︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ ᠬᠤᠶᠠᠳᠤᠭᠠᠷ ᠪᠣᠳᠢ ᠪᠣᠯᠣᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠤᠤᠯ ᠦᠰᠦᠭ ᠤᠨ ᠬᠡᠪᠯᠡᠯ ᠢ 2024 ᠣᠨ ᠤ ᠰᠢᠶᠠᠩᠭᠠᠩ ᠤᠨ ᠨᠣᠮ ᠤᠨ ᠦᠵᠡᠰᠭᠦᠯᠡᠩ ᠳᠤ ᠠᠩᠬ᠎ᠠ ᠲᠠᠷᠬᠠᠭᠠᠪᠠ
ᠨᠡᠶᠢᠲᠡᠯᠡᠭᠰᠡᠨ ᠴᠠᠭ᠄
2024/7/18
      ᠰᠢᠨᠬᠤᠸᠠ ᠬᠤᠷᠢᠶ᠎ᠠ ᠶᠢᠨ ᠰᠢᠶᠠᠩᠭᠠᠩ ᠤᠨ 7 ᠰᠠᠷ᠎ᠠ ᠶᠢᠨ 17 ᠤ ᠴᠠᠭᠢᠯᠭᠠᠨ ᠮᠡᠳᠡᠭᠡ   ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠤᠨ ᠨᠢᠭᠡᠳᠦᠭᠡᠷ ᠪᠣᠳᠢ᠂ ᠬᠤᠶᠠᠳᠤᠭᠠᠷ ᠪᠣᠳᠢ ᠶᠢᠨ ᠤᠤᠯ ᠦᠰᠦᠭ ᠤᠨ ᠬᠡᠪᠯᠡᠯ ᠪᠣᠯᠣᠨ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠶᠢᠨ ᠤᠤᠯ ᠦᠰᠦᠭ ᠤᠨ ᠬᠡᠪᠯᠡᠯ ᠢ ᠣᠶᠢᠷ᠎ᠠ ᠶᠢᠨ ᠡᠳᠦᠷ ᠬᠠᠮᠲᠤᠷᠠᠭᠰᠠᠨ ᠬᠡᠪᠯᠡᠯ ᠤᠨ ᠪᠦᠯᠦᠭᠯᠡᠯ ᠠᠴᠠ ᠬᠡᠪᠯᠡᠭᠦᠯᠦᠨ ᠲᠠᠷᠬᠠᠭᠠᠪᠠ᠃ 7 ᠰᠠᠷ᠎ᠠ ᠶᠢᠨ 17 ᠤ ᠡᠳᠦᠷ᠂ ᠰᠢᠶᠠᠩᠭᠠᠩ ᠤᠨ ᠨᠣᠮ ᠤᠨ ᠦᠵᠡᠰᠭᠦᠯᠡᠩ ᠶᠠᠪᠤᠭᠳᠠᠭᠰᠠᠨ ᠠᠩᠬᠠᠨ ᠤ ᠡᠳᠦᠷ ᠰᠢᠨ᠎ᠡ ᠨᠣᠮ ᠨᠡᠶᠢᠲᠡᠯᠡᠬᠦ ᠬᠤᠷᠠᠯ ᠵᠢᠴᠢ ᠬᠡᠪᠯᠡᠯ ᠤᠨ ᠶᠠᠷᠢᠯᠴᠠᠬᠤ ᠬᠤᠷᠠᠯ ᠬᠢᠪᠡ᠃      ︽ᠰᠢ ᠶᠢᠨ ᠫᠢᠩ ᠤᠨ ᠵᠣᠬᠢᠶᠠᠯ ᠪᠦᠲᠦᠭᠡᠯ ᠤᠨ ᠰᠣᠩᠭᠤᠮᠠᠯ︾ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠡᠨ ᠨᠠᠮ ᠤᠨ ᠲᠥᠪ ᠬᠤᠷᠢᠶ᠎ᠠ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠨᠡᠭᠡᠭᠡᠭᠰᠡᠨ ᠪᠥᠭᠡᠳ ᠲᠠᠰᠤᠷᠠᠯᠲᠠ ᠦᠭᠡᠢ ᠰᠢᠨ᠎ᠡ ᠢᠯᠠᠯᠲᠠ ᠶᠢ ᠲᠡᠮᠡᠴᠡᠨ ᠣᠯᠣᠭᠰᠠᠨ ᠠᠭᠤᠤ ᠶᠡᠭᠡ ᠲᠡᠦᠬᠡᠨ ᠠᠬᠢᠴᠠ ᠶᠢ ᠠᠮᠢᠳᠤᠯᠢᠭ ᠢᠶᠠᠷ ᠲᠡᠮᠳᠡᠭᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠠᠬᠢᠭᠤᠯᠤᠭᠠᠳ ᠣᠯᠣᠭᠰᠠᠨ ᠴᠢᠬᠤᠯᠠ ᠶᠡᠭᠡ ᠣᠨᠣᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠥᠪᠯᠡᠷᠡᠩᠭᠦᠢ ᠲᠤᠰᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠦᠨᠡᠨ ᠶᠣᠰᠣᠨ ᠤ ᠬᠦᠴᠦᠨ ᠪᠠ ᠦᠢᠯᠡᠳᠦᠯᠭᠡ ᠶᠢᠨ ᠠᠭᠤᠤ ᠬᠦᠴᠦᠨ ᠢ ᠭᠦᠢᠴᠡᠳ ᠢᠯᠡᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠦᠨᠳᠦᠰᠦᠲᠡᠨ ᠤ ᠬᠥᠭᠵᠢᠯᠲᠡ᠂ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭᠠᠨ ᠤ ᠲᠤᠬᠠᠢ ᠡᠭᠦᠷᠭᠡ ᠬᠠᠷᠢᠭᠤᠴᠠᠯᠭ᠎ᠠ ᠢ ᠢᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠤᠰᠬᠠᠭᠰᠠᠨ ᠡᠷᠬᠡ ᠰᠦᠷᠲᠦ ᠪᠦᠲᠦᠭᠡᠯ ᠮᠥᠨ᠃ ︽ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ︾ ᠨᠢ ᠰᠢ ᠶᠢᠨ ᠫᠢᠩ ᠨᠥᠬᠦᠷ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠢ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠶᠡᠭᠡ ᠵᠠᠷᠴᠢᠮ ᠵᠡᠷᠭᠡ ᠪᠠᠶᠠᠯᠢᠭ ᠠᠭᠤᠯᠤᠭᠳᠠᠬᠤᠨ ᠤ ᠲᠤᠬᠠᠢ ᠭᠦᠨᠵᠡᠭᠡᠢ ᠲᠠᠶᠢᠯᠪᠤᠷᠢᠯᠠᠯᠲᠠ ᠶᠢ ᠰᠢᠰᠲ᠋ᠧᠮ ᠲᠠᠢ ᠲᠤᠰᠬᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠨᠤᠯ ᠪᠠ ᠦᠢᠯᠡᠳᠦᠯᠭᠡ ᠶᠢᠨ ᠲᠠᠯ᠎ᠠ ᠪᠠᠷ ᠬᠢ ᠰᠢᠨ᠎ᠡ ᠡᠭᠦᠳᠦᠯᠲᠡ ᠰᠢᠪᠲᠤᠯᠤᠯᠲᠠ ᠶᠢ ᠲᠥᠪᠯᠡᠷᠡᠩᠭᠦᠢ ᠢᠯᠡᠷᠡᠭᠦᠯᠵᠦ᠂ ᠨᠠᠮ ᠠᠴᠠ ᠠᠷᠠᠳ ᠲᠦᠮᠡᠨ ᠢ ᠤᠳᠤᠷᠢᠳᠤᠨ ᠠᠮᠵᠢᠯᠲᠠ ᠲᠠᠢ ᠪᠠᠷ ᠨᠡᠭᠡᠭᠡᠭᠰᠡᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠵᠠᠮ᠂ ᠡᠭᠦᠳᠦᠨ ᠪᠦᠲᠦᠭᠡᠭᠰᠡᠨ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ᠂ ᠵᠢᠷᠤᠭᠯᠠᠭᠰᠠᠨ ᠣᠳᠣᠬᠢᠴᠢᠯᠠᠯᠲᠠ ᠶᠢᠨ ᠰᠢᠨ᠎ᠡ ᠵᠢᠷᠤᠭ ᠲᠥᠰᠥᠪ ᠢ ᠢᠯᠡᠷᠡᠭᠦᠯᠪᠡ᠃      ᠭᠤᠷᠪᠠᠨ ᠪᠣᠳᠢ ᠨᠣᠮ ᠪᠢᠴᠢᠭ ᠤᠨ ᠤᠤᠯ ᠦᠰᠦᠭ ᠤᠨ ᠬᠡᠪᠯᠡᠯ ᠢ ᠬᠡᠪᠯᠡᠨ ᠲᠠᠷᠬᠠᠭᠠᠭᠰᠠᠨ ᠨᠢ ᠰᠢᠶᠠᠩᠭᠠᠩ ᠣᠣᠮᠧᠨ ᠤ ᠤᠩᠰᠢᠭᠴᠢᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠰᠲ᠋ᠧᠮ ᠲᠠᠢ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠨᠣᠯ ᠤᠨ ᠰᠢᠰᠲ᠋ᠧᠮ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠳᠤ ᠠᠰᠢᠭᠲᠠᠢ ᠪᠠᠶᠢᠵᠤ᠂ ᠰᠢᠶᠠᠩᠭᠠᠩ ᠣᠣᠮᠧᠨ ᠤ ᠠᠬ᠎ᠠ ᠳᠡᠭᠦᠦ ᠨᠠᠷ ᠢ ᠬᠥᠲᠥᠯᠥᠨ ᠵᠢᠯᠤᠭᠤᠳᠴᠤ ᠤᠯᠤᠰ᠂ ᠦᠨᠳᠦᠰᠦᠲᠡᠨ ᠪᠣᠯᠣᠨ ᠰᠣᠶᠣᠯ ᠤᠨ ᠲᠤᠬᠠᠢ ᠬᠠᠮᠲᠤ ᠶᠢᠨ ᠲᠠᠨᠢᠯᠲᠠ ᠶᠢ ᠨᠢ ᠨᠡᠮᠡᠭᠳᠡᠭᠦᠯᠵᠦ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃      ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ᠂ ᠲᠥᠪ ᠤᠨ ᠵᠠᠰᠠᠭ ᠤᠨ ᠣᠷᠳᠣᠨ ᠤ ᠰᠢᠶᠠᠩᠭᠠᠩ ᠳᠤ ᠰᠠᠭᠤᠭ᠎ᠠ ᠬᠤᠯᠪᠤᠭ᠎ᠠ ᠠᠪᠬᠤ ᠠᠯᠪᠠᠨ ᠭᠡᠷ ᠤᠨ ᠬᠠᠷᠢᠭᠤᠴᠠᠯᠭᠠᠲᠠᠨ᠂ ᠰᠢᠶᠠᠩᠭᠠᠩ ᠤᠨ ᠤᠯᠤᠰ ᠢᠶᠠᠨ ᠬᠠᠶᠢᠷᠠᠯᠠᠵᠤ ᠰᠢᠶᠠᠩᠭᠠᠩ ᠢᠶᠠᠨ ᠬᠠᠶᠢᠷᠠᠯᠠᠬᠤ ᠪᠠᠶᠢᠭᠤᠯᠤᠮᠵᠢ᠂ ᠤᠯᠤᠰ ᠲᠦᠷᠦ ᠶᠢᠨ ᠪᠦᠯᠭᠦᠮ ᠨᠡᠶᠢᠭᠡᠮ ᠤᠨ ᠪᠦᠯᠭᠦᠮ ᠤᠨ ᠲᠥᠯᠥᠭᠡᠯᠡᠭᠴᠢ ᠪᠣᠯᠣᠨ ᠬᠡᠪᠯᠡᠯ ᠤᠨ ᠡᠲᠡᠭᠡᠳ ᠤᠨ ᠲᠥᠯᠥᠭᠡᠯᠡᠭᠴᠢ ᠰᠢᠨ᠎ᠡ ᠨᠣᠮ ᠨᠡᠶᠢᠲᠡᠯᠡᠬᠦ ᠬᠤᠷᠠᠯ ᠵᠢᠴᠢ ᠬᠡᠪᠯᠡᠯ ᠤᠨ ᠶᠠᠷᠢᠯᠴᠠᠬᠤ ᠬᠤᠷᠠᠯ ᠳᠤ ᠣᠷᠣᠯᠴᠠᠪᠠ᠃ ᠰᠢᠶᠠᠩᠭᠠᠩ ᠤᠨ ᠨᠥᠭᠦᠷᠰᠡᠭ ᠢᠶᠠᠷ ᠬᠠᠮᠵᠢᠯᠴᠠᠨ ᠠᠬᠢᠭᠤᠯᠬᠤ ᠡᠪᠯᠡᠯ᠂ ᠰᠢᠶᠠᠩᠭᠠᠩ ᠤᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠶᠢᠭᠡᠮᠯᠢᠭ᠂ ᠰᠢᠶᠠᠩᠭᠠᠩ ᠤᠨ ᠰᠤᠷᠭᠠᠨ ᠬᠥᠮᠦᠵᠢᠯ ᠤᠨ ᠠᠵᠢᠯᠲᠠᠳ ᠤᠨ ᠬᠤᠯᠪᠤᠭ᠎ᠠ ᠵᠡᠷᠭᠡ ᠬᠤᠯᠪᠣᠭᠳᠠᠯ ᠪᠦᠬᠦᠢ ᠬᠠᠷᠢᠭᠤᠴᠠᠯᠭᠠᠲᠠᠨ ᠰᠢᠨ᠎ᠡ ᠨᠣᠮ ᠨᠡᠶᠢᠲᠡᠯᠡᠬᠦ ᠬᠤᠷᠠᠯ ᠳᠡᠭᠡᠷ᠎ᠡ ᠪᠡᠯᠡᠭᠯᠡᠨ ᠬᠦᠷᠭᠡᠭᠰᠡᠨ ᠨᠣᠮ ᠢ ᠭᠥᠯᠢᠶᠡᠨ ᠠᠪᠤᠪᠠ᠃ ᠭᠤᠷᠪᠠᠨ ᠪᠣᠳᠢ ᠨᠣᠮ ᠤᠨ ᠤᠤᠯ ᠦᠰᠦᠭ ᠤᠨ ᠬᠡᠪᠯᠡᠯ ᠢ ᠥᠨᠥᠳᠥᠷ ᠠᠴᠠ ᠡᠬᠢᠯᠡᠨ ᠰᠢᠶᠠᠩᠭᠠᠩ ᠣᠣᠮᠧᠨ ᠤ ᠡᠯ᠎ᠡ ᠶᠡᠭᠡ ᠨᠣᠮ ᠤᠨ ᠳᠡᠯᠭᠡᠭᠦᠷ ᠲᠤ ᠪᠦᠭᠦ ᠲᠠᠯ᠎ᠠ ᠪᠠᠷ ᠳᠡᠯᠭᠡᠨ ᠦᠵᠡᠭᠦᠯᠭᠦ ᠪᠥᠭᠡᠳ ᠭᠤᠣᠯᠳᠠᠯᠭ᠎ᠠ ᠲᠠᠢ ᠨᠣᠮ ᠪᠢᠴᠢᠭ ᠢᠶᠠᠷ ᠬᠤᠳᠠᠯᠳᠤᠨ ᠪᠣᠷᠣᠯᠠᠭᠤᠯᠬᠤ ᠪᠣᠯᠣᠨ᠎ᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号