ᠡᠯ᠎ᠡ ᠬᠤᠯᠪᠣᠭᠳᠠᠯ ᠪᠦᠬᠦᠢ ᠡᠵᠡᠩᠨᠡᠯᠲᠡ ᠶᠢᠨ ᠠᠵᠤ ᠠᠬᠤᠶᠢᠯᠠᠯ ᠳᠤ᠄ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ | ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ | ᠪᠠᠳᠤᠯᠠᠭ᠎ᠠ ᠠᠯᠪᠠᠨ ᠲᠠᠷᠬᠠᠭᠠᠭᠰᠠᠨ ﹇2019﹈ 41 ᠳ᠋ᠤᠭᠡᠷ ᠲᠣᠭᠠᠲᠤ︶ ᠪᠠ ᠬᠥᠬᠡᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠶᠢᠨ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ | ᠪᠠᠶᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠬᠥᠬᠡᠬᠤᠲᠠ ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ | ﹇2022﹈ 43 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ | ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ | ᠳᠣᠭᠢᠷᠠᠭᠤᠯᠤᠨ ᠬᠦᠷᠭᠡᠬᠦ ᠪᠠᠶᠢᠳᠠᠯ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠥᠬᠡᠬᠤᠲᠠ ᠶᠢᠨ ᠡᠮ | ᠡᠮᠨᠡᠯᠭᠡ ᠬᠤᠳᠠᠯᠳᠤᠨ ᠠᠪᠬᠤ ᠲᠥᠪ ᠠᠴᠠ 2024 ᠣᠨ ᠤ ᠬᠤᠶᠠᠳᠤᠭᠠᠷ ᠤᠯᠠᠷᠢᠯ ᠤᠨ ᠪᠥᠬᠦ ᠬᠤᠲᠠ ᠶᠢᠨ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ | ᠰᠢᠯᠢᠨ ᠰᠣᠩᠭᠤᠵᠤ ᠳᠣᠭᠢᠷᠠᠭᠤᠯᠬᠤ ᠵᠢᠴᠢ ᠲᠣᠬᠢᠷᠠᠭᠤᠯᠤᠨ ᠬᠦᠷᠭᠡᠬᠦ ᠡᠷᠬᠡ ᠮᠡᠳᠡᠯ ᠤᠨ ᠬᠡᠪᠴᠢᠶ᠎ᠡ ᠶᠢ ᠨᠡᠪᠲᠡᠷᠡᠭᠦᠯᠬᠦ | ᠠᠵᠢᠯ ᠢ ᠥᠷᠨᠢᠭᠦᠯᠦᠨ᠎ᠡ᠃ ᠮᠠᠨ ᠤ ᠲᠥᠪ ᠠᠴᠠ ᠬᠥᠬᠡᠬᠤᠲᠠ ᠣᠷᠣᠨ ᠤ ᠡᠮ ᠤᠨ ᠵᠦᠢᠯ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠢ | ᠬᠢᠨᠠᠨ ᠬᠠᠷᠭᠤᠭᠤᠯᠵᠤ᠂ ᠡᠳᠦᠭᠡ ᠪᠠᠲᠤᠯᠠᠭᠰᠠᠨ ᠦᠷ᠎ᠡ ᠳ᠋ᠦᠩ ︵ᠳᠠᠭᠠᠯᠳᠤᠭᠤᠯᠤᠯ ᠳᠤ ᠦᠵᠡ︶ ᠢ ᠢᠯᠡ | ᠨᠡᠢᠲᠡᠯᠡᠨ᠎ᠡ᠄ | ᠨᠢᠭᠡ᠂ ᠢᠯᠡ ᠨᠡᠶᠢᠲᠡᠯᠡᠬᠦ ᠬᠤᠭᠤᠴᠠᠭ᠎ᠠ | 2024 ᠣᠨ ᠤ 7 ᠳ᠋ᠤᠭᠠᠷ ᠰᠠᠷ᠎ᠠ ᠶᠢᠨ 4 ᠤ ᠡᠳᠦᠷ ᠠᠴᠠ 7 ᠳ᠋ᠤᠭᠠᠷ ᠰᠠᠷ᠎ᠠ ᠶᠢᠨ 10 ᠤ ᠡᠳᠦᠷ | ᠬᠤᠶᠠᠷ᠂ ᠢᠯᠡ ᠨᠡᠢᠲᠡᠯᠡᠬᠦ ᠨᠢᠭᠡᠴᠢ | ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ | ᠭᠤᠷᠪᠠ᠂ ᠢᠯᠡ ᠨᠡᠶᠢᠲᠡᠯᠡᠬᠦ ᠱᠠᠭᠠᠷᠳᠠᠯᠭ᠎ᠠ | 1.ᠬᠡᠷᠪᠡ ᠪᠠᠶᠢᠳᠠᠯ ᠢ ᠲᠤᠰᠬᠠᠬᠤ ᠭᠡᠪᠡᠯ ᠪᠢᠴᠢᠭ᠂ ᠤᠲᠠᠰᠤ ᠪᠤᠶᠤ ᠬᠥᠮᠥᠨ ᠢᠷᠡᠭᠦᠯᠬᠦ ᠵᠡᠷᠭᠡ ᠠᠷᠭ᠎ᠠ | ᠮᠠᠶ᠋ᠢᠭ ᠢᠶᠠᠷ ᠰᠠᠨᠠᠯ ᠢ ᠭᠥᠯᠢᠶᠡᠨ ᠠᠪᠴᠤ ᠰᠢᠢᠳᠪᠦᠷᠢᠯᠡᠬᠦ ᠨᠢᠭᠡᠴᠢ ᠳᠤ ᠲᠤᠰᠬᠠᠨ᠎ᠠ᠃ | 2.ᠲᠤᠰᠬᠠᠭᠴᠢ ᠨᠢ ᠡᠷᠬᠡᠪᠰᠢ ᠦᠨᠡᠨ ᠪᠣᠳᠠᠲᠠᠶ ᠣᠪᠣᠭ ᠨᠡᠷ᠎ᠡ ᠪᠠᠷ ᠪᠠᠶᠢᠳᠠᠯ ᠢ ᠲᠤᠰᠬᠠᠵᠤ ᠦᠨᠡᠨ ᠠᠴᠠ | ᠵᠥᠪ ᠢ ᠡᠷᠢᠵᠦ᠂ ᠦᠨᠡᠨ ᠪᠣᠳᠠᠲᠠᠶ ᠪᠠᠶᠢᠬᠤ ᠬᠡᠷᠡᠭᠲᠡᠶ᠃ | 3.ᠬᠦᠯᠢᠶᠡᠨ ᠠᠪᠴᠤ ᠰᠢᠢᠳᠪᠦᠷᠢᠯᠡᠬᠦ ᠠᠵᠢᠯᠲᠠᠨ ᠲᠤᠰᠬᠠᠭᠴᠢ ᠪᠠ ᠲᠤᠰᠬᠠᠭᠰᠠᠨ ᠪᠠᠶᠢᠳᠠᠯ ᠤᠨ ᠨᠢᠭᠤᠴᠠ ᠶᠢ | ᠴᠢᠩᠭ᠎ᠠ ᠬᠠᠮᠠᠭᠠᠯᠠᠨ᠎ᠠ᠃ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠬᠤ ᠶᠢ ᠨᠥᠯᠥᠭᠡᠯᠡᠵᠦ ᠮᠡᠳᠡᠬᠦ | ᠠᠰᠠᠭᠤᠳᠠᠯ ᠢ ᠨᠠᠷᠢᠨ ᠬᠢᠨᠠᠮᠠᠭᠠᠶ ᠪᠠᠶᠢᠴᠠᠭᠠᠵᠤ ᠬᠢᠨᠠᠨ ᠬᠠᠷᠭᠤᠭᠤᠯᠤᠨ᠎ᠠ᠃ | ᠳᠥᠷᠪᠡ᠂ ᠭᠤᠮᠣᠳᠠᠯ ᠲᠣᠭᠠᠴᠢᠬᠤ ︵ᠵᠠᠭᠠᠯᠳᠤᠬᠤ︶ ᠤᠲᠠᠰᠤ | 0471 — 3908541 | | ᠳᠠᠭᠠᠯᠳᠤᠭᠤᠯᠤᠯ᠄ 2024 ᠣᠨ ᠤ ᠬᠤᠶᠠᠳᠤᠭᠠᠷ ᠤᠯᠠᠷᠢᠯ ᠤᠨ ᠬᠥᠬᠡᠬᠤᠲᠠ ᠶᠢᠨ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠵᠤ ᠰᠢᠨ᠎ᠡ ᠪᠠᠷ ᠨᠡᠮᠡᠭᠳᠡᠭᠰᠡᠨ | ᠲᠠᠩᠰᠠᠨ ᠡᠷᠦᠬᠡ ᠶᠢ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ | | ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ | 2024 ᠣᠨ ᠤ 7 ᠳ᠋ᠤᠭᠠᠷ ᠰᠠᠷ᠎ᠠ ᠶᠢᠨ 3 ᠤ ᠡᠳᠦᠷ | | | |