ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠮᠠᠰᠢᠨ ᠵᠣᠭᠰᠣᠵᠤ ᠲᠠᠰ ᠳᠡᠪᠰᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/7/2
  ᠨᠠᠩ ᠲᠣᠭᠲᠠᠭᠤᠨ ᠴᠢᠨᠠᠷ ᠰᠠᠶᠢᠲᠠᠶ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠶᠢᠨ       ᠲᠥᠯᠥᠭᠡ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2024 ᠣᠨ ᠤ 7 ᠳ᠋ᠤᠭᠠᠷ ᠰᠠᠷ᠎ᠠ ᠶᠢᠨ 4 ᠤ ᠡᠳᠦᠷ ᠤᠨ 23᠄ 00 ᠠᠴᠠ 24᠄ 00 ᠪᠣᠯᠲᠠᠯ᠎ᠠ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢᠨ ᠳᠤᠮᠳᠠ ᠲᠠᠪᠴᠠᠩ ᠮᠠᠰᠢᠨ ᠵᠣᠭᠰᠣᠵᠤ ᠲᠠᠰ ᠳᠡᠪᠰᠢᠭᠦᠯᠦᠨ᠎ᠡ᠃ ᠳᠡᠰ ᠳᠡᠪᠰᠢᠬᠦ ᠬᠤᠭᠤᠴᠠᠭᠠᠨ ᠳᠤ᠂ ᠺᠣᠳ᠋ ᠳᠡᠯᠭᠡᠵᠦ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠲᠦᠷ ᠵᠣᠭᠰᠣᠭᠠᠵᠤ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠮᠠᠰᠢᠨ ᠵᠣᠭᠰᠣᠬᠤ ᠴᠠᠭ  2024 ᠣᠨ ᠤ 7 ᠳ᠋ᠤᠭᠠᠷ ᠰᠠᠷ᠎ᠠ ᠶᠢᠨ 4 ᠤ ᠡᠳᠦᠷ ᠤᠨ 23᠄ 00 ᠠᠴᠠ 24᠄ 00  ᠬᠤᠶᠠᠷ᠂ ᠲᠦᠷ ᠵᠣᠭᠰᠣᠭᠠᠬᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ᠄  ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ APP᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ APP᠂ ᠮᠥᠩᠬᠡ ᠰᠤᠪᠠᠭ APP᠂ ᠸᠢᠴᠠᠲ ᠤᠨ ᠡᠮᠴᠢᠯᠡᠭᠡᠨ ᠤ ᠪᠠᠲᠤᠯᠠᠭ᠎ᠠ ᠶᠢᠨ ᠵᠢᠵᠢᠭ ᠫᠷᠤᠭ᠍ᠷᠠᠮ᠂ ᠲᠣᠭᠠᠴᠠᠭ᠎ᠠ ᠬᠢᠬᠦ ᠡᠷᠳᠡᠨᠢ ᠶᠢᠨ ᠡᠮᠴᠢᠯᠡᠭᠡᠨ ᠤ ᠳᠠᠭᠠᠳᠬᠠᠯ ᠤᠨ ᠵᠢᠵᠢᠭ ᠫᠷᠤᠭ᠍ᠷᠠᠮ ᠵᠡᠷᠭᠡ ᠺᠣᠳ᠋ ᠳᠡᠯᠭᠡᠵᠦ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠲᠦᠷ ᠵᠣᠭᠰᠣᠭᠠᠵᠤ᠂ ᠰᠦᠯᠵᠢᠶᠡᠨ ᠳᠡᠭᠡᠷᠡᠬᠢ ᠰᠢᠯᠵᠢᠮᠡᠯ ᠲᠣᠭᠠᠴᠠᠭ᠎ᠠ ᠬᠢᠬᠦ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃  ᠭᠤᠷᠪᠠ᠂ ᠪᠤᠰᠤᠳ ᠵᠦᠢᠯ  ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠠᠵᠢᠯ ᠤᠨ ᠪᠣᠳᠠᠲᠤ ᠴᠣᠭᠴᠠ ᠶᠢᠨ ᠺᠠᠷᠲ ᠢ ᠨᠥᠯᠥᠭᠡᠯᠡᠬᠦ ᠥᠬᠡᠢ᠃  ᠳᠡᠭᠡᠷᠡᠬᠢ ᠲᠤᠬᠠᠶᠢᠯᠠᠭᠰᠠᠨ ᠠᠵᠢᠯ ᠢ ᠮᠠᠰᠢᠨ ᠵᠣᠭᠰᠣᠬᠤ ᠦᠭᠡᠢ ᠴᠠᠭ ᠲᠤ ᠴᠥᠮ ᠬᠡᠪ ᠤᠨ ᠶᠣᠰᠣᠭᠠᠷ ᠭᠦᠢᠴᠡᠳᠭᠡᠵᠦ ᠪᠣᠯᠤᠨ᠎ᠠ᠂ ᠥᠷᠭᠡᠨ ᠣᠯᠠᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠢᠭᠡᠴᠢ᠂ ᠳᠠᠭᠠᠳᠬᠠᠯ ᠳᠤ ᠣᠷᠣᠯᠴᠠᠭᠰᠠᠳ ᠮᠠᠰᠢᠨ ᠵᠣᠭᠰᠣᠬᠤ ᠴᠠᠭ ᠢ ᠵᠥᠷᠢᠭᠦᠯᠦᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠭᠤᠶᠤᠴᠢᠯᠠᠨ ᠡᠷᠬᠢᠯᠡᠭᠡᠷᠡᠢ᠃ ᠡᠭᠦᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠢ ᠡᠯ᠎ᠡ ᠬᠠᠮᠢᠶ᠎ᠠ ᠪᠦᠬᠦᠢ ᠨᠢᠭᠡᠴᠢ᠂ ᠳᠠᠭᠠᠳᠬᠠᠯ ᠳᠤ ᠣᠷᠣᠯᠴᠠᠭᠰᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠭᠤᠴᠢᠯᠠᠬᠤ ᠶᠢ ᠬᠦᠰᠡᠵᠦ ᠪᠠᠶᠢᠨ᠎ᠠ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ          2024 ᠣᠨ ᠤ 7 ᠳ᠋ᠤᠭᠠᠷ ᠰᠠᠷ᠎ᠠ ᠶᠢᠨ 2 ᠤᠨ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号