ᠰᠢ ᠶᠢᠨ ᠫᠢᠩ ᠠᠦ᠋ᠰᠲᠷᠠᠯᠢᠶ᠎ᠠ ᠶᠢᠨ ᠰᠢᠨ᠎ᠡ ᠪᠠᠷ ᠲᠤᠰᠢᠶᠠᠯ ᠳᠤ ᠭᠠᠷᠤᠭᠰᠠᠨ ᠪᠦᠭᠦᠳᠠ ᠶᠢ ᠵᠠᠬᠢᠷᠤᠭᠴᠢ ᠰᠠᠶᠢᠳ ᠮᠦᠸᠧᠰᠲ᠋ᠢᠨ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2024/7/2
  ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 1 ᠤ ᠴᠠᠭᠢᠯᠭᠠᠨ ᠮᠡᠳᠡᠭᠡ  7 ᠰᠠᠷ᠎ᠠ ᠶᠢᠨ 1 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠠᠮᠠᠨᠱᠠ • ᠮᠦᠸᠧᠰᠲ᠋ᠢᠨ ᠳᠤ ᠴᠠᠭᠢᠯᠭᠠᠨ ᠴᠢᠮᠡᠭᠡ ᠶᠠᠪᠤᠭᠤᠯᠵᠤ ᠂ ᠲᠡᠭᠦᠨ ᠤ ᠠᠦ᠋ᠰᠲᠷᠠᠯᠢᠶ᠎ᠠ ᠶᠢᠨ ᠪᠦᠭᠦᠳᠠ ᠶᠢ ᠵᠠᠬᠢᠷᠤᠭᠴᠢ ᠰᠠᠶᠢᠳ ᠪᠣᠯᠤᠭᠰᠠᠨ ᠳᠤ ᠪᠠᠶᠠᠷ ᠬᠦᠷᠭᠡᠪᠡ ᠃  ᠰᠢ  ᠶᠢᠨ ᠫᠢᠩ ᠂ ᠳᠤᠮᠳᠠᠳᠤ ᠠᠦ᠋ᠰᠲᠷᠠᠯᠢᠶ᠎ᠠ ᠪᠣᠯ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ ᠂ ᠴᠥᠮ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠤ ᠴᠢᠬᠤᠯᠠ ᠪᠦᠷᠢᠯᠳᠦᠭᠦᠨ ᠪᠠ ᠳᠡᠯᠡᠬᠡᠢ ᠶᠢᠨ ᠣᠯᠠᠨ ᠲᠤᠶᠢᠯᠰᠢᠷᠠᠯᠲᠠ ᠶᠢᠨ ᠶᠠᠪᠤᠴᠠ ᠳᠠᠬᠢ ᠴᠢᠬᠤᠯᠠ ᠬᠦᠴᠦᠨ ᠮᠥᠨ ᠃ ᠡᠷᠡᠭᠦᠯ ᠲᠣᠭᠲᠠᠭᠤᠨ ᠢᠶᠠᠷ ᠬᠥᠭᠵᠢᠭᠰᠡᠨ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠪᠣᠯᠣᠨ ᠠᠯᠤᠰ ᠭᠡᠳᠦ ᠶᠢᠨ ᠠᠰᠢᠭ ᠲᠤᠰᠠ ᠳᠤ ᠨᠡᠶᠢᠴᠡᠬᠦ ᠪᠥᠭᠡᠳ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠂ ᠲᠣᠭᠲᠠᠭᠤᠨ ᠂ ᠬᠥᠭᠵᠢᠯ ᠴᠡᠴᠡᠭᠯᠡᠯ ᠳᠤ ᠠᠰᠢᠭᠲᠠᠢ ᠶᠤᠮ ᠃ ᠪᠢ ᠳᠤᠮᠳᠠᠳᠤ ᠠᠦ᠋ᠰᠲᠷᠠᠯᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠠᠦ᠋ᠰᠲᠷᠠᠯᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠂ ᠬᠠᠷᠢᠯᠴᠠᠨ ᠬᠦᠨᠳᠦᠳᠬᠡᠬᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠵᠠᠷᠴᠢᠮ ᠶᠣᠰᠣᠭᠠᠷ ᠂ ᠨᠠᠩ ᠪᠣᠯᠪᠠᠰᠤᠷᠠᠩᠭᠤᠢ ᠲᠣᠭᠲᠠᠭᠤᠨ ᠂ ᠨᠠᠩ ᠦᠷ᠎ᠡ ᠪᠦᠲᠦᠭᠡᠯ ᠰᠠᠶᠢᠲᠠᠢ ᠳᠤᠮᠳᠠᠳᠤ ᠠᠦ᠋ᠰᠲᠷᠠᠯᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号