᠤᠷᠬᠤ ᠶᠢ ᠪᠠᠷᠢᠮᠲᠠᠯᠠᠨ ᠂ ᠬᠠᠤᠯᠢ ᠶᠣᠰᠣᠭᠠᠷ ᠡᠷᠡᠰ ᠵᠠᠯᠬᠠᠭᠠᠨ ᠴᠡᠭᠡᠷᠯᠡᠭᠦᠯᠵᠦ ᠂ ᠴᠢᠩᠭ᠎ᠠ ᠴᠣᠬᠢᠯᠲᠠ ᠥᠭᠴᠦ ᠂ ᠵᠢᠭᠤᠯᠴᠢᠯᠠᠯ ᠤᠨ ᠬᠦᠷᠢᠶᠡᠨ ᠳᠠᠬᠢ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠨᠢᠭᠤᠨ ᠳᠠᠯᠳᠠᠯᠠᠬᠤ ᠭᠠᠵᠠᠷ ᠥᠬᠡᠶ ᠪᠣᠯᠭᠠᠨ᠎ᠠ ᠃ ᠪᠢᠳᠡ ᠦᠨᠡᠨᠴᠢ ᠢᠲᠡᠭᠡᠯ ᠪᠣᠯᠣᠨ ᠬᠠᠯᠠᠭᠤᠨ ᠰᠡᠳᠬᠢᠯ ᠢᠶᠠᠷ ᠢᠶᠠᠨ ᠪᠦᠬᠦ ᠤᠯᠤᠰ ᠤᠨ ᠵᠢᠭᠤᠯᠴᠢᠯᠠᠭᠴᠢᠳ ᠢ ᠪᠠᠶᠠᠷᠯᠠᠨ ᠤᠭᠲᠤᠵᠤ ᠪᠠᠶᠢᠨ᠎ᠠ ᠃  ᠪᠠᠶᠠᠷᠯᠠᠯ᠎ᠠ︕  ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠷᠪᠤᠯᠵᠢᠯᠠᠭᠴᠢ᠄ ᠤᠯᠤᠰ ᠤᠨ ᠵᠢᠷᠭᠤᠭᠠᠨ ᠶᠠᠮᠤᠨ ᠵᠥᠪᠯᠡᠯ ᠬᠠᠮᠲᠤᠷᠠᠨ ︽2024 ᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ ᠂ ᠡᠨᠡ ᠵᠢᠯ ᠪᠣᠯ ᠪᠠᠰᠠ ᠴᠤ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ ᠮᠥᠨ ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠲᠠᠯ᠎ᠠ ᠪᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠬᠤᠣ ᠮᠧᠩ᠄ ᠲᠠᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠤ ᠠᠩᠬᠠᠷᠤᠯ ᠲᠠᠯᠪᠢᠭᠰᠠᠨ ᠳᠤ ᠴᠢᠨᠢ ᠲᠠᠯᠠᠷᠬᠠᠵᠤ ᠪᠠᠶᠢᠨ᠎ᠠ ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠣᠯᠠᠨ ᠤ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠠᠬᠤ ᠵᠣᠭᠤᠰ︾ ᠮᠥᠨ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠵᠣᠬᠢᠶᠠᠨ ᠪᠠᠶᠢᠭᠤᠯᠤᠭᠳᠠᠭᠰᠠᠨ ᠠᠴᠠ ᠨᠠᠭᠠᠰᠢ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠪᠠ ᠃ ᠡᠨᠡ ᠵᠢᠯ ᠪᠣᠯ ᠶᠠᠭ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠬᠦ ᠣᠨ ᠪᠣᠯᠤᠨ᠎ᠠ ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠲᠠᠢ ᠤᠶᠠᠯᠳᠤᠭᠤᠯᠤᠨ ᠂ ᠪᠢᠳᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ       ᠲᠥᠰᠦᠯ︾ ᠢ ᠳᠠᠷᠤᠮᠠᠯᠯᠠᠨ ᠲᠠᠷᠬᠠᠭᠠᠵᠤ ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠨ ᠂ ᠦᠨᠡᠨᠴᠢ ᠢᠲᠡᠭᠡᠮᠵᠢᠲᠡᠶ ᠪᠠᠶᠢᠬᠤ ᠶᠢ ᠮᠠᠭᠲᠠᠨ ᠰᠠᠶᠢᠰᠢᠶᠠᠬᠤ ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠪᠠᠷ ᠠᠷᠭ᠎ᠠ ᠪᠠᠷᠢᠯ ᠪᠣᠯᠭᠠᠵᠤ ᠂ ᠳᠠᠭᠠᠳᠬᠠᠯ ᠢ ᠮᠡᠬᠡᠯᠡᠨ ᠠᠪᠤᠭᠰᠠᠨ ᠢᠲᠡᠭᠡᠮᠵᠢ ᠠᠯᠳᠠᠭᠰᠠᠨ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠪᠠ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ ᠂ ᠦᠨᠡᠨᠴᠢ ᠢᠲᠡᠭᠡᠮᠵᠢᠲᠡᠶ ᠨᠡᠶᠢᠭᠡᠮ ᠤᠨ ᠢᠲᠡᠭᠡᠮᠵᠢ ᠶᠢᠨ ᠠᠭᠤᠷ ᠠᠮᠢᠰᠬᠤᠯ ᠢ ᠪᠣᠶ ᠪᠣᠯᠭᠠᠨ᠎ᠠ ᠃  ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠭᠡᠳᠡᠭ ᠨᠢ ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠡᠮᠴᠢᠯᠡᠭᠡᠨ ᠤ ᠦᠢᠯᠡᠴᠢᠯᠡᠭᠡ ᠶᠢ ᠬᠤᠳᠠᠯ ᠢᠶᠠᠷ ᠵᠣᠬᠢᠶᠠᠬᠤ ᠂ ᠡᠮᠴᠢᠯᠡᠭᠡᠨ ᠤ ᠪᠢᠴᠢᠭ ᠬᠠᠷ᠎ᠠ ᠶᠢ ᠬᠠᠭᠤᠷᠮᠠᠭᠯᠠᠨ ᠵᠣᠬᠢᠶᠠᠬᠤ ᠂ ᠡᠮ ᠤᠨ ᠵᠦᠢᠯ ᠂ ᠬᠤᠷᠣᠭᠳᠠᠯ ᠮᠠᠲ᠋ᠧᠷᠢᠶᠠᠯ ᠂ ᠣᠨᠣᠰᠢᠯᠠᠨ ᠡᠮᠨᠡᠬᠦ ᠲᠥᠷᠥᠯ ᠵᠦᠢᠯ ᠢ ᠰᠣᠯᠢᠵᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠂ ᠡᠰᠡᠬᠦᠯ᠎ᠡ ᠳᠠᠭᠠᠳᠬᠠᠯ ᠳᠤ ᠣᠷᠣᠯᠴᠠᠭᠴᠢ ᠡᠮᠴᠢᠯᠡᠭᠡᠨ ᠤ ᠦᠢᠯᠡᠴᠢᠯᠡᠭᠡ ᠶᠢᠨ ᠬᠤᠳᠠᠯ ᠬᠠᠭᠤᠷᠮᠠᠭ ᠫᠢᠶᠣᠤ ᠪᠠᠷᠢᠮᠲᠠ ᠶᠢ ᠬᠠᠭᠤᠷᠮᠠᠭᠯᠠᠨ ᠵᠣᠬᠢᠶᠠᠵᠤ ᠂ ᠪᠤᠰᠤᠳ ᠤᠨ ᠡᠮᠴᠢᠯᠡᠭᠡᠨ ᠤ ᠪᠠᠲᠤᠯᠠᠭ᠎ᠠ ᠶᠢᠨ ᠭᠡᠷᠡᠴᠢ ᠪᠠᠷᠢᠮᠲᠠ ᠶᠢ ᠠᠪᠴᠤ ᠬᠠᠭᠤᠷᠮᠠᠭ ᠢᠶᠠᠷ ᠡᠮᠨᠡᠭᠦᠯᠵᠦ ᠂ ᠡᠮ ᠤᠨ ᠵᠦᠢᠯ ᠢ ᠰᠠᠷᠢᠭᠠᠯᠠᠨ ᠬᠠᠤᠯᠢ ᠪᠤᠰᠤ ᠪᠠᠷ ᠠᠰᠢᠭ ᠣᠯᠬᠤ ᠶᠢ ᠵᠢᠭᠠᠵᠤ ᠪᠠᠶᠢᠨ᠎ᠠ ᠃ ᠳᠠᠭᠠᠳᠬᠠᠯ ᠢ ᠮᠡᠬᠡᠯᠡᠨ ᠠᠪᠤᠭᠰᠠᠨ ᠠᠵᠢᠯᠯᠠᠭ᠎ᠠ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠤᠬᠢᠷᠠᠭᠤᠯᠤᠭᠰᠠᠨ ᠢᠶᠠᠷ ᠪᠠᠷᠠᠬᠤ ᠥᠬᠡᠶ ᠂ ᠪᠠᠰᠠ ᠥᠷᠭᠡᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠦᠨᠳᠦ ᠨᠣᠴᠢᠲᠠᠶ ᠬᠤᠬᠢᠷᠠᠭᠤᠯᠤᠭᠰᠠᠨ ᠪᠠᠶᠢᠨ᠎ᠠ ᠃ ᠣᠶᠢᠷ᠎ᠠ ᠶᠢᠨ ᠵᠢᠯ ᠤᠨ ᠲᠤᠷᠰᠢ ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠷᠢᠳ ᠬᠤᠵᠢᠳ ᠳᠠᠭᠠᠳᠬᠠᠯ ᠤᠨ ᠮᠡᠬᠡᠯᠡᠯ ᠤᠨ ᠬᠡᠷᠡᠭ ᠢ ᠣᠯᠠᠨ ᠤᠳᠠᠭ᠎ᠠ ᠪᠠᠶᠢᠴᠠᠭᠠᠨ ᠰᠢᠢᠳᠪᠦᠷᠢᠯᠡᠪᠡ ᠂ ᠡᠭᠦᠨ ᠳᠤ ᠪᠠᠶᠢᠳᠠᠯ ᠨᠢ ᠨᠡᠯᠢᠶᠡᠳ ᠮᠠᠭᠤ ᠪᠣᠯᠬᠤ ᠲᠦᠩᠯᠢᠶᠣᠤ ᠬᠤᠲᠠ ᠶᠢᠨ ᠵᠢᠶᠠᠨ ᠱᠧᠩ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠳᠠᠭᠠᠳᠬᠠᠯ ᠢ ᠮᠡᠬᠡᠯᠡᠭᠰᠡᠨ ᠬᠡᠷᠡᠭ ᠪᠣᠯᠣᠨ᠎ᠠ ᠂ ᠲᠣᠰ ᠡᠮᠨᠡᠯᠭᠡ ᠶᠢᠨ ᠬᠤᠷᠢᠶ᠎ᠠ ᠡᠪᠡᠳᠴᠢᠲᠡᠨ ᠳᠤ ᠴᠢᠰᠤ ᠨᠡᠪᠴᠢᠬᠦ ᠢᠯᠭᠠᠷᠠᠬᠤ ᠡᠮᠴᠢᠯᠡᠭᠡ ᠬᠢᠬᠦ ᠦᠶᠡᠰ ᠣᠨᠣᠰᠢᠯᠠᠨ ᠡᠮᠨᠡᠬᠦ ᠦᠢᠯᠡᠴᠢᠯᠡᠭᠡᠨ ᠤ ᠤᠳᠠᠭ᠎ᠠ ᠶᠢ ᠢᠯᠡᠭᠦᠦ ᠲᠡᠮᠳᠡᠭᠯᠡᠵᠦ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠴᠤ ᠂ ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠬᠡᠯᠡᠯᠴᠡᠭᠡᠷ ᠢ ᠬᠦᠴᠦᠨ ᠥᠬᠡᠶ ᠪᠣᠯᠭᠠᠭᠰᠠᠨ ᠪᠥᠭᠡᠳ ᠲᠦᠩᠯᠢᠶᠣᠤ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠤᠶᠠᠳᠤᠭᠠᠷ ᠰᠢᠭᠦᠯᠲᠡ ᠪᠠᠷ ᠳᠠᠮᠵᠢᠨ ᠵᠠᠭᠠᠯᠳᠤᠭᠳᠠᠭᠴᠢ ᠶᠢ ᠮᠡᠬᠡᠯᠡᠭᠰᠡᠨ ᠶᠠᠯ᠎ᠠ ᠪᠠᠷ ᠰᠢᠭᠦᠨ ᠲᠠᠰᠤᠯᠵᠤ ᠂ ᠨᠠᠢᠮᠠᠨ ᠵᠢᠯ ᠬᠤᠭᠤᠴᠠᠭ᠎ᠠ ᠲᠠᠢ ᠬᠤᠷᠢᠬᠤ ᠪᠠᠷ ᠰᠢᠭᠦᠨ ᠲᠠᠰᠤᠯᠬᠤ ᠶᠢᠨ ᠬᠠᠮᠲᠤ ᠠᠷᠪᠠᠨ ᠲᠦᠮᠡᠨ ᠲᠥᠭᠦᠷᠢᠭ ᠵᠣᠭᠤᠰ ᠢᠶᠠᠷ ᠲᠣᠷᠭᠠᠵᠤ ᠂ ᠵᠠᠭᠠᠯᠳᠤᠭᠳᠠᠭᠴᠢ ᠶᠢ ᠵᠠᠷᠯᠢᠭᠳᠠᠵᠤ ᠪᠠᠶᠢᠭᠠᠳ ᠲᠦᠩᠯᠢᠶᠣᠤ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠠᠷᠠᠳ ᠤᠨ ᠵᠣᠭᠤᠰ ᠢ 296.94 ᠲᠦᠮᠡᠨ ᠲᠥᠭᠦᠷᠢᠭ ᠪᠤᠴᠠᠭᠠᠯᠭᠠᠪᠠ ᠃ ᠬᠥᠬᠡᠬᠤᠲᠠ ᠶᠢᠨ ᠡᠪᠰᠡᠯ ᠪᠦᠯᠦᠭ ᠤᠨ ᠬᠢᠨ ᠡᠮᠴᠢᠯᠡᠭᠡᠨ ᠤ ᠳᠠᠭᠠᠳᠬᠠᠯ ᠤᠨ ᠺᠠᠷᠲ ᠢ ᠬᠤᠳᠠᠯᠳᠤᠨ ᠠᠪᠴᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠤᠭᠰᠠᠨ ᠬᠡᠷᠡᠭ ᠲᠤ ᠂ ᠵᠠᠭᠠᠯᠳᠤᠭᠳᠠᠭᠴᠢ ᠰᠦᠯᠵᠢᠶᠡᠨ ᠳᠡᠭᠡᠷ᠎ᠡ ᠡᠮᠴᠢᠯᠡᠭᠡᠨ ᠤ ᠳᠠᠭᠠᠳᠬᠠᠯ ᠤᠨ ᠺᠠᠷᠲ ᠤᠨ ᠪᠡᠯᠡᠨ ᠵᠣᠭᠤᠰ ᠶᠢ ᠭᠠᠷᠭᠠᠵᠤ ᠠᠪᠬᠤ ᠮᠡᠳᠡᠭᠡ ᠵᠠᠩᠭᠢ ᠶᠢ ᠨᠡᠶᠢᠲᠡᠯᠡᠵᠦ ᠂ ᠬᠤᠳᠠᠯᠳᠤᠨ ᠠᠪᠴᠤ ᠢᠷᠡᠭᠰᠡᠨ ᠡᠮᠴᠢᠯᠡᠭᠡᠨ ᠤ ᠳᠠᠭᠠᠳᠬᠠᠯ ᠤᠨ ᠺᠠᠷᠲ ᠢ ᠠᠰᠢᠭᠯᠠᠨ ᠺᠠᠷᠲ ᠡᠵᠡᠮᠰᠢᠭᠴᠢ ᠳᠤ ᠪᠡᠯᠡᠨ ᠮᠥᠩᠭᠦ ᠶᠢ ᠮᠡᠬᠡᠯᠡᠨ ᠠᠪᠴᠤ ᠥᠭᠬᠦ ᠶᠢᠨ ᠬᠠᠮᠲᠤ ᠺᠠᠷᠲ ᠭᠠᠷᠳᠠᠭᠴᠢ ᠪᠠᠶᠢᠳᠠᠯ ᠢ ᠮᠡᠳᠡᠬᠦ ᠦᠭᠡᠢ ᠪᠠᠶᠢᠳᠠᠯ ᠳᠣᠣᠷ᠎ᠠ ᠂ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠪᠠ ᠡᠮ ᠤᠨ ᠳᠡᠯᠭᠡᠭᠦᠷ ᠲᠤ ᠡᠮᠴᠢᠯᠡᠭᠡᠨ ᠤ ᠪᠠᠲᠤᠯᠠᠭ᠎ᠠ ᠶᠢᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠶᠢ ᠮᠡᠬᠡᠯᠡᠨ ᠠᠪᠤᠭᠰᠠᠨ ᠪᠠᠶᠢᠨ᠎ᠠ ᠃ ᠰᠢᠭᠦᠨ ᠲᠠᠰᠤᠯᠤᠭᠰᠠᠨ ᠢᠶᠠᠷ ᠂ 4 ᠵᠠᠭᠠᠯᠳᠤᠭᠳᠠᠭᠴᠢ ᠮᠡᠬᠡᠯᠡᠭᠰᠡᠨ ᠶᠠᠯ᠎ᠠ ᠬᠢᠵᠦ ᠂ ᠮᠡᠬᠡᠯᠡᠭᠰᠡᠨ ᠵᠣᠭᠤᠰ ᠤᠨ ᠲᠤᠭ᠎ᠠ ᠨᠢ 41.97 ᠲᠦᠮᠡᠨ ᠲᠥᠭᠦᠷᠢᠭ ᠬᠦᠷᠴᠦ ᠂ 6 ᠵᠢᠯ 3 ᠰᠠᠷ᠎ᠠ — 8 ᠰᠠᠷ᠎ᠠ ᠠᠳᠠᠯᠢ ᠪᠤᠰᠤ ᠬᠤᠭᠤᠴᠠᠭ᠎ᠠ ᠪᠠᠷ ᠬᠤᠷᠢᠬᠤ ᠪᠠᠷ ᠰᠢᠢᠳᠬᠡᠭᠳᠡᠪᠡ ᠃ ᠭᠧᠨ ᠤ ᠪᠠᠶᠢᠴᠠᠭᠠᠯᠲᠠ ᠶᠢ ᠥᠭᠡᠷᠡᠴᠢᠯᠡᠭᠰᠡᠨ ᠮᠡᠬᠡᠯᠡᠯ ᠤᠨ ᠨᠢᠭᠡᠨ ᠬᠡᠷᠡᠭ ᠲᠤ ᠂  ᠣᠱᠳ᠋ᠨᠢ ᠪᠣᠯ ᠠᠭᠤᠰᠬᠢᠨ ᠥᠮᠡᠨ ᠢ ᠵᠠᠰᠠᠬᠤ ᠬᠠᠨᠳᠤᠯᠭᠠᠲᠤ ᠡᠮ ᠪᠠᠶᠢᠵᠤ ᠂ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠣᠷᠣᠭᠤᠯᠤᠭᠰᠠᠨ ᠪᠠᠶᠢᠨ᠎ᠠ ᠃ ᠭᠡᠪᠡᠴᠦ ᠡᠮ ᠨᠡᠭᠡᠭᠡᠬᠦ ᠶᠢᠨ ᠤᠷᠢᠲᠠᠯ ᠪᠣᠯ ᠡᠪᠡᠳᠴᠢᠲᠡᠨ ᠭᠧᠨ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠬᠠᠩᠭᠠᠵᠤ ᠂ ᠣᠨᠴᠠ ᠲᠣᠭᠲᠠᠭᠰᠠᠨ ᠭᠧᠨ ᠤ ᠪᠠᠶᠢᠷᠢ ᠶᠢᠨ ᠭᠡᠨᠡᠳᠲᠡ ᠶᠢᠨ ᠬᠤᠪᠢᠷᠠᠯᠲᠠ ᠣᠷᠣᠰᠢᠵᠤ ᠪᠠᠶᠢᠬᠤ ᠶᠢ ᠭᠡᠷᠡᠴᠢᠯᠡᠪᠡᠯ ᠰᠠᠶ᠋ᠢ ᠡᠮᠴᠢᠯᠡᠭᠡᠨ ᠤ ᠳᠠᠭᠠᠳᠬᠠᠯ ᠢᠶᠠᠷ ᠳᠠᠩᠰᠠ ᠴᠠᠶᠢᠷᠠᠭᠤᠯᠵᠤ ᠪᠣᠯᠤᠨ᠎ᠠ ᠃ ᠡᠨᠡ ᠬᠦ ᠬᠠᠨᠳᠤᠯᠭᠠᠲᠤ ᠡᠮ ᠢ ᠪᠣᠷᠣᠯᠠᠭᠤᠯᠬᠤ ᠶᠢᠨ ᠲᠥᠯᠥᠭᠡ ᠂ ᠨᠢᠭᠡᠨ ᠡᠮ ᠦᠢᠯᠡᠳᠬᠦ ᠺᠣᠮᠫᠠᠨᠢ ᠶᠢᠨ ᠠᠨᠠᠭᠠᠬᠤ ᠤᠬᠠᠭᠠᠨ ᠤ ᠲᠥᠯᠥᠭᠡᠯᠡᠭᠴᠢ ᠾᠧᠦ ᠣᠪᠣᠭᠲᠤ ᠠᠭᠤᠰᠬᠢᠨ ᠥᠮᠡᠨ ᠡᠪᠡᠳᠴᠢᠲᠡᠨ ᠪᠠᠶᠢᠳᠠᠯ ᠢ ᠮᠡᠳᠡᠬᠦ ᠥᠬᠡᠶ ᠪᠠᠶᠢᠳᠠᠯ ᠳᠣᠤᠷ᠎ᠠ ᠂ ᠵᠥᠭᠡᠯᠡᠨ ᠲᠣᠨᠤᠭ ᠢᠶᠠᠷ ᠵᠢᠷᠤᠭ ᠵᠠᠰᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠡᠪᠡᠳᠴᠢᠲᠡᠨ ᠤ ᠭᠧᠨ ᠤ ᠭᠡᠨᠡᠳᠲᠡ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠬᠠᠭᠤᠷᠮᠠᠭᠯᠠᠨ ᠵᠣᠬᠢᠶᠠᠵᠤ ᠂ ᠡᠪᠡᠳᠴᠢᠲᠡᠨ ᠢ ᠡᠮᠴᠢᠯᠡᠭᠡᠨ ᠤ ᠳᠠᠭᠠᠳᠬᠠᠯ ᠢᠶᠠᠷ ᠳᠠᠮᠵᠢᠭᠤᠯᠤᠨ ᠲᠠᠩᠰᠠ ᠴᠠᠶᠢᠷᠠᠭᠤᠯᠵᠤ ᠡᠮ ᠠᠪᠤᠭᠤᠯᠵᠤ ᠂ 4 ᠲᠦᠮᠡ ᠭᠠᠷᠤᠶ ᠲᠥᠭᠦᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠴᠠᠢ ᠃ ᠪᠤᠭᠤᠲᠤ ᠬᠤᠲᠠ ᠶᠢᠨ ᠴᠢᠩ ᠱᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠰᠢᠭᠦᠨ ᠲᠠᠰᠤᠯᠬᠤ ᠪᠠᠷ ᠳᠠᠮᠵᠢᠭᠠᠳ ᠂ ᠾᠧᠦ ᠣᠪᠣᠭᠲᠤ ᠶᠢᠨ ᠦᠢᠯᠡ ᠠᠵᠢᠯᠯᠠᠭ᠎ᠠ ᠨᠢ ᠨᠢᠭᠡᠨᠲᠡ ᠮᠡᠬᠡᠯᠡᠭᠰᠡᠨ ᠶᠠᠯ᠎ᠠ ᠪᠣᠯᠵᠤ ᠂ ᠲᠡᠭᠦᠨ ᠢ ᠠᠷᠪᠠᠨ ᠰᠠᠷ᠎ᠠ ᠬᠤᠭᠤᠴᠠᠭ᠎ᠠ ᠲᠠᠢ ᠬᠤᠷᠢᠬᠤ ᠪᠠᠷ ᠰᠢᠢᠳᠬᠡᠭᠡᠳ 5000 ᠲᠥᠭᠦᠷᠢᠭ ᠢᠶᠠᠷ ᠲᠣᠷᠭᠠᠪᠠ ᠃ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠨᠢᠭᠡᠨᠲᠡ ᠪᠤᠴᠠᠭᠠᠪᠠ ᠃ ᠡᠲᠡᠭᠡᠷ ᠬᠡᠷᠡᠭ ᠤᠨ ᠵᠢᠱᠢᠶ᠎ᠡ ᠨᠢ ᠣᠳᠣᠬᠢ ᠱᠠᠲᠤᠨ ᠤ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠢ ᠮᠡᠬᠡᠯᠡᠬᠦ ᠶᠠᠯᠠᠲᠤ ᠠᠵᠢᠯᠯᠠᠭ᠎ᠠ ᠶᠢᠨ ᠠᠷᠭ᠎ᠠ ᠪᠠᠷᠢᠯ ᠤᠨ ᠣᠯᠠᠨ ᠶᠠᠩᠵᠤᠴᠢᠯᠠᠭᠰᠠᠨ ᠪᠠᠶᠢᠳᠠᠯ ᠢ ᠲᠤᠰᠬᠠᠵᠤ ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠢ ᠮᠡᠬᠡᠯᠡᠬᠦ ᠳᠤ ᠬᠠᠨᠳᠤᠬᠤ ᠣᠪᠣᠷ ᠵᠣᠭᠰᠣᠯᠲᠠ ᠪᠠ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠵᠣᠷᠢᠭ ᠢ ᠢᠯᠡᠷᠡᠭᠦᠯᠪᠡ ᠃  ᠡᠨᠡ ᠵᠢᠯ ᠤᠨ 3 ᠳ᠋ᠤᠭᠠᠷ ᠰᠠᠷ᠎ᠠ ᠳᠤ ᠂ ︽ᠬᠤᠶᠠᠷ ᠳᠡᠭᠡᠳᠦ ᠨᠢᠭᠡ ᠶᠠᠮᠤᠨ︾ ︽ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠢ ᠮᠡᠬᠡᠯᠡᠭᠰᠡᠨ ᠡᠷᠡᠭᠦᠦ ᠶᠢᠨ ᠬᠡᠷᠡᠭ ᠢ ᠰᠢᠢᠳᠪᠦᠷᠢᠯᠡᠬᠦ ᠠᠰᠠᠭᠤᠳᠠᠯ ᠤᠳ ᠤᠨ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ ᠂ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠢ ᠮᠡᠬᠡᠯᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠬᠦ ᠳᠤ ᠲᠣᠳᠣᠷᠬᠠᠶ ᠬᠠᠤᠯᠢ ᠴᠠᠭᠠᠵᠠ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠬᠠᠩᠭᠠᠪᠠ ᠃ ᠡᠨᠡ ᠵᠢᠯ ᠤᠨ ᠲᠤᠰᠬᠠᠶ ᠴᠡᠭᠴᠡᠯᠡᠨ ᠵᠠᠰᠠᠬᠤ ᠠᠵᠢᠯ ᠤᠨ ᠳᠤᠮᠳᠠ ᠂ ᠪᠢᠳᠡ ᠬᠤᠶᠠᠷ ᠳᠡᠭᠡᠳᠦ ᠨᠢᠭᠡ ᠶᠠᠮᠤᠨ ᠤ ᠨᠡᠶᠢᠲᠡᠯᠡᠭᠰᠡᠨ ︽ᠵᠢᠯᠣᠭᠤᠳᠬᠤ ᠰᠠᠨᠠᠯ︾ ᠢ ᠰᠠᠶᠢᠲᠤᠷ ᠬᠡᠷᠡᠭᠯᠡᠵᠦ ᠂ ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠬᠦ ᠳᠤ ᠴᠣᠬᠢᠯᠲᠠ ᠥᠭᠬᠦ ᠲᠠᠢ ᠤᠶᠠᠯᠳᠤᠭᠤᠯᠵᠤ ᠂ ᠳᠠᠭᠠᠳᠬᠠᠯ ᠢ ᠬᠢᠬᠠᠨ ᠮᠡᠬᠡᠯᠡᠭᠰᠡᠨ ᠦᠢᠯᠡ ᠪᠠᠶᠢᠳᠠᠯ ᠨᠢ ᠬᠦᠨᠳᠦ ᠨᠣᠴᠢᠲᠠᠶ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠪᠠ ᠬᠤᠪᠢ ᠬᠥᠮᠦᠨ ᠢ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠲᠤ ᠣᠷᠣᠭᠤᠯᠵᠤ ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ ᠃ ᠳᠠᠭᠠᠳᠬᠠᠯ ᠢ ᠬᠢᠬᠠᠨ ᠮᠡᠬᠡᠯᠡᠬᠦ ᠬᠦᠷᠢᠶᠡᠨ ᠳᠠᠬᠢ ᠢᠲᠡᠭᠡᠯ ᠢᠶᠠᠨ ᠠᠯᠳᠠᠭᠰᠠᠨ ᠠᠰᠠᠭᠤᠳᠠᠯ ᠳᠤ ᠴᠢᠭᠯᠡᠭᠦᠯᠦᠨ ᠂ ᠪᠢᠳᠡ ᠴᠠᠭ ᠲᠤᠬᠠᠶ ᠳᠤᠨᠢ ᠢᠯᠡᠴᠢᠯᠡᠵᠦ ᠂ ᠣᠯᠠᠨ ᠳᠤ ᠳᠠᠭᠠᠳᠬᠠᠯ ᠢ ᠮᠡᠬᠡᠯᠡᠬᠦ ᠪᠣᠯ ᠠᠰᠢᠭ ᠦᠭᠡᠶ ᠡᠳ᠋ ᠬᠥᠷᠥᠩᠭᠡ ᠳᠤ ᠳᠤᠷᠠᠯᠠᠵᠤ ᠠᠵᠠ ᠵᠠᠪᠰᠢᠬᠤ ᠪᠣᠳᠣᠯ ᠮᠥᠨ ᠭᠡᠳᠡᠭ ᠢ ᠣᠶᠢᠯᠠᠭᠠᠭᠤᠯᠵᠤ ᠂ ᠮᠥᠨ ᠴᠤ ᠣᠯᠠᠨ ᠲᠦᠮᠡᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠥᠴᠥᠬᠡᠨ ᠴᠤ ᠠᠭᠤᠴᠢᠯᠠᠬᠤ ᠦᠭᠡᠢ ᠣᠪᠣᠷ ᠢᠶᠠᠷ ᠳᠠᠭᠠᠳᠬᠠᠯ ᠢ ᠮᠡᠬᠡᠯᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠴᠢᠩᠭ᠎ᠠ ᠳᠣᠬᠢᠶ᠎ᠠ ᠶᠢ ᠳᠠᠮᠵᠢᠭᠤᠯᠵᠤ ᠪᠠᠶᠢᠨ᠎ᠠ ᠃  ᠲᠠᠷᠠᠭᠠᠴᠢ ᠶᠢᠨ ᠠᠯᠬᠤᠮ ᠳᠤ ᠂ ᠪᠢᠳᠡ ᠡᠮᠴᠢᠯᠡᠭᠡᠨ ᠤ ᠳᠠᠭᠠᠳᠬᠠᠯ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ ᠂ ᠳᠠᠭᠠᠳᠬᠠᠯ ᠢ ᠮᠡᠬᠡᠯᠡᠨ ᠠᠪᠤᠭᠰᠠᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠢᠩᠭ᠎ᠠ ᠰᠢᠢᠳᠬᠡᠵᠦ ᠂ ᠬᠤᠯᠪᠣᠭᠳᠠᠯ ᠪᠦᠬᠦᠢ ᠢᠲᠡᠭᠡᠯ ᠠᠯᠳᠠᠭᠰᠠᠳ ᠢ ᠪᠢᠳᠡ ᠬᠠᠷ᠎ᠠ ᠲᠠᠩᠰᠠ ᠳᠤ ᠣᠷᠣᠭᠤᠯᠵᠤ ᠂ ᠢᠲᠡᠭᠡᠯ ᠠᠯᠳᠠᠭᠰᠠᠳ ᠢ ᠭᠠᠵᠠᠷ ᠪᠣᠯᠭᠠᠨ ᠳᠤ ᠬᠢᠵᠠᠭᠠᠷᠯᠠᠭᠤᠯᠤᠨ᠎ᠠ ᠃ ᠳᠠᠭᠠᠳᠬᠠᠯ ᠢ ᠮᠡᠬᠡᠯᠡᠭᠰᠡᠨ ᠨᠡᠶᠢᠲᠡᠯᠢᠭ ᠬᠡᠷᠡᠭ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠠᠭᠠᠳᠬᠠᠯ ᠢ ᠮᠡᠬᠡᠯᠡᠨ ᠠᠪᠤᠭᠰᠠᠨ ᠡᠯ᠎ᠡ ᠲᠥᠷᠥᠯ ᠤᠨ ᠠᠵᠢᠯᠯᠠᠭ᠎ᠠ ᠶᠢ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠦᠨ ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠵᠦ ᠵᠠᠭᠠᠯᠳᠤᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ ᠂ ᠨᠡᠶᠢᠭᠡᠮ ᠤᠨ ᠬᠢᠨᠠᠯᠲᠠ ᠶᠢ ᠬᠦᠯᠢᠶᠡᠨ ᠂ ᠥᠷᠭᠡᠨ ᠣᠯᠠᠨ ᠲᠦᠮᠡᠨ ᠬᠡᠷᠪᠡ ᠳᠠᠭᠠᠳᠬᠠᠯ ᠢ ᠮᠡᠬᠡᠯᠡᠭᠰᠡᠨ ᠬᠤᠯᠪᠣᠭᠳᠠᠯ ᠪᠥᠬᠦᠶ ᠰᠦᠪᠡᠭᠴᠢ ᠲᠠᠢ ᠪᠠᠶᠢᠪᠠᠯ ᠂ ᠵᠠᠭᠠᠯᠳᠤᠵᠤ ᠢᠯᠡᠴᠢᠯᠡᠨ ᠮᠡᠳᠡᠭᠦᠯᠵᠦ ᠪᠣᠯᠤᠨ᠎ᠠ ᠃  ᠪᠠᠶᠠᠷᠯᠠᠯ᠎ᠠ ᠃  ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠬᠢᠭᠡᠳ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠭᠤᠯᠤᠯᠲᠠ ᠨᠢᠭᠲᠠ ᠬᠤᠯᠪᠣᠭ᠎ᠠ ᠲᠠᠢ ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠭᠰᠡᠨ ᠠᠴᠠ ᠨᠠᠭᠠᠰᠢ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠠᠤᠯᠢ ᠠᠴᠠ ᠵᠥᠷᠢᠴᠡᠨ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠢᠯᠡ ᠪᠣᠯᠭᠠᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ ᠲᠣᠰ ᠤᠳᠠᠭ᠎ᠠ ᠶᠠᠮᠠᠷ ᠶᠠᠮᠠᠷ ᠢᠲᠡᠭᠡᠯ ᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ ᠪᠣᠯᠭᠠᠬᠤ ᠪᠣᠶ︖  ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠭᠤᠸᠠᠨ ᠵᠢᠶᠦ᠋ᠨ ᠱᠠᠨ᠄ ᠲᠠᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠠᠵᠢᠯ ᠳᠤ ᠠᠩᠬᠠᠷᠤᠯ ᠲᠠᠯᠪᠢᠭᠰᠠᠨ ᠳᠤ ᠴᠢᠨᠢ ᠲᠠᠯᠠᠷᠬᠠᠵᠤ ᠪᠠᠶᠢᠨ᠎ᠠ ᠃ ᠪᠥᠬᠦ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠥᠨᠳᠥᠷ ᠂ ᠨᠡᠶᠢᠭᠡᠮ ᠤᠨ ᠨᠥᠯᠥᠭᠡ ᠶᠡᠭᠡ ᠂ ᠬᠤᠤᠷ ᠬᠥᠨᠥᠭᠡᠯ ᠤᠨ ᠦᠷ᠎ᠡ ᠳ᠋ᠦᠩ ᠬᠦᠨᠳᠦ ᠨᠣᠴᠢᠲᠠᠶ ᠪᠠᠶᠢᠬᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠂ ᠭᠤᠤᠯᠴᠢ ᠥᠷᠢᠰᠥᠯᠳᠦᠭᠡᠨ ᠢ ᠬᠠᠷᠰᠢᠯᠠᠬᠤ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠵᠠᠬ᠎ᠠ ᠳᠡᠯᠭᠡᠭᠦᠷ ᠤᠨ ᠠᠷᠠᠯᠵᠢᠶᠠᠨ ᠤ ᠠᠮᠤᠷ ᠲᠦᠪᠰᠢᠨ ᠪᠠ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ ᠃ ᠣᠶᠢᠷ᠎ᠠ ᠳᠤ ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠣᠩᠭᠤᠯ︶ ᠳᠡᠭᠡᠷ᠎ᠡ ᠬᠦᠨᠳᠦ ᠨᠣᠴᠢᠲᠠᠶ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠨᠡᠷᠡᠰ ᠢ ᠨᠡᠶᠢᠭᠡᠮ ᠳᠤ ᠢᠯᠡ ᠨᠡᠶᠢᠲᠡᠯᠡᠬᠦ ᠶᠢᠨ ᠬᠠᠮᠲᠤ ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠲᠡᠭᠡᠯ ᠠᠯᠳᠠᠭᠰᠠᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠨᠡᠶᠢᠲᠡᠯᠡᠬᠦ ᠲᠣᠭᠲᠠᠴᠠ ᠶᠢ ᠪᠠᠶᠢᠭᠤᠯᠵᠤ ᠂ ᠲᠣᠪᠴᠢᠶ᠎ᠠ ᠶᠢᠨ ᠫᠤᠷᠲ᠋ᠤᠯ ᠰᠦᠯᠵᠢᠶ᠎ᠡ ᠂ ᠣᠯᠠᠨ ᠨᠡᠶᠢᠲᠡ ᠶᠢᠨ ᠸᠢᠴᠠᠲ ᠲᠠᠪᠴᠠᠩ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠯᠡ ᠨᠡᠶᠢᠲᠡᠯᠡᠬᠦ ᠲᠤᠰᠬᠠᠶ ᠪᠤᠯᠤᠩ ᠭᠠᠷᠭᠠᠵᠤ ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢ ᠲᠥᠪᠯᠡᠷᠡᠭᠦᠯᠦᠨ ᠢᠯᠡ ᠨᠡᠶᠢᠲᠡᠯᠡᠪᠡ ᠃ ᠡᠵᠡᠩᠨᠡᠯᠲᠡ ᠶᠢᠨ ᠭᠤᠤᠯ ᠴᠣᠭᠴᠠ ᠨᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠨ ᠵᠠᠯᠠᠷᠠᠭᠤᠯᠤᠭᠰᠠᠨ ᠤ ᠳᠠᠷᠠᠭ᠎ᠠ ᠂ ᠢᠲᠡᠭᠡᠮᠵᠢ ᠶᠢ ᠰᠡᠷᠭᠦᠭᠡᠬᠦ ᠪᠠᠷ ᠭᠤᠶᠤᠴᠢᠯᠠᠵᠤ ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠠᠴᠠ ᠤᠷᠢᠳᠴᠢᠯᠠᠨ ᠰᠢᠯᠵᠢᠭᠦᠯᠦᠨ ᠭᠠᠷᠭᠠᠵᠤ ᠪᠣᠯᠤᠨ᠎ᠠ ᠃ 5 ᠳ᠋ᠤᠭᠠᠷ ᠰᠠᠷ᠎ᠠ ᠶᠢᠨ 9 ᠤ ᠡᠳᠦᠷ ᠂ ᠨᠢᠭᠡᠳᠦᠭᠡᠷ ᠪᠦᠯᠦᠭ ᠤᠨ 26 ᠡᠷᠦᠬᠡ ᠬᠦᠨᠳᠦ ᠨᠣᠴᠢᠲᠠᠶ ᠬᠠᠤᠯᠢ ᠠᠴᠠ ᠵᠥᠷᠢᠴᠡᠨ ᠢᠲᠡᠭᠡᠯ ᠢᠶᠠᠨ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠨᠡᠷᠡᠰ ᠢ ᠨᠡᠶᠢᠲᠡᠯᠡᠪᠡ ᠃ ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠲᠠᠯ᠎ᠠ ᠪᠠᠷ᠄ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠡᠯᠡᠶ ᠶᠢᠨ ᠢᠳᠡᠭᠡᠨ ᠤ ᠵᠠᠬ᠎ᠠ ᠳᠡᠯᠭᠡᠭᠦᠷ ᠤᠨ ᠴᠥᠭᠡᠨ ᠲᠣᠭᠠᠨ ᠤ ᠬᠠᠤᠯᠢ ᠪᠤᠰᠤ ᠳᠡᠯᠭᠡᠭᠦᠷᠴᠢᠨ ᠵᠢᠩ ᠯᠠᠩ ᠳᠤᠲᠠᠭᠳᠠᠵᠤ ᠂ ᠲᠣᠰᠣ ᠨᠡᠮᠡᠬᠦ ᠥᠷᠲᠡᠭᠡ ᠶᠢᠨ ᠲᠣᠰᠣ ᠨᠡᠮᠡᠬᠦ ᠮᠠᠰᠢᠨ ᠳᠤ ᠬᠡᠮ ᠬᠢᠬᠦ ᠵᠡᠷᠭᠡ ᠬᠡᠮᠵᠢᠯᠲᠡ ᠶᠢᠨ ᠢᠲᠡᠭᠡᠯ ᠢᠶᠠᠨ ᠠᠯᠳᠠᠭᠰᠠᠨ ᠬᠠᠤᠯᠢ ᠪᠤᠰᠤ ᠠᠵᠢᠯᠯᠠᠭ᠎ᠠ ᠳᠤ ᠨᠠᠷᠢᠯᠢᠭ ᠣᠨᠣᠪᠴᠢᠲᠠᠢ ᠪᠠᠷ ᠴᠣᠬᠢᠯᠲᠠ ᠥᠭᠴᠦ ᠂ ᠤᠷᠢᠳ ᠬᠤᠵᠢᠳ 5 ᠲᠣᠰᠣ ᠨᠡᠮᠡᠬᠦ ᠥᠷᠲᠡᠭᠡ ᠂ ᠳᠠᠯᠠᠢ ᠶᠢᠨ ᠢᠳᠡᠭᠡᠨ ᠡᠵᠡᠩᠨᠡᠬᠦ 2 ᠬᠤᠳᠠᠯᠳᠤᠭᠠᠴᠢᠨ ᠡᠷᠦᠬᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ ᠪᠥᠭᠡᠳ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠨᠡᠷᠡᠰ ᠲᠤ ᠵᠢᠭᠰᠠᠭᠠᠨ ᠣᠷᠣᠭᠤᠯᠵᠠᠶ ᠃ ᠵᠢᠱᠢᠶᠡᠯᠡᠪᠡᠯ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠨᠢᠭᠡᠨ ᠲᠣᠰᠣ ᠨᠡᠮᠡᠬᠦ ᠥᠷᠲᠡᠭᠡ ᠨᠢ ᠲᠣᠰᠣ ᠨᠡᠮᠡᠬᠦ ᠮᠠᠰᠢᠨ ᠤ ᠭᠤᠣᠯ ᠬᠠᠪᠲᠠᠰᠤᠨ ᠳᠤ ᠭᠡᠮ ᠬᠢᠬᠦ ᠲᠥᠬᠦᠭᠡᠷᠦᠮᠵᠢ ᠨᠡᠮᠡᠬᠦ ᠪᠠᠷ ᠳᠠᠮᠵᠢᠭᠤᠯᠤᠨ ᠂ ᠲᠣᠰᠣ ᠨᠡᠮᠡᠬᠦ ᠫᠤᠤ ᠶᠢᠨ ᠬᠡᠮᠵᠢᠯᠲᠡ ᠶᠢ ᠡᠵᠡᠮᠳᠡᠵᠦ ᠂ ᠢᠯᠡᠷᠡᠬᠦ ᠬᠡᠮᠵᠢᠭᠳᠡᠯ ᠨᠢ ᠪᠣᠳᠠᠲᠤ ᠬᠡᠮᠵᠢᠭᠳᠡᠯ ᠠᠴᠠ ᠶᠡᠭᠡ ᠪᠠᠶᠢᠵᠤ ᠂ ᠵᠥᠷᠢᠶ᠎ᠡ ᠨᠢ ᠤᠯᠤᠰ ᠤᠨ ᠵᠥᠪᠰᠢᠶᠡᠷᠡᠯ ᠤᠨ ᠬᠠᠮᠤᠭ ᠤᠨ ᠶᠡᠭᠡ ᠬᠡᠪᠴᠢᠶ᠎ᠡ ᠠᠴᠠ ᠳᠠᠪᠠᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠮᠵᠢᠯᠲᠡ ᠶᠢᠨ ᠬᠠᠤᠯᠢ︾ ᠶᠢᠨ ᠠᠷᠪᠠᠨ ᠵᠢᠷᠭᠤᠳᠤᠭᠠᠷ ᠵᠦᠢᠯ ᠪᠠ ︽ᠲᠣᠰᠣ ᠨᠡᠮᠡᠬᠦ ᠥᠷᠲᠡᠭᠡ ᠶᠢᠨ ᠬᠡᠮᠵᠢᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠪᠤᠳᠤᠭᠠᠷ ᠵᠦᠢᠯ ᠤᠨ ᠲᠣᠭᠲᠠᠭᠠᠯ ᠢ ᠵᠥᠷᠢᠴᠡᠵᠦ ᠂ ᠣᠨᠣᠪᠴᠢ ᠶᠢᠨ ᠬᠡᠮᠵᠢᠶ᠎ᠡ ᠶᠢ ᠡᠪᠳᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠷᠢᠯᠳᠦᠭᠦᠯᠪᠡ ᠃  2024 ᠣᠨ ᠤ 1 ᠳ᠋ᠦ᠋ᠭᠡᠷ ᠰᠠᠷ᠎ᠠ ᠶᠢᠨ 26 ᠤ ᠡᠳᠦᠷ ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠺᠣᠮᠫᠠᠨᠢ ᠳᠤ ᠲᠣᠰᠣ ᠨᠡᠮᠡᠬᠦ ᠮᠠᠰᠢᠨ ᠤ ᠭᠤᠤᠯ ᠬᠠᠪᠲᠠᠰᠤ ᠶᠢ ᠬᠠᠤᠯᠢ ᠶᠣᠰᠣᠭᠠᠷ ᠬᠤᠷᠢᠶᠠᠨ ᠠᠪᠴᠤ 50.89 ᠲᠦᠮᠡᠨ ᠲᠥᠭᠦᠷᠢᠭ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠭᠡᠯ ᠥᠭᠴᠡᠢ ᠃ ᠢᠳᠡᠭᠡᠨ ᠤ ᠠᠮᠤᠷ ᠲᠦᠪᠰᠢᠨ ᠤ         ᠲᠠᠯ᠎ᠠ ᠪᠠᠷ᠄ ︽ᠳᠥᠷᠪᠡᠨ ᠴᠠᠭᠠᠨ︾ ᠢᠳᠡᠭᠡᠨ ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤᠮᠳᠠᠭᠠᠨ ᠂ ᠲᠠᠷᠢᠶᠠᠯᠠᠩ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠢᠳᠡᠭᠡᠨ ᠂ ᠣᠨᠴᠠᠭᠠᠢ ᠢᠳᠡᠭᠡᠨ ᠤ ᠭᠡᠨᠡᠳᠡᠭᠦᠯᠦᠨ ᠪᠠᠶᠢᠴᠠᠭᠠᠯᠲᠠ ᠂ ᠰᠢᠰᠲ᠋ᠧᠮᠵᠢ ᠶᠢᠨ ᠪᠠᠶᠢᠴᠠᠭᠠᠯᠲᠠ ᠂ ᠲᠤᠰᠬᠠᠶ ᠪᠠᠶᠢᠴᠠᠭᠠᠯᠲᠠ ᠶᠢ ᠭᠤᠤᠯᠳᠠᠯᠭ᠎ᠠ ᠲᠠᠢ ᠴᠢᠩᠭᠠᠳᠬᠠᠵᠤ ᠂ ᠢᠳᠡᠭᠡᠨ ᠤ ᠦᠢᠯᠡᠳᠪᠦᠷᠢᠯᠡᠯ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠮᠳᠠᠭᠤᠯᠵᠤ ᠂ ᠦᠨᠡᠨᠴᠢ ᠢᠲᠡᠭᠡᠮᠵᠢᠲᠡᠶ ᠪᠠᠷ ᠬᠤᠳᠠᠯᠳᠤᠭ᠎ᠠ ᠡᠷᠬᠢᠯᠡᠬᠦ ᠂ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠢ ᠳᠡᠭᠡᠭᠰᠢᠯᠡᠭᠦᠯᠪᠡ ᠃ ᠵᠢᠱᠢᠶᠡᠯᠡᠪᠡᠯ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠᠨ ᠬᠤᠳᠠᠯ ᠬᠠᠭᠤᠷᠮᠠᠭ ᠢᠶᠠᠷ ᠪᠢᠴᠢᠭᠰᠡᠨ ᠵᠢᠴᠢ ᠶᠠᠰᠤ ᠴᠢᠨᠠᠷ ᠢ ᠪᠠᠲᠤᠯᠠᠬᠤ ᠬᠤᠭᠤᠴᠠᠭ᠎ᠠ ᠠᠴᠠ ᠬᠡᠲᠦᠷᠡᠭᠰᠡᠨ ᠢᠳᠡᠭᠡᠨ ᠤ ᠲᠦᠭᠦᠬᠡᠶ ᠮᠠᠲ᠋ᠧᠷᠢᠶᠠᠯ ᠬᠡᠷᠡᠭᠯᠡᠭᠰᠡᠨ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ ᠂ ᠲᠤᠬᠠᠶ ᠶᠢᠨ ᠬᠥᠮᠦᠨ ᠤ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠪᠠᠨ ᠬᠤᠳᠠᠯ ᠬᠠᠭᠤᠷᠮᠠᠭ ᠢᠶᠠᠷ ᠪᠢᠴᠢᠭᠰᠡᠨ ᠂ ᠱᠣᠰᠢᠭ᠎ᠠ ᠦᠭᠡᠶ ᠤᠷᠢᠳᠴᠢᠯᠠᠨ ᠪᠣᠭᠤᠳᠠᠯᠯᠠᠭᠰᠠᠨ ᠢᠳᠡᠭᠡᠨ ᠦᠢᠯᠡᠳᠪᠦᠷᠢᠯᠡᠵᠦ ᠡᠵᠡᠩᠨᠡᠭᠰᠡᠨ ᠦᠢᠯᠡ ᠠᠵᠢᠯᠯᠠᠭ᠎ᠠ ᠂ ︽ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠤᠨ ᠳᠠᠩᠰᠠᠯᠠᠭᠤᠯᠤᠭᠰᠠᠨ ᠦᠨᠡᠮᠯᠡᠯ︾ ᠣᠯᠤᠭᠰᠠᠨ ᠦᠭᠡᠢ ᠪᠠᠷ ᠢᠳᠡᠭᠡᠨ ᠦᠢᠯᠡᠳᠪᠦᠷᠢᠯᠡᠵᠦ ᠡᠳ᠋ᠰᠢᠭᠦᠯᠦᠭᠰᠡᠨ ᠦᠢᠯᠡ ᠠᠵᠢᠯᠯᠠᠭ᠎ᠠ ᠨᠢ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠬᠡᠯ ᠤᠨ ᠭᠠᠵᠠᠷ ᠪᠣᠯᠤᠨ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ᠤᠨ ᠠᠷᠪᠠᠨ ᠬᠤᠶᠠᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠨ᠎ᠠ ᠃ 2023 ᠣᠨ ᠤ 12 ᠳ᠋ᠤᠭᠠᠷ ᠰᠠᠷ᠎ᠠ ᠶᠢᠨ 26 ᠤ ᠡᠳᠦᠷ ᠬᠠᠶᠢᠯᠠᠷ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠺᠣᠮᠫᠠᠨᠢ ᠶᠢᠨ ᠦᠢᠯᠡᠳᠪᠦᠷᠢᠯᠡᠭᠰᠡᠨ ᠡᠳᠦᠷ ᠬᠤᠭᠤᠴᠠᠭ᠎ᠠ ᠶᠢ ᠨᠢ ᠬᠤᠳᠠᠯ ᠬᠠᠭᠤᠷᠮᠠᠭ ᠢᠶᠠᠷ ᠪᠢᠴᠢᠭᠰᠡᠨ 37 ᠵᠦᠢᠯ ᠤᠨ ᠢᠳᠡᠭᠡᠨ ᠢ ᠬᠠᠤᠯᠢ ᠶᠣᠰᠣᠭᠠᠷ ᠬᠤᠷᠢᠶᠠᠨ ᠠᠪᠴᠤ ᠂ ᠠᠷᠠᠳ ᠤᠨ ᠵᠣᠭᠤᠰ ᠢᠶᠠᠷ 3.2 ᠲᠦᠮᠡᠨ ᠲᠥᠭᠦᠷᠢᠭ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠪᠡ ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠨᠡᠨᠴᠢ ᠢᠲᠡᠭᠡᠮᠵᠢ ᠶᠢᠨ ᠲᠠᠯ᠎ᠠ ᠪᠠᠷ᠄ ︽ᠲᠡᠮᠦᠷ ᠨᠢᠳᠤᠷᠭ᠎ᠠ︾ ᠶᠢᠨ ᠠᠵᠢᠯᠯᠠᠭ᠎ᠠ ᠶᠢ ᠥᠷᠨᠢᠭᠦᠯᠵᠦ ᠂ ᠡᠯ᠎ᠡ ᠲᠥᠷᠥᠯ ᠤᠨ ᠲᠤᠰᠬᠠᠶ ᠠᠰᠢᠭ ᠂ ᠲᠠᠸᠠᠷ ᠤᠨ ᠲᠡᠮᠳᠡᠭ ᠂ ᠭᠠᠵᠠᠷ ᠵᠦᠢ ᠶᠢᠨ ᠲᠡᠮᠳᠡᠭ ᠵᠡᠷᠭᠡ ᠡᠷᠬᠡ ᠳᠤ ᠬᠠᠯᠳᠠᠭᠰᠠᠨ ᠬᠤᠳᠠᠯ ᠬᠠᠭᠤᠷᠮᠠᠭᠯᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ ᠃ ᠡᠨᠡ ᠵᠢᠯ ᠠᠴᠠ ᠨᠠᠭᠠᠰᠢ ᠲᠠᠸᠠᠷ ᠤᠨ ᠲᠡᠮᠳᠡᠭ ᠤᠨ ᠡᠷᠬᠡ ᠳᠤ ᠬᠠᠯᠳᠠᠭᠰᠠᠨ 91 ᠬᠡᠷᠡᠭ ᠢ ᠪᠠᠶᠢᠴᠠᠭᠠᠨ ᠰᠢᠢᠳᠪᠦᠷᠢᠯᠡᠵᠦ ᠂ ᠬᠠᠤᠯᠢ ᠴᠠᠭᠠᠵᠠ ᠶᠢᠨ ᠪᠠᠶᠢᠭᠤᠯᠭ᠎ᠠ ᠳᠤ 7 ᠬᠡᠷᠡᠭ ᠢ ᠰᠢᠯᠵᠢᠭᠦᠯᠦᠨ ᠬᠦᠷᠭᠡᠵᠦ ᠂ ᠲᠤᠰᠬᠠᠢ ᠠᠰᠢᠭ ᠢ ᠬᠤᠳᠠᠯ ᠬᠠᠭᠤᠷᠮᠠᠭᠯᠠᠭᠰᠠᠨ ᠬᠡᠷᠡᠭ ᠢ 4 ᠪᠠᠶᠢᠴᠠᠭᠠᠨ ᠰᠢᠢᠳᠪᠦᠷᠢᠯᠡᠵᠦ ᠂ ᠬᠤᠳᠠᠯ ᠬᠠᠭᠤᠷᠮᠠᠭ ᠮᠠᠭᠤ ᠲᠠᠸᠠᠷ ᠢ 118.9 ᠲᠣᠨ ᠤᠰᠠᠳᠬᠠᠵᠤ ᠂ ᠪᠠᠷᠠᠭᠠᠨ ᠤ ᠥᠷᠲᠡᠭ ᠨᠢ 2.19 ᠳ᠋ᠦᠩᠰᠢᠭᠤᠷ ᠲᠥᠭᠦᠷᠢᠭ ᠲᠤ ᠬᠦᠷᠴᠡᠢ ᠃ ᠵᠢᠱᠢᠶᠡᠯᠡᠪᠡᠯ ᠂ ᠬᠥᠯᠥᠨ ᠪᠤᠶᠢᠷ ᠬᠤᠲᠠ ᠶᠢᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠲᠠᠸᠠᠷ ᠤᠨ ᠲᠡᠮᠳᠡᠭ ᠤᠨ ᠲᠤᠰᠬᠠᠶ ᠡᠷᠬᠡ ᠳᠤ ᠬᠠᠯᠳᠠᠭᠰᠠᠨ ᠬᠠᠷ᠎ᠠ ᠠᠷᠢᠬᠢ ᠶᠢ ᠪᠣᠷᠣᠯᠠᠭᠤᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠂ ᠲᠤᠬᠠᠶ ᠶᠢᠨ ᠬᠥᠮᠦᠨ ᠤ ᠪᠣᠷᠣᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠢ ᠡᠷᠬᠡ ᠳᠤ ᠬᠠᠯᠳᠠᠭᠰᠠᠨ ᠬᠠᠷ᠎ᠠ ᠠᠷᠢᠬᠢ ᠨᠢ 13 ᠲᠥᠷᠥᠯ ᠵᠦᠢᠯ ᠳᠤ ᠬᠤᠯᠪᠣᠭᠳᠠᠵᠤ ᠂ ᠬᠤᠯᠪᠣᠭᠳᠠᠯ ᠪᠦᠬᠦᠢ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠡᠷᠬᠡᠲᠦ ᠬᠥᠮᠦᠨ ᠤ ᠬᠢᠨᠠᠨ ᠲᠣᠭᠲᠠᠭᠠᠯᠲᠠ ᠪᠠᠷ ᠳᠠᠮᠵᠢᠨ ᠂ ᠲᠠᠸᠠᠷ ᠤᠨ ᠲᠡᠮᠳᠡᠭ ᠤᠨ ᠲᠤᠰᠬᠠᠢ ᠡᠷᠬᠡ ᠳᠤ ᠬᠠᠯᠳᠠᠭᠰᠠᠨ ᠲᠠᠸᠠᠷ ᠲᠤ ᠬᠠᠷᠢᠶᠠᠯᠠᠭᠳᠠᠵᠤ ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠸᠠᠷ ᠤᠨ ᠲᠡᠮᠳᠡᠭ ᠤᠨ ᠬᠠᠤᠯᠢ︾ ᠶᠢᠨ ᠲᠠᠪᠢᠨ ᠳᠣᠯᠣᠳᠤᠭᠠᠷ ᠵᠦᠢᠯ ᠤᠨ ᠲᠣᠭᠲᠠᠭᠠᠯ ᠢ ᠵᠥᠷᠢᠴᠡᠭᠰᠡᠨ ᠪᠠᠶᠢᠨ᠎ᠠ ᠃ 2024 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠺᠣᠮᠫᠠᠨᠢ ᠶᠢᠨ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠤᠨ ᠲᠤᠰᠬᠠᠶ ᠡᠷᠬᠡ ᠳᠤ ᠬᠠᠯᠳᠠᠭᠰᠠᠨ ᠲᠠᠸᠠᠷ ᠢ ᠬᠠᠤᠯᠢ ᠶᠣᠰᠣᠭᠠᠷ ᠬᠤᠷᠢᠶᠠᠨ ᠠᠪᠬᠤ ᠶᠢᠨ ᠬᠠᠮᠲᠤ 9.36 ᠲᠦᠮᠡᠨ ᠲᠥᠭᠦᠷᠢᠭ ᠢᠶᠠᠷ ᠲᠣᠷᠭᠠᠬᠤ ᠵᠠᠰᠠᠭ ᠵᠠᠬᠢᠷᠭᠠᠨ ᠤ ᠰᠢᠢᠳᠬᠡᠯ ᠥᠭᠪᠡ ᠃ ᠵᠠᠬ᠎ᠠ ᠳᠡᠯᠭᠡᠭᠦᠷ ᠤᠨ ᠡᠮᠬᠢ ᠵᠢᠷᠤᠮ ᠤᠨ ᠦᠨᠡᠨᠴᠢ ᠢᠲᠡᠭᠡᠮᠵᠢ ᠶᠢᠨ ᠲᠠᠯ᠎ᠠ ᠪᠠᠷ᠄ ᠬᠤᠳᠠᠯ ᠬᠠᠭᠤᠷᠮᠠᠭ ᠴᠢᠨᠠᠷ ᠮᠠᠭᠤ ᠂ ᠵᠠᠷ ᠮᠡᠳᠡᠭᠡ ᠨᠢ ᠬᠠᠤᠯᠢ ᠠᠴᠠ ᠵᠥᠷᠢᠴᠡᠭᠰᠡᠨ ᠂ ᠵᠦᠢ ᠪᠤᠰᠤ ᠥᠷᠢᠰᠥᠯᠳᠦᠭᠡᠨ ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠵᠢᠴᠢ ᠲᠣᠤᠷ ᠰᠦᠯᠵᠢᠶᠡᠨ ᠤ ᠲᠠᠸᠠᠷ ᠤᠨ ᠠᠷᠠᠯᠵᠢᠶ᠎ᠠ ᠂ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠳᠠᠬᠢ ᠬᠠᠤᠯᠢ ᠠᠴᠠ ᠵᠥᠷᠢᠴᠡᠭᠰᠡᠨ ᠪᠠ ᠢᠲᠡᠭᠡᠯ ᠢᠶᠠᠨ ᠠᠯᠳᠠᠭᠰᠠᠨ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ ᠂ ᠬᠡᠷᠡᠭᠯᠡᠭᠴᠢᠳ ᠤᠨ ᠵᠠᠭᠠᠯᠳᠤᠯᠭ᠎ᠠ ᠪᠠ ᠢᠯᠡᠴᠢᠯᠡᠯᠲᠡ ᠶᠢ ᠴᠠᠭ ᠲᠤᠬᠠᠶ ᠳᠤᠨᠢ ᠡᠶᠡᠳᠡᠭᠦᠯᠬᠦ ᠪᠠ ᠪᠠᠶᠢᠴᠠᠭᠠᠨ ᠰᠢᠢᠳᠪᠦᠷᠢᠯᠡᠪᠡ ᠃ ᠵᠢᠱᠢᠶᠡᠯᠡᠪᠡᠯ ᠥᠪᠥᠷ ᠮᠣᠩᠭᠤᠯ ᠤᠨ ᠨᠢᠭᠡᠨ ᠪᠠᠶᠢᠴᠠᠭᠠᠨ ᠰᠢᠯᠭᠠᠬᠤ ᠮᠡᠷᠭᠡᠵᠢᠯ ᠤᠨ ᠬᠢᠵᠠᠭᠠᠷᠲᠤ ᠺᠣᠮᠫᠠᠨᠢ ᠬᠤᠳᠠᠯ ᠬᠠᠭᠤᠷᠮᠠᠭ ᠪᠠ ᠦᠨᠡᠨ ᠪᠣᠳᠠᠲᠠᠶ ᠪᠤᠰᠤ ᠰᠢᠯᠭᠠᠨ ᠬᠡᠮᠵᠢᠭᠰᠡᠨ ᠮᠡᠳᠡᠭᠦᠯᠦᠯᠲᠡ ᠭᠠᠷᠭᠠᠭᠰᠠᠨ ᠦᠢᠯᠡ ᠠᠵᠢᠯᠯᠠᠭ᠎ᠠ ᠨᠢ ᠂ ︽ᠰᠢᠯᠭᠠᠨ ᠬᠡᠮᠵᠢᠬᠦ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠵᠥᠷᠢᠴᠡᠵᠦ ᠂ 2024 ᠣᠨ ᠤ 1 ᠳ᠋ᠦ᠋ᠭᠡᠷ ᠰᠠᠷ᠎ᠠ ᠳᠤ ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠡᠷᠡᠭ ᠪᠣᠯᠭᠠᠨ ᠳᠡᠩᠰᠡᠯᠡᠵᠦ ᠪᠠᠶᠢᠴᠠᠭᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠪᠠᠶᠢᠭᠤᠯᠤᠮᠵᠢ ᠶᠢᠨ ᠰᠢᠯᠭᠠᠨ ᠬᠡᠮᠵᠢᠬᠦ ᠬᠢᠷᠢ ᠬᠡᠮ ᠤᠨ ᠦᠨᠡᠮᠯᠡᠯ ᠢ ᠬᠦᠴᠦᠨ ᠥᠬᠡᠶ ᠪᠣᠯᠭᠠᠬᠤ ᠪᠠᠷ ᠳᠡᠪᠰᠢᠭᠦᠯᠪᠡ ᠃  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠵᠡᠩᠨᠡᠯᠲᠡ ᠶᠢᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠭᠤᠤᠯ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ ᠂ ᠢᠲᠡᠭᠡᠮᠵᠢ ᠶᠢᠨ ᠬᠢᠵᠠᠭᠠᠷᠯᠠᠯ ᠢᠶᠠᠷ ᠵᠠᠯᠬᠠᠭᠠᠨ ᠴᠡᠭᠡᠷᠯᠡᠭᠦᠯᠬᠦ ᠪᠠᠷ ᠭᠤᠤᠯᠳᠠᠯᠭ᠎ᠠ ᠪᠣᠯᠭᠠᠨ ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠨᠡᠷᠡᠰ ᠢ ᠴᠠᠭ ᠲᠤᠬᠠᠶ ᠳᠤᠨᠢ ᠰᠢᠨᠡᠳᠬᠡᠵᠦ ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠳᠤ ︽ᠤᠴᠢᠷ ᠦᠭᠡᠢ ᠪᠣᠯ ᠬᠠᠷᠰᠢᠯᠠᠬᠤ ᠦᠭᠡᠢ︾ ᠶᠢ ᠪᠡᠶᠡᠯᠡᠭᠦᠯᠵᠦ ᠂ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠡᠵᠡᠩᠨᠡᠯᠲᠡ ᠶᠢᠨ ᠭᠤᠤᠯ ᠴᠣᠭᠴᠠ ᠶᠢᠨ ᠬᠢᠨᠠᠯᠲᠠ ᠬᠠᠮᠢᠶᠠᠷᠤᠯᠲᠠ ᠳᠤ ︽ᠭᠠᠵᠠᠷ ᠪᠣᠯᠭᠠᠨ ᠳᠤ ᠪᠠᠶᠢᠬᠤ︾ ᠶᠢ ᠪᠡᠶᠡᠯᠡᠭᠦᠯᠦᠨ᠎ᠡ ᠃  ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠭᠴᠢ᠄ ᠪᠢᠳᠡ ᠰᠤᠷᠭᠠᠨ ᠬᠥᠮᠦᠵᠢᠯ ᠤᠨ ᠲᠢᠩᠬᠢᠮ ᠤᠨ ᠠᠯᠪᠠᠨ ᠰᠦᠯᠵᠢᠶ᠎ᠡ ᠳᠤ ︽ᠨᠡᠷᠡᠨ ᠭᠡᠷᠡᠯᠲᠦ ᠦᠨᠡᠨᠴᠢ ᠢᠲᠡᠭᠡᠮᠵᠢ ᠶᠢᠨ ᠠᠵᠢᠯᠯᠠᠭ᠎ᠠ︾ ᠶᠢᠨ ᠲᠤᠰᠬᠠᠶ ᠪᠤᠯᠤᠩ ᠭᠠᠷᠭᠠᠵᠤ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ︽ᠬᠠᠷ᠎ᠠ ᠴᠠᠭᠠᠨ ᠨᠡᠷᠡᠰ︾ ᠢ ᠨᠡᠶᠢᠲᠡᠯᠡᠭᠰᠡᠨ ᠢ ᠣᠯᠵᠤ ᠦᠵᠡᠪᠡ ᠂ ᠪᠢᠳᠡ ᠬᠠᠤᠯᠢ ᠲᠣᠭᠲᠠᠭᠠᠯ ᠠᠴᠠ ᠵᠥᠷᠢᠴᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠡᠷᠭᠢᠯᠡᠬᠦ ᠶᠢ ᠬᠡᠷᠬᠢᠨ ᠴᠡᠭᠴᠡᠯᠡᠨ ᠵᠠᠰᠠᠬᠤ ᠲᠤᠬᠠᠶ ᠣᠶᠢᠯᠠᠭᠠᠶ᠎ᠠ ᠭᠡᠵᠦ ᠪᠣᠳᠣᠵᠤ ᠪᠠᠶᠢᠨ᠎ᠠ ᠃  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ ᠂ ᠲᠢᠩᠬᠢᠮ ᠤᠨ ᠳᠡᠳ᠋ ᠳᠠᠷᠤᠭ᠎ᠠ ᠵᠠᠩ ᠵᠢᠶᠦ᠋ᠨ ᠰᠢ᠄ ᠲᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠨᠡ ᠬᠦ ᠠᠵᠢᠯ ᠢ ᠥᠷᠨᠢᠭᠦᠯᠬᠦ ᠳᠤ ᠠᠩᠬᠠᠷᠤᠯ ᠲᠠᠯᠪᠢᠭᠰᠠᠨ ᠳᠤ ᠴᠢᠨᠢ ᠪᠠᠶᠠᠷᠯᠠᠵᠤ ᠪᠠᠶᠢᠨ᠎ᠠ ᠃  ᠣᠯᠠᠨ ᠤ ᠮᠡᠳᠡᠭᠡᠵᠢ ᠪᠠᠷ ᠂ 2021 ᠣᠨ ᠤ 7 ᠳ᠋ᠤᠭᠠᠷ ᠰᠠᠷ᠎ᠠ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠲᠤᠬᠠᠶ       ᠰᠠᠨᠠᠯ︾ ᠢ ᠳᠠᠷᠤᠮᠠᠯᠯᠠᠨ ᠲᠠᠷᠬᠠᠭᠠᠵᠤ ᠂ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ ᠂ ᠪᠢᠳᠡ ᠬᠠᠤᠯᠢ ᠲᠣᠭᠲᠠᠭᠠᠯ ᠠᠴᠠ ᠵᠥᠷᠢᠴᠡᠭᠰᠡᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠪᠠᠶᠢᠴᠠᠭᠠᠨ ᠰᠢᠢᠳᠪᠦᠷᠢᠯᠡᠬᠦ ᠪᠠᠷ ᠠᠵᠢᠯ ᠤᠨ ᠭᠤᠤᠯᠳᠠᠯᠭ᠎ᠠ ᠪᠣᠯᠭᠠᠵᠤ ᠂ ᠵᠠᠷᠢᠮ ᠪᠠᠶᠢᠭᠤᠯᠤᠮᠵᠢ ᠳᠤ ᠦᠨᠡᠨ ᠬᠦ ᠠᠰᠠᠭᠤᠳᠠᠯ ᠣᠷᠣᠰᠢᠵᠤ ᠪᠠᠶᠢᠨ᠎ᠠ ᠂ ᠪᠢᠳᠡ ︽ᠲᠣᠣᠷ ᠲᠠᠲᠠᠵᠤ ᠵᠡᠭᠡᠯᠢ ᠰᠢᠷᠪᠢᠬᠦ︾ ᠪᠠ ᠣᠶᠤᠨᠴᠢ ᠬᠢᠨᠠᠯᠲᠠ ᠬᠠᠮᠢᠶᠠᠷᠤᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠂ ᠤᠷᠢᠳ ᠬᠤᠵᠢᠳ ᠰᠣᠶᠣᠯ ᠵᠢᠭᠤᠯᠴᠢᠯᠠᠯ ᠂ ᠰᠢᠨᠵᠢᠯᠡᠬᠦ ᠤᠬᠠᠭᠠᠨ ᠮᠡᠷᠭᠡᠵᠢᠯ ᠂ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠢᠨᠵᠢᠯᠡᠭᠡᠨ ᠤ ᠰᠠᠯᠠᠭ᠎ᠠ ᠶᠢᠨ ᠪᠤᠰᠤ ᠪᠣᠯᠪᠠᠰᠤᠷᠠᠯ ᠤᠨ ᠪᠠᠶᠢᠭᠤᠯᠤᠮᠵᠢ ᠶᠢ ᠵᠢᠭᠰᠠᠭᠠᠨ ᠪᠠᠶᠢᠴᠠᠭᠠᠬᠤ ᠂ ᠦᠨᠡᠮᠯᠡᠯ ᠥᠬᠡᠶ ᠪᠠᠷ ᠲᠣᠭᠲᠠᠭᠠᠯ ᠠᠴᠠ ᠵᠥᠷᠢᠴᠡᠨ ᠪᠣᠯᠪᠠᠰᠤᠷᠠᠯ ᠬᠢᠬᠦ ᠶᠢ ᠵᠢᠭᠰᠠᠭᠠᠨ ᠪᠠᠶᠢᠴᠠᠭᠠᠬᠤ ᠂ ᠦᠨᠡᠮᠯᠡᠯ ᠥᠬᠡᠶ ᠪᠠᠷ ᠰᠤᠷᠭᠠᠭᠤᠯᠢ ᠡᠷᠭᠢᠯᠡᠬᠦ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠵᠤ ᠪᠠᠶᠢᠭ᠎ᠠ ᠶᠠᠪᠤᠳᠠᠯ ᠢ ᠲᠤᠰᠬᠠᠶ ᠵᠢᠭᠰᠠᠭᠠᠨ ᠪᠠᠶᠢᠴᠠᠭᠠᠬᠤ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ︽ᠲᠤᠭ᠎ᠠ ᠪᠠᠷᠢᠮᠲᠠ ᠶᠢ ᠬᠠᠷᠭᠤᠭᠤᠯᠤᠨ ᠪᠤᠳᠤᠬᠤ︾ ᠵᠡᠷᠭᠡ ᠠᠵᠢᠯᠯᠠᠭ᠎ᠠ ᠶᠢ ᠪᠠᠶᠢᠷᠢᠯᠠᠭᠤᠯᠤᠨ ᠥᠷᠨᠢᠭᠦᠯᠵᠦ ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ 1 ᠲᠦᠮᠡ ᠭᠠᠷᠤᠶ ᠤᠳᠠᠭ᠎ᠠ ᠥᠷᠨᠢᠭᠦᠯᠵᠦ ᠂ ᠦᠨᠡᠮᠯᠡᠯ ᠨᠢ ᠪᠦᠷᠢᠨ ᠪᠤᠰᠤ ᠪᠣᠯᠪᠠᠰᠤᠷᠠᠯ ᠤᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠬᠤ ᠂ ᠵᠠᠷᠯᠢᠭᠳᠠᠨ ᠰᠦᠢᠳᠭᠡᠯ ᠪᠤᠴᠠᠭᠠᠬᠤ ᠂ ᠵᠠᠰᠠᠭ ᠵᠠᠬᠢᠷᠭᠠᠨ ᠤ ᠰᠢᠢᠳᠬᠡᠯ ᠥᠭᠬᠦ ᠂ ᠤᠷᠢᠳᠴᠢᠯᠠᠨ ᠰᠦᠢᠳᠬᠡᠯ ᠬᠤᠷᠢᠶᠠᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠂ ︽ᠬᠠᠷ᠎ᠠ ᠪᠠᠶᠢᠭᠤᠯᠤᠮᠵᠢ︾ ᠪᠤᠢ ᠪᠣᠯᠬᠤ ᠣᠷᠴᠢᠨ ᠢ ᠪᠠᠭᠠᠰᠬᠠᠵᠤ ᠂ ︽ᠵᠣᠭᠤᠰ ᠢ ᠠᠪᠴᠤ ᠳᠤᠲᠠᠭᠠᠬᠤ︾ ︽ᠰᠦᠢᠳᠬᠡᠯ ᠪᠤᠴᠠᠭᠠᠬᠤ ᠳᠤ ᠬᠦᠴᠢᠷ︾ ᠵᠡᠷᠭᠡ ᠠᠰᠠᠭᠤᠳᠠᠯ ᠡᠭᠦᠰᠬᠦ ᠶᠢ ᠰᠡᠷᠭᠡᠶᠢᠯᠡᠪᠡ ᠃ ᠡᠨᠡ ᠵᠢᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠂ ᠡᠨᠡ ᠲᠠᠯ᠎ᠠ ᠪᠠᠷ ᠂ ᠪᠢᠳᠡ ᠪᠠᠰᠠ ᠢᠯᠡ ᠪᠣᠯᠭᠠᠬᠤ ᠡᠷᠴᠢᠮ ᠢᠶᠠᠨ ᠴᠢᠩᠭᠠᠷᠠᠭᠤᠯᠵᠤ ᠂ ᠡᠯ᠎ᠡ ᠠᠶᠢᠮᠠᠭ ᠬᠤᠲᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ︽ᠬᠠᠷ᠎ᠠ ᠴᠠᠭᠠᠨ ᠨᠡᠷᠡᠰ︾ ᠤᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠢᠳᠡᠪᠬᠢᠲᠡᠶ ᠠᠬᠢᠭᠤᠯᠵᠤ ᠂ ᠵᠠᠷᠢᠮ ᠦᠢᠯᠡ ᠪᠠᠶᠢᠳᠠᠯ ᠨᠢ ᠮᠠᠭᠤ ᠪᠣᠯᠪᠠᠰᠤᠷᠠᠯ ᠤᠨ ᠪᠠᠶᠢᠭᠤᠯᠤᠮᠵᠢ ᠶᠢ ︽ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ ᠂ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠵᠠᠯᠭᠠᠭ᠎ᠠ ᠪᠠᠷ ᠨᠡᠶᠢᠭᠡᠮ ᠳᠤ ᠨᠡᠶᠢᠲᠡᠯᠡᠵᠦ ᠂ ᠰᠣᠷᠣᠭᠴᠢ ᠪᠠ ᠬᠡᠷ ᠤᠨ ᠠᠬᠠᠮᠠᠳ ᠢ ᠪᠦᠲᠦᠮᠵᠢᠲᠡᠶ ᠢᠯᠭᠠᠨ ᠲᠣᠳᠣᠯᠠᠭᠤᠯᠵᠤ ᠂ ᠬᠠᠤᠯᠢ ᠲᠣᠭᠲᠠᠭᠠᠯ ᠢ ᠵᠥᠷᠢᠴᠡᠨ ᠡᠷᠭᠢᠯᠡᠭᠰᠡᠨ ᠪᠠᠶᠢᠭᠤᠯᠤᠮᠵᠢ ᠶᠢ ᠨᠢᠭᠤᠨ ᠳᠠᠯᠳᠠᠯᠠᠬᠤ ᠭᠠᠵᠠᠷ ᠦᠭᠡᠢ ᠪᠣᠯᠭᠠᠵᠤ ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠷᠭᠢᠯᠡᠭᠰᠡᠨ ᠪᠠᠶᠢᠭᠤᠯᠤᠮᠵᠢ ᠶᠢᠨ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠵᠤ ᠂ ᠠᠵᠠ ᠵᠠᠪᠰᠢᠵᠤ ᠡᠵᠡᠩᠨᠡᠵᠦ ᠪᠠᠶᠢᠭ᠎ᠠ ᠡᠵᠡᠩᠨᠡᠭᠰᠡᠳ ᠤᠨ ᠪᠣᠳᠣᠯ ᠰᠠᠨᠠᠭ᠎ᠠ ᠢ ᠨᠢ ᠬᠤᠭᠤᠷᠠᠭᠤᠯᠤᠨ ᠂ ᠦᠨᠡᠨᠴᠢ ᠢᠲᠡᠭᠡᠮᠵᠢᠲᠡᠢ ᠡᠵᠡᠩᠨᠡᠭᠴᠢ ᠶᠢ ᠤᠷᠮᠠᠰᠢᠭᠤᠯᠵᠤ ᠂ ᠵᠥᠪ ᠲᠠᠯ᠎ᠠ ᠠᠴᠠ ᠤᠷᠮᠠᠰᠢᠭᠤᠯᠬᠤ ᠪᠠ ᠨᠠᠵᠠᠭᠠᠶ ᠲᠠᠯ᠎ᠠ ᠶᠢᠨ ᠵᠠᠯᠬᠠᠭᠠᠨ ᠴᠡᠭᠡᠷᠯᠡᠭᠦᠯᠬᠦ ᠦᠢᠯᠡᠳᠦᠯ ᠢ ᠪᠦᠲᠦᠮᠵᠢᠲᠡᠶ ᠪᠣᠶ ᠪᠣᠯᠭᠠᠵᠤ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠳᠤᠮᠳᠠ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠵᠤ ᠡᠵᠡᠩᠨᠡᠬᠦ ᠡᠷᠡᠭᠦᠯ ᠢᠶᠠᠷ ᠬᠥᠭᠵᠢᠬᠦ ᠣᠨᠣᠯᠵᠢᠬᠤᠨ ᠢ ᠦᠷᠭᠦᠯᠵᠢᠯᠡᠨ ᠪᠣᠶ ᠪᠣᠯᠭᠠᠵᠤ ᠂ ᠮᠠᠨ ᠤ ᠣᠷᠣᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ ᠃  ᠲᠠᠷᠠᠭᠠᠴᠢ ᠶᠢᠨ ᠠᠯᠬᠤᠮ ᠳᠤ ᠂ ᠪᠢᠳᠡ ᠪᠠᠰᠠ ᠬᠠᠤᠯᠢ ᠲᠣᠭᠲᠠᠭᠠᠯ ᠠᠴᠠ ᠵᠥᠷᠢᠴᠡᠨ ᠡᠷᠬᠢᠯᠡᠭᠰᠡᠨ ᠪᠣᠯᠪᠠᠰᠤᠷᠠᠯ ᠤᠨ ᠪᠠᠶᠢᠭᠤᠯᠤᠮᠵᠢ ᠶᠢ ᠴᠡᠭᠴᠡᠯᠡᠨ ᠵᠠᠰᠠᠬᠤ ᠠᠵᠢᠯ ᠢ ᠲᠠᠰᠤᠷᠠᠯᠲᠠ ᠦᠭᠡᠢ ᠥᠷᠨᠢᠭᠦᠯᠵᠦ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠪᠦᠬᠦᠨ ᠢ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠳᠤ ᠣᠷᠣᠭᠤᠯᠤᠨ ᠣᠶᠤᠨᠴᠢ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠶᠢ ᠠᠬᠢᠭᠤᠯᠵᠤ ᠂ ᠤᠯᠤᠰ ᠤᠨ ᠤᠷᠢᠳᠴᠢᠯᠠᠨ ᠰᠦᠢᠳᠭᠡᠯ ᠬᠤᠷᠢᠶᠠᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ ᠂ ᠰᠣᠷᠣᠭᠴᠢ ᠪᠠ ᠬᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠨ᠎ᠠ ᠃ ᠡᠭᠦᠨ ᠤ ᠬᠠᠮᠲᠤ ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ︽ᠬᠠᠷ᠎ᠠ ᠴᠠᠭᠠᠨ ᠨᠡᠷᠡᠰ︾ ᠢ ᠴᠠᠭ ᠲᠤᠬᠠᠶ ᠳᠤᠨᠢ ᠰᠢᠨᠡᠳᠬᠡᠵᠦ ᠂ ︽ᠬᠠᠷ᠎ᠠ ᠨᠡᠷᠡᠰ︾ ᠤᠨ ᠪᠣᠯᠪᠠᠰᠤᠷᠠᠯ ᠤᠨ ᠪᠠᠶᠢᠭᠤᠯᠤᠮᠵᠢ ᠵᠢᠴᠢ ᠲᠡᠭᠦᠨ ᠢ ᠡᠷᠬᠢᠯᠡᠭᠴᠢ ᠶᠢᠨ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠮᠥᠷᠳᠡᠨ ᠨᠠᠶᠢᠳᠠᠪᠤᠷᠢᠵᠢᠭᠤᠯᠵᠤ ᠂ ᠬᠠᠤᠯᠢ ᠶᠢ ᠰᠠᠬᠢᠭᠴᠢ ᠂ ᠲᠣᠭᠲᠠᠭᠠᠯ ᠳᠤ ᠨᠡᠶᠢᠴᠡᠭᠰᠡᠳ ᠲᠤ ᠬᠠᠮᠠᠭᠠᠯᠠᠯᠲᠠ ᠶᠢ ᠬᠦᠷᠲᠡᠭᠡᠵᠦ ᠂ ᠪᠣᠳᠠᠲᠤ ᠠᠰᠢᠭ ᠬᠦᠷᠲᠡᠭᠡᠵᠦ ᠂ ᠬᠠᠤᠯᠢ ᠶᠢ ᠵᠥᠷᠢᠴᠡᠭᠰᠡᠳ ᠂ ᠲᠣᠭᠲᠠᠭᠠᠯ ᠠᠴᠠ ᠵᠥᠷᠢᠴᠡᠭᠰᠡᠳ ᠢ ᠣᠯᠪᠠᠰᠤ ᠵᠣᠬᠢᠬᠤ ᠦᠷᠡᠭᠳᠡᠯ ᠭᠠᠷᠭᠠᠯᠭᠠᠨ᠎ᠠ ᠃ 
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号