ᠵᠠᠰᠠᠭ ᠤᠨ ᠣᠷᠳᠣᠨ ᠤ ᠲᠣᠮᠣ ᠠᠵᠢᠯ ᠶᠠᠪᠤᠳᠠᠯ ᠤᠨ ᠲᠡᠮᠳᠡᠭᠯᠡᠯ ( 6 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ )
ᠨᠡᠶᠢᠲᠡᠯᠡᠭᠰᠡᠨ ᠴᠠᠭ᠄
2024/7/19
      6 ᠳ᠋ᠤᠭᠠᠷ ᠰᠠᠷ᠎ᠠ ᠶᠢᠨ 1 ᠤ ᠡᠳᠦᠷ  ᠪᠥᠬᠦ ᠣᠷᠣᠨ ᠤ ︽ ᠠᠶᠤᠯ ᠦᠭᠡᠢ ᠦᠢᠯᠡᠳᠪᠦᠷᠢᠯᠡᠯ ᠤᠨ ᠰᠠᠷ᠎ᠠ ︾ ᠶᠢᠨ ᠠᠵᠢᠯᠯᠠᠭ᠎ᠠ ᠬᠥᠬᠡᠬᠤᠲᠠ ᠳᠤ ᠡᠬᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠲᠣᠰ ᠠᠵᠢᠯᠯᠠᠭ᠎ᠠ ᠳᠤ ᠣᠷᠣᠯᠴᠠᠭᠰᠠᠨ ᠪᠥᠭᠡᠳ ᠲᠤᠰᠬᠠᠢ ᠠᠪᠤᠷᠠᠨ ᠲᠤᠰᠠᠯᠠᠬᠤ ᠡᠩᠨᠡᠭᠡ ᠳᠤ ᠲᠤᠭ ᠣᠯᠭᠤᠪᠠ ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠂ ᠲᠤᠰᠬᠠᠢ ᠠᠪᠤᠷᠠᠨ ᠲᠤᠰᠠᠯᠠᠬᠤ ᠡᠯ᠎ᠡ ᠡᠩᠨᠡᠭᠡ ᠂ ᠬᠤᠯᠪᠣᠭᠳᠠᠯ ᠪᠦᠬᠦᠢ ᠰᠠᠶᠢᠨ ᠳᠤᠷ᠎ᠠ ᠶᠢᠨ ᠠᠵᠢᠯᠯᠠᠭᠰᠠᠳ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢᠳ ᠲᠣᠰ ᠠᠵᠢᠯᠯᠠᠭ᠎ᠠ ᠳᠤ ᠣᠷᠣᠯᠴᠠᠪᠠ ᠃      6 ᠳ᠋ᠤᠭᠠᠷ ᠰᠠᠷ᠎ᠠ ᠶᠢᠨ 4 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠠᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠥᠪᠥᠷ ᠮᠣᠩᠭᠤᠯ ᠤᠨ ᠮᠦᠽᠧᠢ ᠳᠤ ᠬᠦᠷᠴᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠢᠶᠠᠨ ᠳᠠᠬᠢᠨ ᠤᠩᠰᠢᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠠᠵᠢᠯᠯᠠᠭ᠎ᠠ ᠳᠤ ᠣᠷᠣᠯᠴᠠᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠲᠠᠢ ᠠᠭᠤᠯᠵᠠᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ ᠂ ᠶᠠᠩ ᠶᠢᠨ ᠠᠭᠤᠯᠵᠠᠯᠲᠠ ᠳᠤ ᠣᠷᠣᠯᠴᠠᠪᠠ ᠃      ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠳᠠᠬᠢ ᠲᠠᠨᠢᠯᠴᠠᠭᠤᠯᠬᠤ ᠬᠤᠷᠠᠯ ᠵᠢᠴᠢ ᠭᠡᠷ᠎ᠡ ᠲᠣᠭᠲᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ ᠃ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃      6 ᠳ᠋ᠤᠭᠠᠷ ᠰᠠᠷ᠎ᠠ ᠶᠢᠨ 5 ᠤ ᠡᠳᠦᠷ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠯᠤᠭ᠎ᠠ ᠬᠥᠬᠡᠬᠤᠲᠠ ᠳᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠵᠠᠬᠢᠷᠤᠯ ᠵᠠᠩ ᠯᠢ ᠴᠢᠶᠦ᠋ᠨ ᠨᠠᠷ ᠲᠠᠢ ᠠᠭᠤᠯᠵᠠᠭᠰᠠᠨ ᠪᠥᠭᠡᠳ ᠵᠥᠪᠯᠡᠯᠴᠡᠭᠡᠷ ᠲᠣᠭᠲᠠᠭᠰᠠᠨ ᠢ ᠬᠠᠮᠲᠤ ᠪᠠᠷ ᠭᠡᠷᠡᠴᠢᠯᠡᠪᠡ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠪᠠ ᠃      2024 ᠣᠨ ᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ︽ ᠥᠪᠥᠷ ᠮᠣᠩᠭᠤᠯ ᠳᠠᠬᠢ ᠠᠶᠠᠯᠠᠯ ︾ ᠤᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠶᠠᠷᠢᠯᠴᠠᠭ᠎ᠠ ᠵᠢᠴᠢ ᠪᠡᠯᠡ ᠣᠷᠣᠭᠤᠯᠤᠯᠲᠠ ᠶᠢᠨ ᠶᠠᠷᠢᠯᠴᠠᠬᠤ ᠬᠤᠷᠠᠯ ᠬᠥᠬᠡᠬᠤᠲᠠ ᠳᠤ ᠶᠠᠪᠤᠭᠳᠠᠪᠠ ᠃ ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠪᠠ ᠃      6 ᠳ᠋ᠤᠭᠠᠷ ᠰᠠᠷ᠎ᠠ ᠶᠢᠨ 6 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠷᠠᠯ ᠳᠤ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠣᠬᠢᠶᠠᠯ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ︾ ᠂ ᠠᠵᠤ ᠠᠬᠤᠶᠢᠯᠠᠯ ᠪᠠ ᠲᠤᠰᠬᠠᠢ ᠮᠡᠷᠭᠡᠵᠢᠯᠲᠡᠳ ᠤᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠰᠣᠶᠣᠯ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠬᠢᠨᠠᠨ ᠰᠢᠯᠭᠠᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠵᠤ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠂ ᠳᠤᠯᠠᠭᠠᠯᠠᠭ᠎ᠠ ᠶᠢᠨ ᠢᠨᠵᠧᠨᠧᠷᠢᠩ ᠪᠠ ᠦᠨᠡᠨᠴᠢ ᠢᠲᠡᠭᠡᠮᠵᠢ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠤᠨ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠲᠥᠰᠥᠯ ᠢ ᠰᠤᠳᠤᠯᠪᠠ ᠃ ᠬᠤᠷᠠᠯ ᠳᠤ ᠪᠠᠰᠠ ᠬᠤᠷᠢᠨᠭᠡᠷ ᠤᠨ ᠴᠤᠭᠯᠠᠷᠠᠯ ᠤᠨ ᠪᠣᠬᠢᠷᠲᠤᠯ ᠦᠭᠡᠢ ᠪᠣᠳᠣᠯᠲᠠ ᠶᠢᠨ ᠠᠵᠤ ᠦᠢᠯᠡᠰ ᠤᠨ ᠬᠥᠭᠵᠢᠯᠲᠡ ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠂ ᠮᠠᠰᠢᠨᠲᠤ ᠲᠡᠷᠭᠡᠨ ᠤ ᠬᠡᠷᠡᠭᠯᠡᠭᠡ ᠂ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢᠨ ᠬᠢᠵᠠᠭᠠᠷᠯᠠᠯ ᠤᠨ ᠲᠣᠬᠢᠷᠠᠭᠤᠯᠤᠯᠲᠠ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠢᠨᠠᠨ ᠵᠥᠪᠯᠡᠵᠦ ᠪᠠᠲᠤᠯᠠᠪᠠ ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠤᠬᠠᠢ ᠴᠢᠬᠤᠯᠠ ᠥᠭᠦᠯᠡᠯᠲᠡ ᠶᠢ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ ᠃ ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠲᠤᠰᠬᠠᠢ ᠲᠤᠰᠢᠶᠠᠯᠲᠤ ᠭᠡᠰᠢᠭᠦᠨ ᠴᠢᠨ ᠢ ᡁᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠲᠣᠰ ᠲᠣᠰ ᠪᠠᠶᠠᠷ ᠤᠨ ᠦᠭᠡ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠢ ᠡᠷᠭᠢᠯᠡᠪᠡ ᠃ ᠬᠤᠷᠠᠯ ᠳᠤ ᠂ ᠬᠤᠤ ᠱᠢ ᠶᠤᠸᠠᠨ ᠵᠡᠷᠭᠡ 10 ᠲᠤᠰᠬᠠᠢ ᠮᠡᠷᠭᠡᠵᠢᠯᠲᠡᠨ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠤᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠪᠠᠷ ᠤᠷᠢᠭᠳᠠᠵᠤ ᠂ ᠯᠢᠦ ᠪᠦᠦ ᠮᠢᠩ ᠵᠡᠷᠭᠡ 4 ᠲᠤᠰᠬᠠᠢ ᠮᠡᠷᠭᠡᠵᠢᠯᠲᠡᠨ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠬᠤᠷᠠᠯ ᠳᠤ ᠪᠠᠰᠠ ᠲᠤᠰᠬᠠᠢ ᠰᠡᠳᠦᠪ ᠬᠤᠪᠢᠶᠠᠨ ᠰᠤᠳᠤᠯᠤᠨ ᠶᠠᠷᠢᠯᠴᠠᠬᠤ ᠪᠠ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠶᠢ ᠶᠠᠪᠤᠭᠳᠠᠭᠤᠯᠪᠠ ᠃      6 ᠳ᠋ᠤᠭᠠᠷ ᠰᠠᠷ᠎ᠠ ᠶᠢᠨ 7 ᠤ ᠡᠳᠦᠷ  ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ᠪᠡᠭᠡᠵᠢᠩ ᠳᠤ ︽ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ ᠴᠢᠨᠠᠷ ᠰᠠᠶᠢᠲᠠᠢ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠶ᠎ᠠ ︾ ᠪᠠᠷ ᠭᠤᠣᠯ ᠰᠡᠳᠦᠪ ᠪᠣᠯᠭᠠᠵᠤ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠭᠦᠩ ᠮᠢᠩ ᠵᠦ ᠲᠠᠢ ᠲᠠᠪᠤᠨ ᠶᠡᠭᠡ ᠡᠭᠦᠷᠭᠡ ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠰᠠᠨᠠᠯ ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠂ ᠰᠢᠨ᠎ᠡ ᠡᠨᠧᠷᠭᠢ ᠶᠢᠨ ᠠᠵᠤ ᠦᠢᠯᠡᠰ ᠂ ᠰᠣᠶᠣᠯ ᠵᠢᠭᠤᠯᠴᠢᠯᠠᠯ ᠤᠨ ᠠᠵᠤ ᠦᠢᠯᠡᠰ ᠂ ᠠᠷᠠᠳ ᠠᠴᠠ ᠡᠵᠡᠩᠨᠡᠭᠰᠡᠨ ᠠᠵᠤ ᠠᠬᠤᠢ ᠂ ᠭᠠᠳᠠᠭᠰᠢ ᠨᠡᠭᠡᠭᠡᠯᠲᠡ ᠬᠢᠬᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠲᠠᠯ᠎ᠠ ᠶᠢᠨ ᠠᠵᠢᠯ ᠤᠨ ᠲᠣᠭᠤᠷᠢᠨ ᠳᠤ ᠂ ᠰᠤᠷᠪᠤᠯᠵᠢᠯᠠᠭᠴᠢᠳ ᠤᠨ ᠠᠰᠠᠭᠤᠯᠲᠠ ᠨᠤᠭᠤᠳ ᠢ ᠬᠠᠷᠢᠭᠤᠯᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠵᠢᠯ ᠢ ᠪᠠᠶᠢᠴᠠᠭᠠᠪᠠ ᠃ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠲᠤ ᠂ ᠸᠠᠩ ᠯᠢ ᠰᠢᠶᠠ ᠰᠢᠯᠭᠠᠯᠲᠠ ᠶᠢᠨ ᠲᠠᠯᠠᠪᠤᠷ ᠢ ᠠᠯᠤᠰ ᠠᠴᠠ ᠲᠣᠭᠤᠷᠢᠨ ᠪᠠᠶᠢᠴᠠᠭᠠᠵᠤ ᠂ ᠠᠯᠠᠱᠠ ᠠᠶᠢᠮᠠᠭ ᠂ ᠬᠥᠯᠥᠨ ᠪᠤᠶᠢᠷ ᠬᠤᠲᠠ ᠂ ᠪᠠᠶᠠᠨᠨᠠᠭᠤᠷ ᠬᠤᠲᠠ ᠂ ᠤᠯᠠᠭᠠᠨᠬᠠᠳᠠ ᠬᠤᠲᠠ ᠂ ᠣᠷᠳᠣᠰ ᠬᠤᠲᠠ ᠵᠡᠷᠭᠡ ᠭᠠᠵᠠᠷ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠯᠦᠭᠡ ᠬᠤᠯᠪᠣᠭ᠎ᠠ ᠠᠪᠴᠤ ᠂ ᠠᠵᠢᠯᠲᠠᠳ ᠢ ᠲᠣᠬᠤᠨᠢᠭᠤᠯᠵᠤ ᠂ ᠲᠤᠬᠠᠢ ᠶᠢᠨ ᠭᠠᠵᠠᠷ ᠤᠨ ᠴᠠᠭ ᠠᠭᠤᠷ ᠂ ᠰᠢᠯᠭᠠᠭᠤᠯᠤᠭᠴᠢᠳ ᠤᠨ ᠲᠤᠭ᠎ᠠ ᠂ ᠰᠢᠯᠭᠠᠭᠤᠯᠤᠭᠰᠠᠨ ᠨᠣᠷᠮ᠎ᠠ ᠵᠡᠷᠭᠡ ᠪᠠᠶᠢᠳᠠᠯ ᠢ ᠯᠠᠪᠯᠠᠨ ᠠᠰᠠᠭᠤᠵᠤ ᠂ ᠠᠵᠢᠯᠲᠠᠳ ᠲᠤ ᠠᠵᠢᠯ ᠤᠨ ᠪᠠᠶᠢᠷᠢ ᠪᠠᠨ ᠪᠠᠲᠤ ᠰᠠᠬᠢᠵᠤ ᠂ ᠠᠯᠢᠪᠠ ᠪᠦᠬᠦᠨ ᠳᠤ ᠰᠢᠯᠭᠠᠭᠤᠯᠤᠭᠴᠢ ᠶᠢᠨ ᠲᠥᠯᠥᠭᠡ ᠪᠠᠶᠢᠵᠤ ᠂ ᠡᠯ᠎ᠡ ᠵᠦᠢᠯ ᠤᠨ ᠰᠢᠯᠭᠠᠯᠲᠠ ᠶᠢᠨ ᠠᠵᠢᠯ ᠢ ᠰᠠᠶᠢᠲᠤᠷ ᠬᠢᠵᠦ ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠯᠠᠪᠳᠠᠭᠤᠨ ᠲᠣᠭᠲᠠᠭᠤᠨ ᠂ ᠤᠷᠤᠭᠰᠢᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠠᠬᠢᠪᠠ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ ᠂ ᠶᠠᠩ ᠵᠢᠶᠧ ᠠᠵᠢᠯᠯᠠᠭ᠎ᠠ ᠳᠤ ᠣᠷᠣᠯᠴᠠᠪᠠ ᠃      ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠰᠡᠨ ︽ ᠭᠡᠷᠡᠴᠢᠯᠡᠯ  ᠬᠠᠮᠲᠤ ᠶᠢᠨ ᠠᠶᠠᠯᠠᠯ ︾ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠬᠠᠷᠠᠭᠠᠨ ᠳᠠᠬᠢ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠪᠣᠳᠠᠲᠤ ᠲᠡᠮᠳᠡᠭᠯᠡᠯ ᠤᠨ ᠬᠡᠷᠡᠯ ᠵᠢᠷᠤᠭ ᠤᠨ ᠦᠵᠡᠭᠦᠯᠭᠡ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠳᠤ ᠶᠠᠪᠤᠭᠳᠠᠪᠠ ᠃ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠲᠥᠪ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠬᠤᠶ ᠳ᠋ᠦᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠳᠤ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠭᠤᠮᠢᠨᠳᠠᠩ ᠤᠨ ᠬᠤᠪᠢᠰᠬᠠᠯᠲᠤ ᠬᠤᠷᠢᠶᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶᠠᠨ ᠤ ᠡᠷᠬᠢᠯᠡᠭᠴᠢ ᠭᠡᠰᠢᠭᠦᠨ ᠪᠠᠢ ᠴᠢᠩ ᠶᠤᠸᠠᠨ ᠠᠵᠢᠯᠯᠠᠭ᠎ᠠ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ ᠃      6 ᠳ᠋ᠤᠭᠠᠷ ᠰᠠᠷ᠎ᠠ ᠶᠢᠨ 11 ᠤ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ 2024 ᠣᠨ ᠤ ᠬᠤᠶᠠᠳᠤᠭᠠᠷ ᠲᠠᠯᠠᠪᠤᠷ ︽ ᠵᠠᠰᠠᠭ ᠤᠨ ᠣᠷᠳᠣᠨ ᠠᠵᠤ ᠠᠬᠤᠶᠢᠯᠠᠯ ᠤᠨ ᠰᠡᠳᠬᠢᠯ ᠨᠢᠭᠡᠳᠦᠨ ᠶᠠᠷᠢᠯᠴᠠᠬᠤ ᠬᠤᠷᠠᠯ ︾ — ᠳᠡᠭᠡᠳᠦ ᠰᠢᠨ᠎ᠡ ᠮᠡᠷᠭᠡᠵᠢᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠲᠠᠯᠠᠪᠤᠷ ᠤᠨ ᠠᠵᠢᠯᠯᠠᠭ᠎ᠠ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠠᠵᠢᠯᠯᠠᠭ᠎ᠠ ᠶᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ ᠂ ᠠᠨ ᠷᠦᠨ ᠱᠧᠩ ᠂ ᠰᠦᠨ ᠵᠢᠶᠦ᠋ᠨ ᠴᠢᠩ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ ᠃      6 ᠳ᠋ᠤᠭᠠᠷ ᠰᠠᠷ᠎ᠠ ᠶᠢᠨ 12 ᠤᠨ ᠡᠳᠦᠷ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ︽ ᠰᠠᠬᠢᠯᠭ᠎ᠠ ᠪᠠᠲᠤ ᠶᠢ ᠨᠠᠷᠢᠨ ᠬᠢᠨᠠᠮᠠᠭᠠᠢ ᠪᠠᠷ ᠰᠣᠷᠣᠯᠴᠠᠨ ᠂ ᠰᠠᠬᠢᠯᠭ᠎ᠠ ᠪᠠᠲᠤ ᠶᠢ ᠪᠦᠬᠦ ᠲᠠᠯ᠎ᠠ ᠪᠠᠷ ᠣᠶᠢᠯᠠᠭᠠᠨ ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ ᠂ ᠰᠠᠬᠢᠯᠭ᠎ᠠ ᠪᠠᠲᠤ ᠶᠢ ᠪᠠᠲᠤ ᠴᠢᠩᠭ᠎ᠠ ᠰᠠᠬᠢᠵᠤ ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠡᠷᠡᠰ ᠪᠠᠲᠤ ᠬᠠᠮᠠᠭᠠᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠣᠶ᠎ᠠ ︾ ᠭᠡᠬᠦ ᠰᠡᠳᠦᠪ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠸᠢᠳᠢᠤ᠋ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠡᠯ᠎ᠡ ᠠᠶᠢᠮᠠᠭ ᠬᠤᠲᠠ ᠶᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ ᠂ ᠠᠶᠢᠮᠠᠭ ᠬᠤᠲᠠ ᠳᠠᠷᠠᠭᠠᠯᠠᠨ ᠦᠨᠡᠯᠡᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠱᠦᠵᠢ ᠮᠧᠩ ᠰᠢᠶᠠᠨ ᠳ᠋ᠦᠩ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠥᠸᠧ ᠬᠤᠷᠠᠯ ᠳᠤ ᠣᠷᠣᠯᠴᠠᠪᠠ ᠃      6 ᠳ᠋ᠤᠭᠠᠷ ᠰᠠᠷ᠎ᠠ ᠶᠢᠨ 13 ᠤ ᠡᠳᠦᠷ  ᠪᠥᠬᠦ ᠣᠷᠣᠨ ᠤ ᠤᠳᠤᠷᠢᠳᠬᠤ ᠺᠠᠳ᠋ᠷᠴᠤᠳ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ ᠃ ᠬᠤᠷᠠᠯ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠤᠯᠠᠮᠵᠢᠯᠠᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠪᠡ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠵᠠᠰᠠᠭ ᠤᠨ ᠣᠷᠳᠣᠨ ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ ᠬᠤᠷᠠᠯ ᠳᠤ ᠣᠷᠣᠯᠴᠠᠪᠠ ᠃ ᠬᠤᠷᠠᠯ ᠳᠤ ᠣᠷᠣᠯᠴᠠᠭᠰᠠᠳ ︽ ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠶ᠎ᠠ ︾ ᠭᠡᠬᠦ ᠰᠡᠷᠡᠮᠵᠢᠯᠡᠭᠦᠯᠦᠨ ᠬᠥᠮᠥᠵᠢᠭᠦᠯᠬᠦ ᠹᠢᠯᠢᠮ ᠢ ᠲᠥᠪᠯᠡᠷᠡᠭᠦᠯᠦᠨ ᠦᠵᠡᠪᠡ ᠃ ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠳᠠ ᠪᠣᠯᠣᠨ ᠮᠠᠨᠵᠤᠤᠷ ᠬᠤᠳᠠ ᠂ ᠡᠷᠢᠶᠡᠨ ᠬᠤᠳᠠ ᠳᠤ ᠬᠤᠷᠠᠯ ᠤᠨ ᠬᠤᠪᠢᠶᠠᠷᠢ ᠲᠠᠯᠠᠪᠠᠢ ᠲᠣᠬᠢᠷᠠᠭᠤᠯᠪᠠ ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ ᠃ ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠵᠤ ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠯᠣᠨ ᠤᠯᠤᠰ ᠤᠨ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠰᠣᠨᠣᠰᠴᠤ ᠂ ᠪᠥᠬᠦ ᠤᠯᠤᠰ ᠤᠨ ᠣᠶ ᠰᠢᠭᠤᠢ ᠨᠤᠲᠤᠭ ᠪᠡᠯᠴᠢᠭᠡᠷ ᠤᠨ ᠰᠢᠰᠲ᠋ᠧᠮ ᠤᠨ ᠬᠢᠨᠠᠨ ᠪᠣᠳᠣᠯᠲᠠ ᠶᠢᠨ ᠲᠤᠰᠬᠠᠢ ᠴᠡᠭᠴᠡᠯᠡᠨ ᠰᠠᠶᠢᠵᠢᠷᠠᠭᠤᠯᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠲᠣᠭᠲᠠᠯᠴᠠᠭ᠎ᠠ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠦ ᠪᠠᠲᠤᠯᠠᠪᠠ ᠃ ᠬᠤᠷᠠᠯ ᠳᠤ ᠪᠠᠰᠠ ᠪᠤᠰᠤᠳ ᠵᠦᠢᠯᠡᠰ ᠢ ᠰᠤᠳᠤᠯᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号