ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠤᠯᠴᠠᠬᠤ ᠶᠢᠨ ᠬᠠᠮᠲᠤ ᠺᠠᠽᠠᠬᠰᠲ᠋ᠠᠨ ᠲᠠᠵᠢᠺᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠡᠭᠡᠵᠢᠩ ᠠᠴᠠ ᠮᠣᠷᠳᠠᠵᠤ ᠰᠢ ᠶᠢᠨ ᠫᠢᠩ ᠠᠰᠲ᠋ᠠᠨᠠ ᠳᠤ ᠭᠦᠷᠪᠠ
ᠨᠡᠶᠢᠲᠡᠯᠡᠭᠰᠡᠨ ᠴᠠᠭ᠄
2024/7/3
      ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 2 ᠤᠨ ᠴᠠᠭᠢᠯᠭᠠᠨ ᠮᠡᠳᠡᠭᠡ   ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 2 ᠤᠨ ᠦᠳᠡ ᠳᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠠᠰᠲ᠋ᠠᠨᠠ ᠳᠤ ᠬᠦᠷᠴᠦ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠵᠤ ᠂ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠪᠡ ᠃
7-3-1.jpg
            ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 2 ᠤᠨ ᠦᠳᠡ ᠳᠤ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠤᠰᠬᠠᠢ ᠨᠢᠰᠬᠡᠯ ᠢᠶᠠᠷ ᠠᠰᠲ᠋ᠠᠨᠠ ᠳᠤ ᠬᠦᠷᠴᠦ ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ ᠬᠤᠷᠠᠯ ᠳᠤ ᠣᠷᠣᠯᠴᠠᠵᠤ ᠂ ᠪᠦᠭᠦᠳᠡ ᠨᠠᠶᠢᠷᠠᠮᠳᠠᠬᠤ ᠺᠠᠽᠠᠬᠰᠲ᠋ᠠᠨ ᠤᠯᠤᠰ ᠤᠨ ᠶᠡᠷᠦᠩᠬᠡᠶᠢᠯᠡᠭᠴᠢ ᠲᠦᠸᠧᠺᠠᠶᠧᠹ ᠤᠨ ᠤᠷᠢᠯᠭ᠎ᠠ ᠪᠠᠷ ᠺᠠᠽᠠᠬᠰᠲ᠋ᠠᠨ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠪᠡ ᠃ ᠲᠦᠸᠧᠺᠠᠶᠧᠹ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠵᠠᠢ ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ   ᠰᠢᠶᠧ ᠬᠤᠸᠠᠨ ᡂᠢ   ᠰᠡᠭᠦᠳᠡᠷᠯᠡᠪᠡ       ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠺᠠᠽᠠᠬᠰᠲ᠋ᠠᠨ ᠤ ᠬᠠᠷᠢᠶ᠎ᠠ ᠠᠭᠠᠷ ᠲᠤ ᠣᠷᠣᠭᠰᠠᠨ ᠤ ᠳᠠᠷᠠᠭ᠎ᠠ ᠂ ᠺᠠᠽᠠᠬᠰᠲ᠋ᠠᠨ ᠤ ᠭᠤᠷᠪᠠᠨ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠣᠭᠲᠠᠷᠭᠤᠢ ᠳᠤ ᠨᠢᠰᠦᠨ ᠠᠶᠠᠯᠠᠯ ᠢ ᠬᠠᠮᠠᠭᠠᠯᠠᠪᠠ ᠃      ᠲᠤᠰᠬᠠᠢ ᠨᠢᠰᠬᠡᠯ ᠠᠰᠲ᠋ᠠᠨᠠ ᠶᠢᠨ ᠨᠠᠵᠠᠷᠪᠠᠶᠧᠹ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠬᠦ ᠳᠤ ᠂ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠵᠠᠰᠠᠭ ᠤᠨ ᠣᠷᠳᠣᠨ ᠤ ᠨᠢᠭᠡᠳᠦᠭᠡᠷ ᠳᠡᠳ᠋ ᠶᠡᠷᠦᠩᠬᠡᠢ ᠰᠠᠶᠢᠳ ᠰᠺᠧᠯᠢᠶᠠᠷ ᠂ ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠷᠲ᠋ᠧᠯᠢᠶ᠋ᠸᠦ᠋ ᠂ ᠶᠡᠷᠦᠩᠬᠡᠶᠢᠯᠡᠭᠴᠢ ᠶᠢᠨ ᠭᠠᠳᠠᠭᠠᠳᠤ ᠶᠠᠪᠤᠳᠠᠯ ᠤᠨ ᠵᠥᠪᠯᠡᠭᠴᠢ ᠺᠠᠵᠢᠬᠠᠨ ᠂ ᠠᠰᠲ᠋ᠠᠨᠠ ᠬᠤᠳᠠ ᠶᠢᠨ ᠳᠠᠷᠤᠭ᠎ᠠ ᠺᠠᠰᠧᠮᠪᠧᠺ ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠳ ᠢᠶᠠᠨ ᠳᠠᠭᠠᠭᠤᠯᠤᠨ ᠬᠠᠯᠠᠭᠤᠨ ᠢᠶᠠᠷ ᠤᠭᠲᠤᠯᠭ᠎ᠠ ᠬᠢᠪᠡ ᠃ ᠭᠤᠶᠣᠯᠠᠯ ᠤᠨ ᠬᠤᠪᠴᠠᠰᠤ ᠡᠮᠦᠰᠦᠭᠰᠡᠨ ᠺᠠᠽᠠᠬᠰᠲ᠋ᠠᠨ ᠤ ᠵᠠᠯᠠᠭᠤ ᠡᠮᠡᠭᠲᠡᠢ ᠰᠢ ᠶᠢᠨ ᠫᠢᠩ ᠳᠤ ᠰᠣᠷᠭᠤᠭ ᠴᠡᠴᠡᠭ ᠬᠦᠷᠭᠡᠪᠡ ᠃      ᠲᠦᠸᠧᠺᠠᠶᠧᠹ ᠨᠢᠰᠬᠡᠯ ᠤᠨ ᠪᠠᠭᠤᠳᠠᠯ ᠳᠤ ᠰᠢ ᠶᠢᠨ ᠫᠢᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ ᠃ 100 ᠭᠠᠷᠤᠢ ᠶᠣᠰᠣᠯᠠᠯ ᠤᠨ ᠴᠡᠷᠢᠭ ᠵᠢᠪᠬᠤᠭ᠎ᠠ ᠲᠡᠭᠦᠯᠳᠡᠷ ᠪᠠᠶᠢᠵᠤ ᠂ ᠴᠡᠷᠢᠭ ᠤᠨ ᠬᠥᠭᠵᠢᠮ ᠤᠨ ᠠᠩᠭᠢ ᠵᠣᠴᠢᠨ ᠤᠭᠲᠤᠬᠤ ᠠᠶ᠎ᠠ ᠶᠢ ᠬᠥᠭᠵᠢᠮᠳᠡᠵᠦ ᠵᠣᠴᠢᠨ ᠤᠭᠲᠤᠬᠤ ᠪᠦᠷᠢᠶ᠎ᠡ ᠶᠢ ᠬᠠᠩᠭᠢᠨᠠᠭᠤᠯᠪᠠ ᠃ ᠺᠠᠽᠠᠬᠰᠲ᠋ᠠᠨ ᠤ ᠵᠠᠭᠤ ᠰᠢᠬᠠᠮ ᠬᠡᠦᠬᠡᠳ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ ᠂ ︽ ᠰᠠᠶᠢᠨ ᠪᠠᠶᠢᠨ᠎ᠠ ᠦᠦ ︾ ᠭᠡᠵᠦ ᠮᠡᠨᠳᠦᠴᠢᠯᠡᠨ ᠂ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ ᠃      ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ ᠺᠠᠽᠠᠬᠰᠲ᠋ᠠᠨ ᠤ ᠠᠷᠪᠠ ᠭᠠᠷᠤᠢ ᠪᠠᠭᠠᠴᠤᠳ ᠬᠢᠲᠠᠳ ᠭᠡᠯᠡ ᠪᠠᠷ ︽ ᠡᠬᠡ ᠤᠯᠤᠰ ᠢᠶᠠᠨ ᠮᠠᠭᠲᠠᠨ ᠳᠠᠭᠤᠯᠠᠶ᠎ᠠ ︾ ᠭᠡᠬᠦ ᠳᠠᠭᠤᠤ ᠶᠢ ᠳᠠᠭᠤᠯᠠᠪᠠ ᠃      ᠰᠢ ᠶᠢᠨ ᠫᠢᠩ ᠨᠢᠰᠬᠡᠯ ᠤᠨ ᠪᠠᠭᠤᠳᠠᠯ ᠳᠤ ᠪᠢᠴᠢᠭ ᠤᠨ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠨᠥᠭᠦᠷᠰᠡᠭ ᠺᠠᠽᠠᠬᠰᠲ᠋ᠠᠨ ᠤ ᠠᠷᠠᠳ ᠲᠦᠮᠡᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ ᠃      ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠥᠨᠢ ᠤᠳᠠᠭᠠᠨ ᠲᠡᠦᠬᠡ ᠲᠠᠢ ᠶᠤᠮ ᠃ ᠬᠤᠶᠠᠷ ᠤᠯᠤᠰ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 32 ᠵᠢᠯ ᠤᠨ ᠲᠤᠷᠰᠢ ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠴᠠᠭ ᠦᠶ᠎ᠡ ᠶᠢᠨ ᠬᠤᠪᠢᠷᠠᠯᠲᠠ ᠪᠣᠯᠣᠨ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ ᠂ ᠬᠤᠣᠰ ᠦᠭᠡᠢ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠵᠤ ᠂ ᠬᠥᠷᠰᠢ ᠵᠡᠷᠭᠡᠯᠡᠳᠡᠭᠡ ᠤᠯᠤᠰ ᠤᠨ ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠵᠦ ᠂ ᠬᠠᠷᠢᠯᠴᠠᠨ ᠠᠮᠵᠢᠯᠲᠠ ᠣᠯᠣᠭᠰᠠᠨ ᠬᠠᠷᠢᠯᠴᠠᠭᠠᠨ ᠤ ᠬᠡᠪ ᠳᠠᠭᠤᠷᠢᠶᠠᠯ ᠢ ᠪᠤᠢ ᠪᠣᠯᠭᠠᠪᠠ ᠃ 11 ᠵᠢᠯ ᠤᠨ ᠡᠮᠦᠨ᠎ᠡ ᠂ ᠪᠢ ᠺᠠᠽᠠᠬᠰᠲ᠋ᠠᠠ ᠳᠤ ︽ ᠲᠣᠷᠭᠠᠨ ᠵᠠᠮ ᠤᠨ ᠠᠵᠤ ᠠᠬᠤᠢ ᠶᠢᠨ ᠪᠦᠰᠡ ︾ ᠶᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠠᠩᠬ᠎ᠠ ᠳᠤᠷᠠᠳᠤᠭᠰᠠᠨ ᠶᠤᠮ ᠃ ᠡᠳᠦᠭᠡ ᠂ ᠳᠤᠮᠳᠠᠳᠤ ᠺᠠᠽᠠᠬᠰᠲ᠋ᠠᠨ ︽ ᠨᠢᠭᠡ ᠪᠦᠰᠡ ᠨᠢᠭᠡ ᠵᠠᠮ ︾ ᠢ ᠬᠠᠮᠲᠤ ᠪᠠᠷ ᠪᠦᠲᠦᠭᠡᠨ ᠪᠠᠶᠢᠭᠤᠯᠤᠭᠠᠳ ᠡᠯᠪᠡᠭ ᠪᠠᠶᠠᠯᠢᠭ ᠦᠷ᠎ᠡ ᠪᠦᠲᠦᠭᠡᠯ ᠣᠯᠵᠠᠢ ᠃ ᠪᠢ ᠶᠡᠷᠦᠩᠬᠡᠶᠢᠯᠡᠭᠴᠢ ᠲᠦᠸᠧᠺᠠᠶᠧᠹ  ᠲᠠᠢ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠳᠤᠮᠳᠠᠳᠤ ᠺᠠᠽᠠᠬᠰᠲ᠋ᠠᠨ ᠤ ᠡᠭᠦᠷᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠰᠢᠨ᠎ᠡ ᠵᠢᠷᠤᠭ ᠲᠥᠰᠥᠪ ᠢ ᠵᠢᠷᠤᠭᠯᠠᠵᠤ ᠂ ᠰᠢᠨ᠎ᠡ ᠪᠠᠶᠢᠷᠢᠯᠠᠭᠤᠯᠤᠯᠲᠠ ᠬᠢᠬᠦ ᠶᠢ ᠬᠦᠰᠡᠵᠦ ᠪᠠᠶᠢᠨ᠎ᠠ ᠃ ᠪᠢ ᠪᠠᠰᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠵᠤ ᠂ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠵᠣᠬᠢᠶᠠᠨ ᠪᠠᠶᠢᠭᠤᠯᠤᠯᠲᠠ ᠶᠢᠨ ᠢᠷᠡᠭᠡᠳᠦᠢ ᠶᠢ ᠶᠠᠷᠢᠯᠴᠠᠵᠤ ᠂ ᠬᠠᠮᠲᠤᠷᠠᠯᠴᠠᠭᠠᠨ ᠤ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠵᠦ ᠂ ᠡᠨᠡ ᠬᠦ ᠴᠢᠬᠤᠯᠠ ᠤᠯᠠᠨ ᠲᠠᠯᠠᠲᠤ ᠲᠣᠭᠲᠠᠴᠠ ᠶᠢᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃      ᠼᠠᠢ ᠴᠢ ᠂ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠭᠦᠷᠪᠡ ᠃      ᠺᠠᠽᠠᠬᠰᠲ᠋ᠠᠨ ᠳᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠵᠠᠩ ᠰᠢᠶᠣᠣ ᠪᠠᠰᠠ ᠨᠢᠰᠬᠡᠯ ᠤᠨ ᠪᠠᠭᠤᠳᠠᠯ ᠳᠤ ᠬᠦᠷᠴᠦ ᠤᠭᠲᠤᠵᠠᠢ ᠃      ᠰᠢ ᠶᠢᠨ ᠫᠢᠩ ᠮᠠᠰᠢᠨ ᠲᠡᠷᠭᠡᠨ ᠳᠤ ᠰᠠᠭᠤᠵᠤ ᠨᠢᠰᠬᠡᠯ ᠤᠨ ᠪᠠᠭᠤᠳᠠᠯ ᠠᠴᠠ ᠪᠠᠭᠤᠳᠠᠯᠯᠠᠬᠤ ᠵᠣᠴᠢᠳ ᠤᠨ ᠪᠠᠭᠤᠳᠠᠯ ᠳᠤ ᠬᠦᠷᠬᠦ ᠵᠠᠮ ᠵᠠᠭᠤᠷ᠎ᠠ ᠂ ᠲᠤᠬᠠᠢ ᠶᠢᠨ ᠭᠠᠵᠠᠷ ᠤᠨ ᠳᠤᠮᠳᠠᠳᠤ ᠶᠢᠨ ᠪᠡᠯᠡᠳᠦ ᠠᠵᠤ ᠠᠬᠤᠶᠢᠯᠠᠯ ᠤᠨ ᠲᠥᠯᠥᠭᠡᠯᠡᠭᠴᠢᠳ ᠵᠠᠮ ᠤᠨ ᠬᠤᠶᠠᠷ ᠬᠠᠵᠠᠭᠤ ᠪᠠᠷ ᠬᠦᠯᠢᠶᠡᠵᠦ ᠂ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠤᠶᠢᠯᠠᠵᠤ ᠂ ︽ ᠲᠡᠷᠢᠭᠦᠯᠡᠭᠴᠢ ᠰᠢ ᠶᠢᠨ ᠫᠢᠩ ᠤᠨ ᠺᠠᠽᠠᠬᠰᠲ᠋ᠠᠨ ᠳᠤ ᠠᠶᠢᠯᠴᠢᠯᠠᠯᠲᠠ ᠬᠢᠬᠦ ᠶᠢ ᠪᠠᠶᠠᠷᠯᠠᠨ ᠤᠭᠲᠤᠶ᠎ᠠ ︾ ᠵᠡᠷᠭᠡ ᠤᠯᠠᠭᠠᠨ ᠬᠥᠨᠳᠡᠯᠡᠨ ᠪᠢᠴᠢᠭᠡᠰᠦ ᠶᠢ ᠥᠨᠳᠥᠷ ᠡᠷᠭᠦᠵᠦ ᠂ ᠲᠡᠷᠢᠭᠦᠯᠡᠭᠴᠢ ᠰᠢ ᠶᠢᠨ ᠫᠢᠩ ᠤᠨ ᠠᠶᠢᠯᠴᠢᠯᠠᠷ᠎ᠠ ᠢᠷᠡᠭᠰᠡᠨ ᠢ ᠬᠠᠯᠠᠭᠤᠨ ᠢᠶᠠᠷ ᠤᠭᠲᠤᠪᠠ ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号