ᠣᠷᠳᠣᠰ ᠬᠤᠲᠠ ᠶᠢᠨ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠭᠠᠨ ᠬᠢᠨᠠᠵᠤ ᠬᠤᠪᠢ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠡᠯᠡᠯ
ᠨᠡᠶᠢᠲᠡᠯᠡᠭᠰᠡᠨ ᠴᠠᠭ᠄
2024/7/3
        ᠣᠷᠳᠣᠰ ᠬᠤᠲᠠ ᠶᠢᠨ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠭᠠᠨ ᠬᠢᠨᠠᠵᠤ ᠬᠤᠪᠢ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠡᠯᠡᠯᠡᠯ᠎ᠡ ᠬᠠᠮᠢᠶ᠎ᠠ ᠪᠥᠬᠦᠶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2022﹈ 246 ᠳ᠋ᠤᠭᠠᠷ ᠲᠣᠭᠠᠲᠤ︶ ᠪᠠ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠭᠠᠨ ᠬᠢᠨᠠᠵᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠬᠦ ᠲᠤᠬᠠᠶ ᠣᠷᠳᠣᠰ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠣᠷᠳᠣᠰ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2023﹈ 19 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠥᠪ 2023 ᠣᠨ ᠤ ᠳᠣᠭᠢᠷᠠᠭᠤᠯᠤᠨ ᠬᠦᠷᠭᠡᠵᠦ ᠬᠠᠩᠭᠠᠭᠰᠠᠨ ᠪᠠᠶᠢᠳᠠᠯ ᠢ ᠦᠨᠳᠦᠰᠦᠯᠡᠨ᠂ ᠮᠠᠨ ᠤ ᠬᠤᠲᠠ ᠶᠢᠨ ᠣᠷᠣᠨ ᠪᠦᠰᠡ ᠶᠢ ᠨᠡᠪᠲᠡᠷᠡᠭᠦᠯᠦᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠲᠥᠷᠥᠯ ᠬᠤᠪᠢᠶᠠᠨ ᠰᠢᠯᠭᠠᠨ ᠬᠢᠨᠠᠵᠤ ᠬᠤᠪᠢ ᠲᠣᠭᠲᠠᠭᠠᠬᠤ ᠠᠵᠢᠯ ᠢ ᠶᠠᠪᠤᠭᠳᠠᠭᠤᠯᠪᠠ᠃ ᠰᠢᠯᠭᠠᠨ ᠬᠢᠨᠠᠬᠤ ᠪᠠᠷ ᠳᠠᠮᠵᠢᠭᠠᠳ᠂ ᠰᠦᠯᠵᠢᠶᠡᠨ ᠳᠤ ᠬᠤᠯᠪᠣᠭᠠᠳ ᠪᠦᠬᠦᠯᠢ ᠨᠢᠭᠡ ᠵᠢᠯ ᠪᠣᠯᠣᠭᠰᠠᠨ ᠪᠥᠭᠡᠳ ᠰᠦᠯᠵᠢᠶᠡᠨ ᠳᠡᠭᠡᠷᠡᠬᠢ ᠠᠷᠠᠯᠵᠢᠶ᠎ᠠ ᠳᠤ ᠣᠷᠣᠯᠴᠠᠭᠰᠠᠨ ᠥᠬᠡᠶ 803 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠨᠢᠭᠡᠨᠲᠡ ᠬᠦᠴᠦᠨ ᠥᠬᠡᠶ ᠪᠣᠯᠭᠠᠪᠠ᠃ ᠡᠳᠦᠭᠡ 2023 ᠣᠨ ᠳᠤ ᠠᠷᠠᠯᠵᠢᠶᠠᠨ ᠳᠤ ᠣᠷᠣᠯᠴᠠᠭᠰᠠᠨ ᠠᠵᠤ ᠠᠬᠤᠶᠢᠯᠠᠯ ᠤᠨ ᠡᠴᠦᠰ ᠤᠨ ᠰᠢᠯᠭᠠᠨ ᠦᠨᠡᠯᠡᠭᠰᠡᠨ ᠦᠷ᠎ᠡ ᠳ᠋ᠦᠩ ᠪᠣᠯᠤᠨ 2023 ᠣᠨ ᠳᠤ ᠰᠢᠨ᠎ᠡ ᠪᠠᠷ ᠨᠡᠮᠡᠭᠳᠡᠭᠰᠡᠨ ᠣᠷᠣᠨ ᠪᠦᠰᠡ ᠶᠢ ᠨᠡᠪᠲᠡᠷᠡᠭᠦᠯᠦᠭᠡᠳ ᠠᠷᠠᠯᠵᠢᠶᠠᠯᠠᠭ᠎ᠠ ᠥᠬᠡᠶ ᠠᠵᠤ ᠠᠬᠤᠶᠢᠯᠠᠯ ᠤᠨ ᠪᠠᠶᠢᠳᠠᠯ ᠢ ᠳᠣᠤᠷᠠᠬᠢ ᠮᠡᠲᠦ ᠮᠡᠳᠡᠭᠳᠡᠶ᠎ᠡ᠃  ᠨᠢᠭᠡ᠂ ᠰᠦᠯᠵᠢᠶᠡᠨ ᠳᠡᠭᠡᠷᠡᠬᠢ ᠠᠷᠠᠯᠵᠢᠶ᠎ᠠ ᠳᠤ ᠣᠷᠣᠯᠴᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠭᠠᠨ ᠦᠨᠡᠯᠡᠭᠰᠡᠨ ᠦᠷ᠎ᠡ ᠳ᠋ᠦᠩ  1.2023 ᠣᠨ ᠳᠤ᠂ ᠮᠠᠨ ᠤ ᠬᠤᠲᠠ ᠶᠢᠨ ᠡᠮ ᠤᠨ ᠵᠦᠢᠯ ᠢ ᠳᠣᠭᠢᠷᠠᠭᠤᠯᠤᠨ ᠬᠦᠷᠭᠡᠬᠦ 60 ᠠᠵᠤ ᠠᠬᠤᠶᠢᠯᠠᠯ ᠰᠦᠯᠵᠢᠶᠡᠨ ᠳᠡᠭᠡᠷᠡᠬᠢ ᠠᠷᠠᠯᠵᠢᠶ᠎ᠠ ᠳᠤ ᠣᠷᠣᠯᠴᠠᠪᠠ᠃ ᠰᠢᠯᠭᠠᠨ ᠦᠨᠡᠯᠡᠬᠦ ᠪᠠᠷ ᠳᠡᠮᠵᠢᠨ 42 ᠡᠷᠦᠬᠡ ᠰᠢᠯᠢᠳᠡᠭ᠂ 10 ᠡᠷᠦᠬᠡ ᠬᠢᠷᠢ ᠲᠡᠩᠴᠡᠵᠦ᠂ 8 ᠡᠷᠦᠬᠡ ᠬᠢᠷᠢ ᠲᠡᠩᠴᠡᠭᠰᠡᠨ ᠦᠭᠡᠢ ︵ᠳᠠᠭᠠᠯᠳᠤᠭᠤᠯᠤᠯ 1︶᠃  2.2023 ᠣᠨ ᠳᠤ᠂ ᠮᠠᠨ ᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ 429 ᠠᠵᠤ ᠠᠬᠤᠶᠢᠯᠠᠯ ᠰᠦᠯᠵᠢᠶᠡᠨ ᠳᠡᠭᠡᠷᠡᠬᠢ ᠠᠷᠠᠯᠵᠢᠶ᠎ᠠ ᠳᠤ ᠣᠷᠣᠯᠴᠠᠪᠠ᠃ ᠰᠢᠯᠭᠠᠨ ᠦᠨᠡᠯᠡᠬᠦ ᠪᠠᠷ ᠳᠡᠮᠵᠢᠨ 233 ᠡᠷᠦᠬᠡ ᠰᠢᠯᠢᠳᠡᠭ᠂ 55 ᠡᠷᠦᠬᠡ ᠨᠢ ᠬᠢᠷᠢ ᠲᠡᠩᠴᠡᠵᠦ᠂ 141 ᠡᠷᠦᠬᠡ ᠬᠢᠷᠢ ᠲᠡᠩᠴᠡᠭᠰᠡᠨ ᠦᠭᠡᠢ ︵ᠳᠠᠭᠠᠯᠳᠤᠭᠤᠯᠤᠯ 2︶᠃  ᠬᠤᠶᠠᠷ᠂ 2023 ᠣᠨ ᠳᠤ ᠰᠢᠨ᠎ᠡ ᠪᠠᠷ ᠨᠡᠮᠡᠭᠳᠡᠭᠰᠡᠨ ᠣᠷᠣᠨ ᠪᠦᠰᠡ ᠶᠢ ᠨᠡᠪᠲᠡᠷᠡᠭᠦᠯᠦᠭᠡᠳ ᠠᠷᠠᠯᠵᠢᠶᠠᠯᠠᠭ᠎ᠠ ᠥᠬᠡᠶ ᠠᠵᠤ ᠠᠬᠤᠶᠢᠯᠠᠯ ︵ᠲᠥᠪᠯᠡᠷᠡᠭᠦᠯᠦᠨ ᠬᠤᠳᠠᠯᠳᠤᠨ ᠠᠪᠬᠤ ᠠᠵᠤ ᠠᠬᠤᠶᠢᠯᠠᠯ ᠪᠠᠭᠲᠠᠨ᠎ᠠ︶ ︵2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ︶  2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯ᠎ᠠ᠂ ᠮᠠᠨ ᠤ ᠬᠤᠲᠠ ᠶᠢᠨ ᠰᠢᠨ᠎ᠡ ᠪᠠᠷ ᠨᠡᠮᠡᠭᠳᠡᠭᠰᠡᠨ ᠮᠠᠨ ᠤ ᠬᠤᠲᠠ ᠶᠢᠨ ᠣᠷᠣᠨ ᠪᠦᠰᠡ ᠶᠢ ᠨᠡᠪᠲᠡᠷᠡᠭᠦᠯᠦᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠲᠣᠷᠠᠬᠢ ᠡᠮ ᠤᠨ ᠵᠦᠢᠯ ᠢ ᠳᠣᠭᠢᠷᠠᠭᠤᠯᠤᠨ ᠬᠦᠷᠭᠡᠬᠦ 7 ᠠᠵᠤ ᠠᠬᠤᠶᠢᠯᠠᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ 51ᠠᠵᠤ ᠠᠬᠤᠶᠢᠯᠠᠯ ᠰᠦᠯᠵᠢᠶᠡᠨ ᠳᠡᠭᠡᠷᠡᠬᠢ ᠠᠷᠠᠯᠵᠢᠶ᠎ᠠ ᠳᠤ ᠣᠷᠣᠯᠴᠠᠭᠰᠠᠨ ᠥᠬᠡᠶ ︵ᠳᠠᠭᠠᠯᠳᠤᠭᠤᠯᠤᠯ 3︶  ᠭᠤᠷᠪᠠ᠂ ᠬᠤᠯᠪᠣᠭᠳᠠᠯ ᠪᠦᠬᠦᠢ ᠵᠦᠢᠯᠡᠰ  1. ᠮᠠᠨ ᠤ ᠬᠤᠲᠠ ᠶᠢᠨ ᠰᠦᠯᠵᠢᠶᠡᠨ ᠳᠡᠭᠡᠷᠡᠬᠢ ᠠᠷᠠᠯᠵᠢᠶ᠎ᠠ ᠳᠤ ᠣᠷᠣᠯᠴᠠᠭᠰᠠᠨ ᠪᠥᠭᠡᠳ ᠰᠢᠯᠢᠳᠡᠭ ᠢᠶᠠᠷ ᠰᠢᠯᠭᠠᠨ ᠦᠨᠡᠯᠡᠭᠳᠡᠭᠰᠡᠨ 275 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠵᠠᠷᠯᠠᠨ ᠰᠠᠶᠢᠰᠢᠶᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠬᠤᠭᠤᠴᠠᠭᠠᠲᠤ ᠦᠢᠯᠡᠳᠦᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠭᠡᠷᠡᠢ᠃  2. ᠬᠢᠷᠢ ᠲᠡᠩᠴᠡᠭᠰᠡᠨ ᠥᠬᠡᠶ ᠠᠵᠤ ᠠᠬᠤᠶᠢᠯᠠᠯ ᠪᠠ 2023 ᠣᠨ ᠳᠤ ᠰᠢᠨ᠎ᠡ ᠪᠠᠷ ᠨᠡᠮᠡᠵᠦ ᠨᠡᠪᠲᠡᠷᠡᠭᠦᠯᠦᠭᠰᠡᠨ ᠣᠷᠣᠨ ᠤ ᠲᠤᠬᠠᠶᠢᠯᠠᠭᠰᠠᠨ ᠠᠵᠢᠯ ᠢᠶᠠᠨ ᠬᠠᠷᠠᠬᠠᠨ ᠥᠷᠨᠢᠭᠦᠯᠦᠭᠡᠳᠦᠶ ᠠᠵᠤ ᠠᠬᠤᠶᠢᠯᠠᠯ ᠨᠢ᠂ 2024 ᠣᠨ ᠤ 7 ᠳ᠋ᠤᠭᠠᠷ ᠰᠠᠷ᠎ᠠ ᠶᠢᠨ 23 ᠤ ᠡᠳᠦᠷ ᠠᠴᠠ ᠡᠮᠦᠨ᠎ᠡ ᠴᠡᠭᠴᠡᠯᠡᠨ ᠰᠠᠶᠢᠵᠢᠷᠠᠭᠤᠯᠬᠤ ᠪᠢᠴᠢᠭ ᠤᠨ ᠮᠠᠲ᠋ᠧᠷᠢᠶᠠᠯ ᠭᠠᠷᠭᠠᠵᠤ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ ᠲᠣᠭᠲᠠᠭᠰᠠᠨ ᠰᠢᠤᠳᠠᠨ ᠤ ᠬᠠᠶᠢᠷᠴᠠᠭ ᠲᠤ ᠶᠠᠪᠤᠭᠤᠯᠬᠤ ᠬᠡᠷᠡᠭᠲᠡᠶ᠃  3. ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠢᠯᠯᠠᠭ᠎ᠠ ᠶᠢᠨ ᠵᠢᠷᠤᠮᠵᠢᠭᠤᠨ ᠲᠣᠭᠲᠠᠭᠤᠨ ᠪᠠᠶᠢᠬᠤ ᠪᠣᠯ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠤᠳᠠᠯᠳᠤᠨ ᠠᠪᠴᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠠᠷᠠᠳ ᠣᠯᠠᠨ ᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠨ᠂ ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠡᠮᠬᠢ ᠳᠢᠭᠯᠢᠮ ᠲᠠᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠡᠯ᠎ᠡ ᠬᠤᠯᠪᠣᠭᠳᠠᠯ ᠪᠥᠬᠦᠶ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠳᠣᠭᠢᠷᠠᠭᠤᠯᠤᠨ ᠬᠦᠷᠭᠡᠬᠦ ᠦᠢᠯᠡᠴᠢᠯᠡᠭᠡ ᠶᠢ ᠵᠢᠷᠤᠮᠵᠢᠭᠤᠯᠤᠨ ᠥᠷᠨᠢᠭᠦᠯᠵᠦ᠂ ᠦᠢᠯᠡᠳᠪᠦᠷᠢᠯᠡᠬᠦ ᠠᠵᠤ ᠠᠬᠤᠶᠢᠯᠠᠯ ᠯᠤᠭ᠎ᠠ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠡᠮᠴᠢᠯᠡᠭᠡᠨ ᠤ ᠪᠠᠶᠢᠭᠤᠯᠤᠮᠵᠢ ᠯᠤᠭ᠎ᠠ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ᠬᠥᠮᠥᠷᠭᠡ ᠶᠢᠨ ᠬᠠᠳᠠᠭᠠᠯᠠᠮᠵᠢ ᠪᠠᠨ ᠴᠠᠭ ᠲᠤᠬᠠᠶ ᠳᠤᠨᠢ ᠮᠡᠳᠡᠭᠳᠡᠬᠦ ᠪᠠ ᠬᠡᠷᠡᠭᠴᠡᠭᠡ ᠱᠠᠭᠠᠷᠳᠠᠯᠭ᠎ᠠ ᠶᠢ ᠨᠤᠲᠠᠯᠠᠵᠤ᠂ ᠴᠠᠭ ᠲᠤᠬᠠᠶ ᠳᠤᠨᠢ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠳᠣᠭᠢᠷᠠᠭᠤᠯᠤᠨ ᠬᠦᠷᠭᠡᠬᠦ ᠠᠵᠢᠯ ᠢ ᠪᠣᠳᠠᠲᠠᠶᠢᠵᠢᠭᠤᠯᠬᠤ ᠬᠡᠷᠡᠭᠲᠡᠶ᠃  ᠬᠠᠷᠢᠯᠴᠠᠬᠤ ᠬᠥᠮᠦᠨ᠄ ᠸᠠᠩ ᠪᠠᠭᠰᠢ  ᠬᠠᠷᠢᠯᠴᠠᠬᠤ ᠤᠲᠠᠰᠤ᠄ 0477 — 8125352  ᠢᠮᠧᠯ᠄ eedsyc@163.com    ᠳᠠᠭᠠᠯᠳᠤᠭᠤᠯᠤᠯ᠄  1.2023 ᠣᠨ ᠤ ᠣᠷᠳᠣᠰ ᠬᠤᠲᠠ ᠶᠢᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠭᠠᠨ ᠬᠢᠨᠠᠭᠰᠠᠨ ᠦᠷ᠎ᠡ ᠳ᠋ᠦᠩ  2.2023 ᠣᠨ ᠤ ᠣᠷᠳᠣᠰ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠭᠠᠨ ᠬᠢᠨᠠᠭᠰᠠᠨ ᠦᠷ᠎ᠡ ᠳ᠋ᠦᠩ  3.2023 ᠣᠨ ᠳᠤ ᠰᠢᠨ᠎ᠡ ᠪᠠᠷ ᠨᠡᠮᠡᠭᠳᠡᠭᠰᠡᠨ ᠣᠷᠳᠣᠰ ᠤᠨ ᠣᠷᠣᠨ ᠪᠦᠰᠡ ᠶᠢᠨ ᠰᠦᠯᠵᠢᠶᠡᠨ ᠳᠡᠭᠡᠷᠡᠬᠢ ᠠᠷᠠᠯᠵᠢᠶᠠᠨ ᠳᠤ ᠣᠷᠣᠯᠴᠠᠭ᠎ᠠ ᠦᠭᠡᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ︵2024 ᠣᠨ ᠤ 6 ᠳ᠋ᠤᠭᠠᠷ ᠰᠠᠷ᠎ᠠ ᠶᠢᠨ 30 ᠤ ᠡᠳᠦᠷ ᠬᠦᠷᠲᠡᠯ᠎ᠡ︶            ᠣᠷᠳᠣᠰ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠪᠠ ᠰᠠᠭᠤᠷᠢ ᠮᠥᠩᠭᠦ ᠶᠢᠨ ᠳ᠋ᠦᠩᠨᠡᠨ ᠪᠤᠳᠤᠬᠤ ᠲᠥᠪ          2024 ᠣᠨ ᠤ 7 ᠳ᠋ᠤᠭᠠᠷ ᠰᠠᠷ᠎ᠠ ᠶᠢᠨ 3 ᠤ ᠡᠳᠦᠷ

 

 

 
ᠢᠷᠡᠯᠲᠡ᠄ ᠤᠷᠳᠤᠰ ᠬᠤᠳᠠ ᠶᠢᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号