ᠬᠡᠰᠡᠭ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠭᠢᠷᠠᠭᠤᠯᠤᠨ ᠬᠦᠷᠭᠡᠬᠦ ᠬᠢᠷᠢ ᠬᠡᠮ ᠢ ᠨᠡᠶᠢᠲᠡᠯᠡᠬᠦ ᠲᠤᠬᠠᠶ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠮᠡᠳᠡᠭᠳᠡᠯ
ᠨᠡᠶᠢᠲᠡᠯᠡᠭᠰᠡᠨ ᠴᠠᠭ᠄
2024/7/24
    ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇ 2024﹈ 8 ᠳ᠋ᠤᠭᠠᠷ ᠲᠣᠭᠠᠲᠤ ᠡᠯ᠎ᠡ ᠬᠤᠯᠪᠣᠭᠳᠠᠯ ᠪᠥᠬᠦᠶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠳᠤᠯᠠᠭ᠎ᠠ ᠲᠠᠷᠬᠠᠭᠠᠭᠰᠠᠨ ﹇ 2019 ﹈  41 ᠳ᠋ᠤᠭᠡᠷ ᠲᠣᠭᠠᠲᠤ︶ ︽ᠬᠥᠯᠥᠨ ᠪᠤᠶᠢᠷ ᠬᠤᠲᠠ ᠶᠢᠨ ᠡᠮ ᠤᠨ ᠵᠦᠢᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠷᠬᠠᠭᠠᠭᠰᠠᠨ ﹇ 2020 ﹈ 31 ᠳ᠋ᠤᠭᠡᠷ ᠲᠣᠭᠠᠲᠤ︶ ᠶᠢᠨ ᠬᠤᠯᠪᠣᠭᠳᠠᠯ ᠪᠥᠬᠦᠶ ᠲᠣᠭᠲᠠᠭᠠᠯ ᠢ ᠦᠨᠳᠦᠰᠦᠯᠡᠨ᠂ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠢᠭᠡᠳᠦᠯᠲᠡᠢ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠳᠤ ᠣᠷᠣᠭᠤᠯᠤᠭᠰᠠᠨ ᠪᠥᠭᠡᠳ ᠬᠥᠯᠥᠨ ᠪᠤᠶᠢᠷ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠢᠷᠢ ᠬᠡᠮ ᠲᠠᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠡᠮᠬᠢᠯᠡᠨ ᠳᠢᠭᠯᠡᠵᠦ᠂ ᠬᠤᠶᠠᠷ ᠵᠢᠯ ᠤᠨ ᠳᠣᠲᠣᠷ᠎ᠠ ︵2022 ᠣᠨ ᠤ 7 ᠳ᠋ᠤᠭᠠᠷ ᠰᠠᠷ᠎ᠠ ᠠᠴᠠ 2024 ᠣᠨ ᠤ 7 ᠳ᠋ᠤᠭᠠᠷ ᠰᠠᠷ᠎ᠠ ᠪᠣᠯᠲᠠᠯ᠎ᠠ ︶ ᠬᠥᠯᠥᠨ ᠪᠤᠶᠢᠷ ᠬᠤᠲᠠ ᠶᠢᠨ ᠨᠢᠭᠡᠳᠦᠯᠲᠡᠶ ᠲᠥᠯᠥᠪᠯᠡᠬᠦ ᠣᠷᠣᠨ ᠤ ᠳᠣᠲᠣᠷ᠎ᠠ ᠳᠣᠭᠢᠷᠠᠭᠤᠯᠤᠨ ᠬᠦᠷᠭᠡᠬᠦ ᠦᠢᠯᠡᠴᠢᠯᠡᠭᠡ ᠥᠷᠨᠢᠭᠦᠯᠦᠭᠰᠡᠨ ᠥᠬᠡᠶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠬᠥᠯᠥᠨ ᠪᠤᠶᠢᠷ ᠬᠤᠲᠠ ᠶᠢᠨ ᠨᠢᠭᠡᠳᠦᠯᠲᠡᠶ ᠲᠥᠯᠥᠪᠯᠡᠬᠦ ᠣᠷᠣᠨ ᠤ ᠳᠣᠲᠣᠷᠠᠬᠢ ᠳᠣᠭᠢᠷᠠᠭᠤᠯᠤᠨ ᠬᠦᠷᠭᠡᠬᠦ ᠬᠢᠷᠢ ᠬᠡᠮ ᠢ ᠬᠦᠴᠦᠨ ᠥᠬᠡᠶ ᠪᠣᠯᠭᠠᠬᠤ ᠪᠠᠷ ᠲᠣᠭᠲᠠᠪᠠ᠃ 7 ᠳ᠋ᠤᠭᠠᠷ ᠰᠠᠷ᠎ᠠ ᠶᠢᠨ 10 ᠤ ᠡᠳᠦᠷ ᠠᠴᠠ 17 ᠤ ᠡᠳᠦᠷ ᠪᠣᠯᠲᠠᠯ᠎ᠠ ᠨᠡᠶᠢᠲᠡᠯᠡᠪᠡ ᠃ ᠡᠳᠦᠭᠡ ᠡᠴᠦᠰ ᠲᠤ ᠪᠠᠨ ᠬᠦᠴᠦᠨ ᠦᠭᠡᠶ ᠪᠣᠯᠭᠠᠭᠰᠠᠨ 49 ᠡᠮ ᠤᠨ ᠵᠦᠢᠯ ᠪᠣᠯᠤᠨ 349 ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠡᠶ ︵ᠳᠠᠭᠠᠯᠳᠤᠭᠤᠯᠤᠯ ᠳᠤ ᠦᠵᠡ ︶᠃  ᠳᠠᠭᠠᠯᠳᠤᠭᠤᠯᠤᠯ᠄ 1. ᠬᠥᠯᠥᠨ ᠪᠤᠶᠢᠷ ᠬᠤᠲᠠ ᠶᠢᠨ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠬᠢᠷᠢ ᠬᠡᠮ ᠢ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠤᠨ ᠨᠡᠷᠡᠰ  2. ᠬᠥᠯᠥᠨ ᠪᠤᠶᠢᠷ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠢᠷᠢ ᠬᠡᠮ ᠢ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠤᠨ ᠨᠡᠷᠡᠰ              ᠬᠥᠯᠥᠨ ᠪᠦᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ            2024 ᠣᠨ ᠤ 7 ᠳ᠋ᠤᠭᠠᠷ ᠰᠠᠷ᠎ᠠ ᠶᠢᠨ 24 ᠤ ᠡᠳᠦᠷ        ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶

 

 

 
ᠢᠷᠡᠯᠲᠡ᠄ ᠬᠥᠯᠥᠨ ᠪᠤᠶᠢᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号