ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ﹀ ᠶᠢᠨ ᠳᠠᠩᠰᠠᠯᠠᠭᠤᠯᠤᠭᠰᠠᠨ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/7/2
      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠦᠰᠦᠭ ᠵᠢᠷᠤᠵᠤ ᠂ 2024 ᠣᠨ ᠤ 7 ᠳ᠋ᠤᠭᠠᠷ ᠰᠠᠷ᠎ᠠ ᠶᠢᠨ 1 ᠤ ᠡᠳᠦᠷ ︽ ︿ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠺᠣᠮᠫᠠᠨᠢ ᠶᠢᠨ ᠬᠠᠤᠯᠢ ﹀ ᠶᠢᠨ ᠳᠠᠩᠰᠠᠯᠠᠭᠤᠯᠤᠭᠰᠠᠨ ᠬᠥᠷᠥᠩᠭᠡ ᠶᠢ ᠳᠡᠩᠰᠡᠯᠡᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︾ ︵ ᠳᠣᠷᠣᠭᠰᠢ ︽ ᠲᠣᠭᠲᠠᠭᠠᠯ ︾ ᠬᠡᠮᠡᠨ ᠲᠣᠪᠴᠢᠯᠠᠪᠠ︶ ᠢ ᠨᠡᠶᠢᠲᠡᠯᠡᠪᠡ᠂ ᠲᠤᠰ ︽ ᠲᠣᠭᠲᠠᠭᠠᠯ ︾ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ ᠃ ︽ ᠲᠣᠭᠲᠠᠭᠠᠯ ︾ ᠳᠤ ᠨᠡᠶᠢᠲᠡ 13 ᠵᠦᠢᠯ ᠪᠠᠶᠢᠵᠤ ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠪᠠᠭᠲᠠᠭᠠᠨ᠎ᠠ ᠃      ᠨᠢᠭᠡᠳᠦᠭᠡᠷ ᠲᠤ᠂ ᠺᠤᠮᠫᠠᠨᠢ ᠶᠢᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠤᠨ ᠰᠢᠯᠵᠢᠯᠲᠡ ᠶᠢᠨ ᠬᠤᠭᠤᠴᠠᠭᠠᠨ ᠤ ᠲᠣᠬᠢᠷᠠᠭᠤᠯᠤᠯᠲᠠ ᠶᠢ ᠲᠣᠳᠣᠷᠬᠠᠶᠢᠯᠠᠪᠠ᠃ 2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠳᠠᠩᠰᠠᠯᠠᠭᠤᠯᠤᠨ ᠪᠠᠶᠢᠭᠤᠯᠤᠭᠰᠠᠨ ᠺᠣᠮᠫᠠᠨᠢ ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠯᠡᠳᠡᠭᠰᠡᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠨᠢ 2027 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠭᠡᠳ 5 ᠵᠢᠯ ᠠᠴᠠ ᠢᠯᠡᠭᠦᠦ ᠪᠠᠶᠢᠪᠠᠯ ᠂ 2027 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠡᠭᠦᠨ ᠤ ᠦᠯᠡᠳᠡᠭᠰᠡᠨ ᠳᠠᠭᠠᠭᠠᠨ ᠲᠤᠰᠢᠶᠠᠬᠤ ᠪᠡᠯᠡ ᠭᠠᠷᠭᠠᠬᠤ ᠴᠠᠭ ᠤᠨ ᠬᠢᠵᠠᠭᠠᠷ ᠢ 5 ᠵᠢᠯ ᠪᠣᠯᠭᠠᠨ ᠳᠣᠬᠢᠷᠠᠭᠤᠯᠬᠤ ᠶᠢᠨ ᠬᠠᠮᠲᠤ ᠺᠣᠮᠫᠠᠨᠢ ᠶᠢᠨ ᠳᠦᠷᠢᠮ ᠳᠤ ᠲᠡᠮᠳᠡᠭᠯᠡᠪᠡᠯ ᠵᠣᠬᠢᠨ᠎ᠠ᠃ ᠬᠤᠪᠢ ᠣᠷᠣᠭᠤᠯᠤᠭᠴᠢ ᠲᠣᠬᠢᠷᠠᠭᠤᠯᠤᠭᠰᠠᠨ ᠳᠠᠭᠠᠭᠠᠨ ᠲᠤᠰᠢᠶᠠᠬᠤ ᠪᠡᠯᠡ ᠭᠠᠷᠭᠠᠬᠤ ᠬᠤᠭᠤᠴᠭᠠᠠᠨ ᠳᠤ ᠲᠤᠭ᠎ᠠ ᠶᠣᠰᠣᠭᠠᠷ ᠳᠠᠭᠠᠭᠠᠨ ᠲᠤᠰᠢᠶᠠᠬᠤ ᠪᠡᠯᠡ ᠪᠠᠨ ᠲᠣᠰᠢᠶᠠᠪᠠᠯ ᠵᠣᠬᠢᠨ᠎ᠠ ︔ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠡᠭᠦᠰᠬᠡᠨ ᠪᠠᠶᠢᠭᠤᠯᠤᠭᠴᠢ 2027 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠲᠡᠭᠦᠨ ᠤ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠪᠠᠨ ᠪᠦᠬᠦ ᠲᠤᠭ᠎ᠠ ᠪᠠᠷ  ᠨᠢ ᠲᠣᠰᠢᠶᠠᠪᠠᠯ ᠵᠣᠬᠢᠨ᠎ᠠ᠃ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠤᠯᠤᠰ ᠤᠨ ᠠᠰᠢᠭ ᠲᠤᠰᠠ ᠪᠤᠶᠤ ᠣᠯᠠᠨ ᠨᠡᠶᠢᠲᠡ ᠶᠢᠨ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠬᠤ ᠪᠥᠭᠡᠳ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠰᠠᠨᠠᠯ ᠳᠤᠷᠠᠳᠤᠭᠰᠠᠨ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠤᠯ ᠤᠨ ᠪᠡᠯᠡ ᠭᠠᠷᠭᠠᠬᠤ ᠴᠠᠭ ᠤᠨ ᠬᠢᠵᠠᠭᠠᠷ ᠢᠶᠠᠷ ᠢᠶᠠᠨ ᠪᠡᠯᠡ ᠭᠠᠷᠭᠠᠬᠤ ᠶᠢ ᠨᠢ ᠵᠥᠪᠰᠢᠶᠡᠷᠡᠵᠦ ᠪᠣᠯᠣᠨ᠎ᠠ᠃      ᠬᠤᠶᠠᠳᠤᠭᠠᠷ ᠲᠤ᠂ ᠺᠣᠮᠫᠠᠨᠢ ᠶᠢᠨ ᠪᠡᠯᠡ ᠭᠠᠷᠭᠠᠬᠤ ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠶᠢ ᠲᠣᠭᠲᠠᠭᠠᠪᠠ ᠃ ᠺᠣᠮᠫᠠᠨᠢ ᠶᠢᠨ ᠪᠡᠯᠡ ᠭᠠᠷᠭᠠᠬᠤ ᠴᠠᠭ ᠤᠨ ᠬᠢᠵᠠᠭᠠᠷ ᠂ ᠳᠠᠩᠰᠠᠯᠠᠭᠤᠯᠤᠭᠰᠠᠨ ᠬᠥᠷᠥᠩᠭᠡ ᠨᠢ ᠢᠯᠡᠷᠬᠡᠢ ᠬᠡᠪ ᠤᠨ ᠪᠤᠰᠤ ᠪᠠᠶᠢᠪᠠᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠺᠣᠮᠫᠠᠨᠢ ᠶᠢᠨ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠪᠠᠶᠢᠳᠠᠯ ᠵᠢᠴᠢ ᠬᠤᠪᠢ ᠣᠷᠣᠭᠤᠯᠤᠭᠴᠢ ᠶᠢᠨ ᠪᠡᠯᠡ ᠭᠠᠷᠭᠠᠬᠤ ᠴᠢᠳᠠᠪᠤᠷᠢ᠂ ᠭᠤᠣᠯ ᠡᠵᠡᠩᠨᠡᠯᠲᠡ ᠶᠢᠨ ᠲᠥᠷᠥᠯ ᠵᠦᠢᠯ᠂ ᠡᠳ᠋ ᠬᠥᠷᠥᠩᠭᠡ ᠶᠢᠨ ᠬᠡᠪᠴᠢᠶ᠎ᠡ ᠵᠡᠷᠭᠡ ᠶᠢ ᠤᠶᠠᠯᠳᠤᠭᠤᠯᠤᠨ ᠪᠠᠶᠢᠵᠤ ᠰᠤᠳᠤᠯᠤᠨ ᠮᠠᠭᠠᠳᠯᠠᠵᠤ ᠪᠣᠯᠣᠨ᠎ᠠ᠂ ᠦᠨᠡᠨ ᠪᠣᠳᠠᠲᠤ ᠴᠢᠨᠠᠷ᠂ ᠵᠦᠢ ᠶᠣᠰᠣᠴᠢ ᠴᠢᠨᠠᠷ ᠤᠨ ᠵᠠᠷᠴᠢᠮ ᠠᠴᠠ ᠵᠥᠷᠢᠴᠡᠭᠰᠡᠨ ᠪᠠᠶᠢᠪᠠᠯ᠂ ᠴᠠᠭ ᠲᠤᠬᠠᠢ ᠳᠤ ᠨᠢ ᠬᠠᠤᠯᠢ ᠶᠣᠰᠣᠭᠠᠷ ᠳᠣᠬᠢᠷᠠᠭᠤᠯᠬᠤ ᠶᠢ ᠱᠠᠭᠠᠷᠳᠠᠵᠤ ᠪᠣᠯᠣᠨ᠎ᠠ᠃      ᠭᠤᠷᠪᠠᠳᠤᠭᠠᠷ ᠲᠤ ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠪᠡ᠃ ᠺᠣᠮᠫᠠᠨᠢ  ᠨᠢ ᠬᠤᠪᠢ ᠣᠷᠣᠭᠤᠯᠤᠭᠴᠢ ᠶᠢᠨ ᠳᠠᠭᠠᠭᠠᠨ ᠲᠣᠰᠢᠶᠠᠬᠤ ᠪᠠ ᠪᠣᠳᠠᠲᠠᠢ ᠲᠤᠰᠢᠶᠠᠬᠤ ᠪᠡᠯᠡ ᠭᠠᠷᠭᠠᠬᠤ ᠲᠤᠭ᠎ᠠ᠂ ᠪᠡᠯᠡ ᠭᠠᠷᠭᠠᠬᠤ ᠠᠷᠭ᠎ᠠ ᠮᠠᠶ᠋ᠢᠭ᠂ ᠪᠡᠯᠡ ᠭᠠᠷᠭᠠᠬᠤ ᠴᠠᠭ ᠤᠨ ᠬᠢᠵᠠᠭᠠᠷ ᠲᠤ ᠲᠣᠬᠢᠷᠠᠭᠤᠯᠤᠯᠲᠠ ᠬᠢᠬᠦ ᠪᠤᠶᠤ ᠡᠭᠦᠰᠬᠡᠨ ᠪᠠᠶᠢᠭᠤᠯᠤᠭᠴᠢ ᠶᠢᠨ ᠬᠤᠳᠠᠯᠳᠤᠨ ᠠᠪᠤᠭᠰᠠᠨ ᠬᠤᠪᠢ ᠶᠢᠨ ᠲᠤᠭ᠎ᠠ ᠵᠡᠷᠭᠡ ᠳᠤ ᠲᠣᠬᠢᠷᠠᠭᠤᠯᠤᠯᠲᠠ ᠬᠢᠬᠦ ᠳᠤ᠂ ᠬᠠᠤᠯᠢ ᠶᠣᠰᠣᠭᠠᠷ ᠨᠡᠶᠢᠭᠡᠮ ᠨᠡᠶᠢᠲᠡ ᠳᠤ ᠵᠠᠷᠯᠠᠪᠠᠯ ᠵᠣᠬᠢᠨ᠎ᠠ ᠃ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠳᠠᠭᠠᠭᠠᠨ ᠲᠣᠰᠢᠶᠠᠭᠰᠠᠨ ᠪᠠ ᠪᠣᠳᠠᠲᠠᠢ ᠲᠤᠰᠢᠶᠠᠭᠰᠠᠨ ᠪᠠᠶᠢᠳᠠᠯ ᠢ ᠬᠢᠨᠠᠨ ᠪᠠᠶᠢᠴᠠᠭᠠᠵᠤ ᠂ ᠺᠣᠮᠫᠠᠨᠢ ᠶᠢᠨ ᠢᠲᠡᠭᠡᠮᠵᠢ ᠶᠢᠨ ᠲᠦᠭᠰᠢᠭᠦᠷᠢ ᠶᠢᠨ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠬᠢᠨᠠᠨ ᠬᠠᠮᠢᠶᠠᠷᠤᠨ᠎ᠠ ᠃ ᠺᠣᠮᠫᠠᠨᠢ ᠨᠢ ᠪᠡᠯᠡ ᠭᠠᠷᠭᠠᠬᠤ ᠴᠠᠭ ᠤᠨ ᠬᠢᠵᠠᠭᠠᠷ ᠪᠠ ᠳᠠᠩᠰᠠᠯᠠᠭᠤᠯᠤᠭᠰᠠᠨ ᠬᠥᠷᠥᠩᠭᠡ ᠪᠠᠨ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ᠪᠠᠶᠢᠪᠠᠯ ᠂ ᠺᠣᠮᠫᠠᠨᠢ ᠳᠠᠩᠰᠠᠯᠠᠬᠤ ᠪᠠᠶᠢᠭᠤᠯᠭ᠎ᠠ ᠵᠠᠷᠯᠢᠭᠳᠠᠨ ᠪᠠᠶᠢᠵᠤ ᠵᠠᠯᠠᠷᠠᠭᠤᠯᠤᠨ᠎ᠠ ︔ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠵᠠᠯᠠᠷᠠᠭᠤᠯᠤᠭᠰᠠᠨ ᠦᠭᠡᠢ ᠪᠣᠯ᠂ ᠺᠣᠮᠫᠠᠨᠢ ᠳᠠᠩᠰᠠᠯᠠᠬᠤ ᠪᠠᠶᠢᠭᠤᠯᠭ᠎ᠠ ᠤᠯᠤᠰ ᠤᠨ ᠠᠵᠤ ᠠᠬᠤᠶᠢᠯᠠᠯ ᠤᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠰᠢᠰᠲ᠋ᠧᠮ ᠳᠤ ᠣᠨᠴᠠᠭᠠᠶᠢᠯᠠᠨ ᠲᠣᠳᠣᠷᠬᠠᠶᠢᠯᠠᠬᠤ ᠶᠢᠨ ᠬᠠᠮᠲᠤ ᠨᠡᠶᠢᠭᠡᠮ ᠨᠡᠶᠢᠲᠡ ᠳᠤ ᠨᠡᠶᠢᠲᠡᠯᠡᠨ᠎ᠡ ᠃      ᠡᠭᠦᠨ ᠠᠴᠠ ᠭᠠᠳᠠᠨ᠎ᠠ ᠂ ︽ ᠲᠣᠭᠲᠠᠭᠠᠯ ︾ ᠳᠤ ᠺᠣᠮᠫᠠᠨᠢ ᠳᠠᠩᠰᠠᠯᠠᠬᠤ ᠪᠠᠶᠢᠭᠤᠯᠭ᠎ᠠ ᠨᠢ ᠺᠣᠮᠫᠠᠨᠢ ᠶᠢᠨ ᠪᠡᠯᠡ ᠭᠠᠷᠭᠠᠬᠤ ᠴᠠᠭ ᠤᠨ ᠬᠢᠵᠠᠭᠠᠷ ᠢᠶᠠᠨ ᠲᠣᠬᠢᠷᠠᠭᠤᠯᠬᠤ ᠂ ᠳᠠᠩᠰᠠᠯᠠᠭᠤᠯᠤᠭᠰᠠᠨ ᠬᠥᠷᠥᠩᠭᠡ ᠪᠠᠨ ᠳᠣᠬᠢᠷᠠᠭᠤᠯᠬᠤ ᠶᠢ ᠨᠢ ᠵᠢᠯᠤᠭᠤᠳᠬᠤ ᠪᠠᠨ ᠴᠢᠩᠭᠠᠳᠬᠠᠵᠤ ᠂ ᠪᠣᠳᠠᠲᠠᠢ ᠠᠵᠢᠯᠯᠠᠬᠤ ᠬᠥᠲᠥᠯᠪᠦᠷᠢ ᠳᠣᠭᠲᠠᠭᠠᠨ᠂ ᠭᠦᠢᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠳᠠᠩᠰᠠᠯᠠᠯᠲᠠ ᠶᠢ ᠲᠥᠬᠦᠮᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠵᠠᠢ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号