ᠰᠢ ᠶᠢᠨ ᠫᠢᠩ ᠺᠠᠽᠠᠬᠰᠲ᠋ᠠᠠ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2024/7/4
      ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 3 ᠤ ᠴᠠᠭᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃
7-4-1.jpg
      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ ᠲᠦᠸᠧᠺᠠᠶᠧᠹ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃ ᠵᠢᠷᠤᠭ ᠪᠣᠯ ᠰᠢ  ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠵᠦ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠶᠤᠸᠠᠢ ᠶᠤᠸᠠᠢ ᠸᠧᠢ  ᠰᠡᠭᠦᠳᠡᠷᠯᠡᠪᠡ
7-4-2.jpg
      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ ᠫᠢᠩ ᠲᠦᠸᠧᠺᠠᠶᠧᠹ ᠲᠠᠢ ᠭᠠᠷ ᠠᠳᠬᠤᠯᠴᠠᠵᠤ ᠪᠠᠶᠢᠭ᠎ᠠ ᠨᠢ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠫᠠᠩ ᠰᠢᠩ ᠯᠧᠢ  ᠰᠡᠭᠦᠳᠡᠷᠯᠡᠪᠡ
7-4-3.jpg
      ᠲᠤᠬᠠᠢ ᠶᠢᠨ ᠭᠠᠵᠠᠷ ᠤᠨ ᠴᠠᠭ ᠢᠶᠠᠷ 7 ᠰᠠᠷ᠎ᠠ ᠶᠢᠨ 3 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ  ᠶᠢᠨ ᠫᠢᠩ ᠠᠰᠲ᠋ᠠᠨᠠ ᠳᠠᠬᠢ ᠶᠡᠷᠦᠩᠬᠡᠶᠢᠯᠡᠭᠴᠢ ᠶᠢᠨ ᠣᠷᠳᠣᠨ ᠳᠤ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃ ᠬᠡᠯᠡᠯᠴᠡᠭᠡ ᠳᠠᠭᠤᠰᠤᠭᠰᠠᠨ ᠤ ᠲᠠᠷᠠᠭ᠋᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠰᠤᠷᠭᠠᠨ ᠬᠥᠮᠦᠵᠢᠯ᠂ ᠵᠠᠭᠤᠴᠢᠯᠠᠭᠤᠷ ᠵᠡᠷᠭᠡ ᠬᠦᠷᠢᠶᠡᠨ ᠤ ᠬᠡᠳᠦᠨ ᠠᠷᠪᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃      ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠵᠢᠦᠢ ᠫᠧᠩ  ᠰᠡᠭᠦᠳᠡᠷᠯᠡᠪᠡ      ᠰᠢ ᠶᠢᠨ ᠫᠢᠩ ᠲᠡᠷᠭᠡ ᠪᠠᠷ ᠶᠡᠷᠦᠩᠬᠡᠶᠢᠯᠡᠭᠴᠢ ᠶᠢᠨ ᠣᠷᠳᠣᠨ ᠳᠤ ᠬᠦᠷᠬᠦ ᠳᠤ ᠶᠡᠷᠦᠩᠬᠡᠶᠢᠯᠡᠭᠴᠢ ᠲᠦᠸᠧᠺᠠᠶᠧᠹ ᠬᠠᠯᠠᠭᠤᠨ ᠢᠶᠠᠷ ᠤᠭᠲᠤᠯᠭ᠎ᠠ ᠬᠢᠪᠡ᠃ ᠺᠠᠽᠠᠬᠰᠲ᠋ᠠᠨ ᠤ ᠠᠭᠠᠷ ᠤᠨ ᠴᠡᠷᠢᠭ ᠤᠨ ᠵᠢᠷᠭᠤᠭᠠᠨ ᠪᠠᠶᠢᠯᠳᠤᠭᠠᠨ ᠤ ᠨᠢᠰᠬᠡᠯ ᠶᠡᠷᠦᠩᠬᠡᠶᠢᠯᠡᠭᠴᠢ ᠶᠢᠨ ᠣᠷᠳᠣᠨ ᠤ ᠳᠡᠭᠡᠭᠦᠷ ᠨᠢᠰᠦᠨ ᠥᠩᠭᠡᠷᠡᠵᠦ᠂ ᠳᠤᠮᠳᠠᠳᠤ ᠤᠯᠤᠰ ᠤᠨ ᠤᠯᠤᠰ ᠤᠨ ᠲᠤᠭ ᠢ ᠪᠡᠯᠭᠡᠳᠡᠭᠰᠡᠨ ᠤᠯᠠᠭᠠᠨ ᠰᠢᠷ᠎ᠠ ᠥᠩᠭᠡ ᠲᠠᠢ ᠪᠤᠳᠤᠭᠲᠤ ᠤᠳᠤᠭ᠎ᠠ ᠲᠠᠲᠠᠭᠤᠯᠵᠤ᠂ ᠬᠠᠮᠤᠭ ᠤᠨ ᠳᠡᠭᠡᠳᠦ ᠶᠣᠰᠣᠯᠠᠯ ᠢᠶᠠᠷ ᠰᠢ  ᠶᠢᠨ ᠫᠢᠩ ᠤᠨ ᠺᠠᠽᠠᠬᠰᠲ᠋ᠠᠨ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠪᠠᠶᠠᠷᠯᠠᠨ ᠤᠭᠲᠤᠪᠠ᠃      ᠲᠦᠸᠧᠺᠠᠶᠧᠹ ᠰᠢ ᠶᠢᠨ ᠫᠢᠩ ᠢ ᠤᠭᠲᠤᠬᠤ ᠦᠪᠡᠳᠡᠭᠰᠢ ᠶᠣᠰᠣᠯᠠᠯ ᠶᠠᠪᠤᠭᠤᠯᠪᠠ᠃      ᠶᠡᠷᠦᠩᠬᠡᠶᠢᠯᠡᠭᠴᠢ ᠶᠢᠨ ᠣᠷᠳᠣᠨ ᠤ ᠶᠡᠭᠡ ᠲᠢᠩᠬᠢᠮ ᠰᠦᠷ ᠵᠢᠪᠬᠤᠯᠠᠩᠲᠠᠢ ᠪᠠᠶᠢᠵᠤ᠂ ᠶᠣᠰᠣᠯᠠᠯ ᠤᠨ ᠴᠡᠷᠢᠭ ᠰᠦᠷ ᠵᠢᠪᠬᠤᠭ᠎ᠠ ᠲᠠᠢ ᠪᠠᠶᠢᠯ᠎ᠠ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠨ ᠮᠡᠨᠳᠦᠴᠢᠯᠡᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠰᠢ ᠶᠢᠨ ᠫᠢᠩ ᠲᠦᠸᠧᠺᠠᠶᠧᠹ ᠤᠨ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃      ᠤᠭᠲᠤᠬᠤ ᠶᠣᠰᠣᠯᠠᠯ ᠤᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠪᠠᠭ᠎ᠠ ᠬᠡᠪᠴᠢᠶᠡᠨ ᠤ ᠬᠡᠯᠡᠯᠴᠡᠭᠡ ᠬᠢᠪᠡ᠃      ᠰᠢ ᠶᠢᠨ ᠫᠢᠩ᠂ ᠨᠢᠳᠤᠨᠤᠨ ᠪᠢ ᠶᠡᠷᠦᠩᠬᠡᠶᠢᠯᠡᠭᠴᠢ ᠲᠦᠸᠧᠺᠠᠶᠧᠹ ᠲᠠᠢ ᠰᠢ ᠠᠨ ᠪᠣᠯᠣᠨ ᠪᠡᠭᠡᠵᠢᠩ ᠳᠤ ᠬᠤᠶᠠᠷ ᠤᠳᠠᠭ᠎ᠠ ᠠᠭᠤᠯᠵᠠᠵᠤ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠲᠥᠯᠦᠪᠵᠢᠭᠦᠯᠭᠡ ᠬᠢᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ︽ᠰᠢᠵᠢᠷ ᠠᠯᠳᠠᠨ 30 ᠵᠢᠯ︾ ᠤᠨ ᠲᠦᠷᠭᠡᠨ ᠬᠥᠭᠵᠢᠯᠲᠡ ᠶᠢ ᠬᠥᠲᠥᠯᠥᠨ ᠳᠠᠭᠠᠭᠤᠯᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠳᠤ ᠬᠠᠨᠳᠤᠵᠤ᠂ ᠺᠠᠽᠠᠬᠰᠲ᠋ᠠᠨ ᠢ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠲᠡᠷᠢᠭᠦᠨ ᠴᠢᠬᠤᠯᠠ ᠴᠢᠭᠯᠡᠯ ᠪᠣᠯᠣᠨ ᠳᠤᠮᠳᠠᠳᠤ ᠠᠽᠢᠶ᠎ᠠ ᠳᠠᠬᠢ ᠴᠢᠬᠤᠯᠠ ᠬᠠᠮᠲᠤᠷᠠᠯᠴᠠᠭᠠᠨ ᠤ ᠬᠠᠨᠢᠲᠠᠨ ᠢᠶᠠᠷ ᠦᠵᠡᠵᠦ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠳᠤᠮᠳᠠᠳᠤ ᠤᠯᠤᠰ ᠤᠨ ᠬᠦᠰᠡᠯ ᠵᠣᠷᠢᠯᠲᠠ ᠪᠠ ᠡᠷᠴᠢ ᠵᠣᠷᠢᠭ ᠡᠷᠡᠰ ᠭᠤᠶᠢᠪᠢᠰᠢ ᠦᠭᠡᠢ ᠪᠠᠶᠢᠵᠤ᠂ ᠲᠦᠷ ᠴᠠᠭ ᠤᠨ ᠬᠡᠷᠡᠭ ᠶᠠᠪᠤᠳᠠᠯ ᠪᠤᠶᠤ ᠳᠡᠯᠡᠬᠡᠢ ᠶᠢᠨ ᠤᠷᠪᠠᠭᠠᠨ ᠬᠥᠷᠪᠡᠭᠡᠨ ᠠᠴᠠ ᠪᠣᠯᠵᠤ ᠬᠤᠪᠢᠷᠠᠬᠤ ᠦᠭᠡᠢ ᠶᠤᠮ᠃ ᠳᠤᠮᠳᠠᠳᠤ ᠤᠯᠤᠰ ᠪᠣᠯ ᠺᠠᠽᠠᠬᠰᠲ᠋ᠠᠨ ᠤ ᠥᠨᠢ ᠡᠭᠦᠷᠢᠳᠡ ᠬᠦᠨᠳᠦᠳᠬᠡᠨ ᠲᠦᠰᠢᠭᠯᠡᠵᠦ ᠪᠤᠯᠬᠤ ᠰᠠᠶᠢᠨ ᠬᠥᠷᠰᠢ ᠰᠠᠶᠢᠨ ᠬᠠᠨᠢᠲᠠᠨ ᠮᠥᠨ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠤᠯᠠᠮᠵᠢᠯᠠᠯᠲᠤ ᠡᠨᠧᠷᠭᠢ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠭᠡᠷᠡᠯᠴᠢ ᠴᠡᠨᠡᠭ᠂ ᠰᠠᠯᠬᠢᠨ ᠬᠦᠴᠦᠨ ᠤ ᠴᠠᠭᠢᠯᠭᠠᠨ ᠵᠡᠷᠭᠡ ᠰᠢᠨ᠎ᠡ ᠡᠨᠧᠷᠭᠢ ᠶᠢᠨ ᠬᠠᠮᠲᠤᠷᠠᠯᠴᠠᠭ᠎ᠠ ᠪᠠᠨ ᠥᠷᠭᠡᠳᠬᠡᠵᠦ᠂ ᠨᠠᠩ ᠣᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠽᠠᠬᠰᠲ᠋ᠠᠨ ᠳᠤ ᠬᠦᠷᠴᠦ ᠪᠡᠯᠡ ᠣᠷᠣᠭᠤᠯᠬᠤ ᠶᠢ ᠳᠡᠮᠵᠢᠵᠦ᠂ ᠺᠠᠽᠠᠬᠰᠲ᠋ᠠᠨ ᠤ ᠬᠢᠨ ᠤ ᠡᠬᠢ ᠪᠠᠶᠠᠯᠢᠭ ᠤᠨ ᠳᠠᠪᠠᠭᠤᠯᠢᠭ ᠢᠶᠠᠨ ᠬᠥᠭᠵᠢᠯᠲᠡ ᠶᠢᠨ ᠴᠢᠳᠠᠪᠤᠷᠢ ᠪᠣᠯᠭᠠᠨ ᠬᠤᠪᠢᠷᠠᠭᠤᠯᠵᠤ᠂ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠲᠠᠮᠵᠢᠨ᠎ᠠ ᠭᠡᠵᠦ ᠵᠢᠭᠠᠵᠤ ᠭᠠᠷᠭᠠᠪᠠ᠃      ᠲᠦᠸᠧᠺᠠᠶᠧᠹ᠂ ᠲᠡᠷᠢᠭᠦᠯᠡᠭᠴᠢ ᠰᠢ ᠶᠢᠨ ᠫᠢᠩ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠨᠢ ᠺᠠᠽᠠᠬᠰᠲ᠋ᠠᠨ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠳᠤ ᠲᠡᠦᠬᠡᠲᠦ ᠴᠢᠨᠠᠷᠲᠠᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠪᠣᠯ ᠺᠠᠽᠠᠬᠰᠲ᠋ᠠᠨ ᠤ ᠨᠥᠭᠦᠷᠰᠡᠭ ᠬᠥᠷᠰᠢ᠂ ᠳᠣᠲᠣᠨᠣ ᠨᠠᠶᠢᠵᠠ ᠪᠠ ᠴᠢᠬᠤᠯᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠪᠠᠲᠤ ᠪᠠᠬᠢ ᠡᠶᠡᠯᠳᠡᠭ ᠬᠥᠷᠰᠢ ᠶᠢᠨ ᠨᠥᠬᠦᠷᠯᠡᠯ ᠪᠠ ᠡᠷᠡᠰ ᠪᠠᠲᠤ ᠬᠠᠷᠢᠯᠴᠠᠨ ᠳᠡᠮᠵᠢᠯᠭᠡ ᠳᠤ ᠰᠠᠭᠤᠷᠢᠯᠠᠵᠤ᠂ ᠤᠷᠢᠳ ᠡᠮᠦᠨ᠎ᠡ ᠪᠠᠶᠢᠭ᠎ᠠ ᠦᠭᠡᠢ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠢᠯᠡᠷᠡᠵᠦ᠂ ᠠᠷᠠᠯᠵᠢᠶ᠎ᠠ᠂ ᠡᠨᠧᠷᠭᠢ᠂ ᠬᠥᠳᠡᠭᠡ ᠠᠵᠤ ᠠᠬᠤᠢ᠂ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠤ ᠬᠠᠮᠲᠤᠷᠠᠯᠴᠠᠭ᠎ᠠ ᠴᠢᠬᠤᠯᠠ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠴᠦ᠂ ᠤᠯᠤᠰ ᠪᠣᠯᠣᠨ ᠤᠯᠤᠰ ᠤᠨ ᠬᠠᠷᠢᠯᠴᠠᠭᠠᠨ ᠤ ᠨᠡᠶᠢᠲᠡᠯᠢᠭ ᠵᠢᠱᠢᠶ᠎ᠡ ᠪᠣᠯᠵᠠᠢ᠃ ᠺᠠᠽᠠᠬᠰᠲ᠋ᠠᠨ ᠤ ᠬᠢᠨ ᠳᠤᠮᠳᠠᠳᠤ ᠤᠯᠤᠰ ᠤᠨ ᠣᠯᠣᠭᠰᠠᠨ ᠪᠦᠭᠦ ᠲᠠᠯ᠎ᠠ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠳᠤ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠳᠡᠭᠡᠷ᠎ᠡ ᠯᠠᠪᠲᠠᠢ ᠨᠡᠩ ᠶᠡᠭᠡ ᠰᠢᠨ᠎ᠡ ᠠᠮᠵᠢᠯᠲᠠ ᠣᠯᠬᠤ ᠶᠢ ᠢᠲᠡᠭᠡᠵᠦ ᠪᠠᠶᠢᠨ᠎ᠠ᠃ ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ᠂ ᠬᠤᠶᠠᠷ ᠤᠯᠤᠰ ᠤᠨ ᠡᠨᠧᠷᠭᠢ᠂ ᠠᠭᠤᠷᠬᠠᠢ ᠶᠢᠨ ᠭᠠᠷᠤᠯᠲᠠ᠂ ᠰᠢᠨ᠎ᠡ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠲᠠᠯᠳᠠ ᠬᠦᠴᠦᠨ ᠢ ᠴᠢᠨᠠᠭᠰᠢᠳᠠ ᠠᠭᠤᠳᠠᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠰᠢᠨ᠎ᠡ ᠥᠨᠳᠥᠷᠴᠡ ᠳᠤ ᠭᠦᠷᠲᠡᠯ᠎ᠡ ᠬᠥᠭᠵᠢᠬᠦ ᠶᠢ ᠠᠬᠢᠭᠤᠯᠤᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠤᠨ ᠺᠠᠽᠠᠬᠰᠲ᠋ᠠᠨ ᠤ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠡᠷᠡᠰ ᠳᠡᠮᠵᠢᠵᠦ ᠪᠠᠶᠢᠭ᠎ᠠ ᠳᠤ ᠲᠠᠯᠠᠷᠬᠠᠵᠤ ᠪᠠᠶᠢᠨ᠎ᠠ᠂ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ︽ᠭᠤᠷᠪᠠᠨ ᠵᠦᠢᠯ ᠤᠨ ᠬᠦᠴᠦᠨ︾ ᠳᠤ ᠡᠷᠡᠰ ᠴᠣᠬᠢᠯᠲᠠ ᠥᠭᠴᠦ᠂ ᠬᠤᠶᠠᠷ ᠤᠯᠤᠰ ᠤᠨ ᠬᠠᠮᠲᠤ ᠶᠢᠨ ᠠᠮᠤᠷ ᠲᠦᠪᠰᠢᠨ ᠢ ᠬᠠᠮᠠᠭᠠᠯᠠᠨ᠎ᠠ ᠭᠡᠵᠦ ᠢᠯᠡᠳᠬᠡᠪᠡ᠃      ᠳᠠᠷᠠᠭ᠎ᠠ ᠨᠢ᠂ ᠬᠤᠶᠠᠷ ᠤᠯᠤᠰ ᠤᠨ ᠲᠡᠷᠢᠭᠦᠨ ᠶᠡᠭᠡ ᠬᠡᠪᠴᠢᠶᠡᠨ ᠤ ᠬᠡᠯᠡᠯᠴᠡᠭᠡ ᠬᠢᠪᠡ᠃      ᠰᠢ ᠶᠢᠨ ᠫᠢᠩ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠮᠢᠩᠭᠠᠨ ᠵᠢᠯ ᠦᠷᠭᠦᠯᠵᠢᠯᠡᠭᠰᠡᠨ ᠡᠷᠲᠡᠨ ᠤ ᠲᠣᠷᠭᠠᠨ ᠵᠠᠮ ᠳᠤ ᠦᠨᠳᠦᠰᠦᠯᠡᠵᠦ᠂ ᠪᠠᠰᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 32 ᠵᠢᠯ ᠤᠨ ᠬᠠᠮᠲᠤᠷᠠᠯᠴᠠᠭᠠᠨ ᠤ ᠬᠤᠷᠠᠮᠳᠤᠯ ᠢ ᠥᠩᠭᠡᠷᠡᠭᠡᠵᠦ᠂ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠥᠨᠳᠥᠷ ᠲᠦᠪᠰᠢᠨ ᠳᠤ ᠬᠦᠷᠴᠦ᠂ ᠦᠶ᠎ᠡ ᠶᠢᠨ ᠦᠶ᠎ᠡ ᠳᠡᠭᠡᠨ ᠨᠥᠭᠦᠷᠰᠡᠭ᠂ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠨᠢ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠶᠢᠨ ᠭᠤᠣᠯ ᠭᠦᠭ ᠠᠶᠠᠰ ᠪᠣᠯᠪᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠤᠯᠤᠰ ᠤᠨ ᠳᠤᠮᠳᠠᠳᠤ ᠺᠠᠽᠠᠬᠰᠲ᠋ᠠᠨ ᠤ ᠨᠥᠬᠦᠷᠯᠡᠯ ᠢ ᠬᠠᠮᠠᠭᠠᠯᠠᠬᠤ ᠤᠭ ᠰᠠᠨᠠᠭ᠎ᠠ ᠡᠷᠡᠰ ᠭᠤᠶᠢᠪᠢᠰᠢ ᠦᠭᠡᠢ᠂ ᠪᠦᠭᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠬᠤ ᠬᠠᠳᠠᠨ ᠵᠣᠷᠢᠭ ᠡᠷᠡᠰ ᠭᠤᠶᠢᠪᠢᠰᠢ ᠦᠭᠡᠢ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠬᠦ ᠡᠷᠡᠰ ᠵᠣᠷᠢᠭ ᠡᠷᠡᠰ ᠭᠤᠶᠢᠪᠢᠰᠢ ᠦᠭᠡᠢ᠂ ᠲᠤᠰ ᠲᠤᠰ ᠤᠨ ᠤᠯᠤᠰ ᠤᠨ ᠢᠶᠠᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠢᠲᠡᠭᠡᠯ ᠡᠷᠡᠰ ᠭᠤᠶᠢᠪᠢᠰᠢ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠬᠠᠮᠲᠤ ᠪᠠᠷ᠂ ᠨᠡᠩ ᠪᠠᠶᠠᠯᠢᠭ ᠠᠭᠤᠯᠤᠭᠳᠠᠬᠤᠨ ᠪᠠ ᠠᠮᠢᠵᠢᠷᠠᠯ ᠤᠨ ᠬᠦᠴᠦᠨ ᠲᠠᠢ᠂ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠬᠥᠭᠵᠢᠯᠲᠡ ᠲᠣᠭᠲᠠᠭᠤᠨ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠺᠠᠽᠠᠬᠰᠲ᠋ᠠᠨ ᠬᠤᠶᠠᠷ ᠤᠯᠤᠰ ᠪᠦᠷ ᠲᠤᠰ ᠲᠤᠰ ᠤᠨ ᠢᠶᠠᠨ ᠬᠥᠭᠵᠢᠯ ᠮᠠᠨᠳᠤᠯ ᠤᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠤᠢ᠂ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠨᠡᠩ ᠤᠯᠠᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠲᠦᠷᠦᠯ ᠵᠦᠢᠯ ᠢ ᠬᠡᠷᠡᠭᠵᠢᠭᠦᠯᠵᠦ᠂ ᠲᠤᠰ ᠲᠤᠰ ᠤᠨ ᠢᠶᠠᠨ ᠬᠥᠭᠵᠢᠯᠲᠡ ᠳᠤ ᠬᠦᠴᠦᠨ ᠨᠡᠮᠡᠷᠢᠯᠡᠶ᠎ᠡ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠢᠷᠡᠭᠡᠳᠦᠢ ᠳᠤ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ ᠶᠢ ᠬᠤᠶᠠᠷ ᠲᠠᠭᠢᠨ ᠪᠤᠯᠲᠠᠯ᠎ᠠ ᠨᠡᠮᠡᠭᠳᠡᠭᠦᠯᠬᠦ ᠰᠢᠨ᠎ᠡ ᠬᠠᠷᠠᠯᠲᠠ ᠶᠢ ᠡᠷᠲᠡᠬᠡᠨ ᠪᠡᠶᠡᠯᠡᠭᠦᠯᠵᠦ᠂ ᠺᠠᠽᠠᠬᠰᠲ᠋ᠠᠨ ᠤ ᠴᠢᠨᠠᠷ ᠰᠠᠶᠢᠲᠠᠢ ᠲᠠᠸᠠᠷ ᠢ ᠣᠷᠣᠭᠤᠯᠬᠤ ᠶᠢ ᠴᠢᠨᠠᠭᠰᠢᠳᠠ ᠥᠷᠭᠡᠳᠬᠡᠵᠦ᠂ ᠡᠯᠧᠺᠲᠷᠣᠨ ᠬᠤᠳᠠᠯᠳᠤᠭ᠎ᠠ᠂ ᠲᠣᠭᠠᠴᠢᠯᠠᠭᠰᠠᠨ ᠠᠵᠤ ᠠᠬᠤᠢ ᠵᠡᠷᠭᠡ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠬᠤᠶᠠᠷ ᠲᠠᠯ᠎ᠠ ᠪᠠᠷ ᠢᠶᠠᠨ ᠦᠢᠯᠡᠳᠪᠦᠷᠢᠯᠡᠯ ᠤᠨ ᠴᠢᠳᠠᠪᠤᠷᠢ ᠶᠢᠨ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠬᠡᠪᠴᠢᠶ᠎ᠡ ᠪᠠᠨ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠠᠭᠤᠳᠠᠯᠵᠤ᠂ ᠴᠠᠭᠢᠯᠭᠠᠨ ᠭᠦᠳᠡᠯᠭᠡᠭᠦᠷᠲᠦ ᠮᠠᠰᠢᠨ       ᠲᠡᠷᠭᠡ᠂ ᠰᠢᠨ᠎ᠡ ᠡᠨᠧᠷᠭᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠳᠠᠭᠠᠭᠤᠯᠢ ᠤᠳᠤᠨ ᠤ ᠴᠢᠮᠡᠭᠡ ᠬᠤᠯᠪᠤᠭ᠎ᠠ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠶ᠎ᠡ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠤ ᠬᠢᠨ ᠲᠠᠢ ᠺᠠᠰᠫᠢ ᠲᠠᠩᠭᠢᠰ ᠢ ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠯᠠᠨ ᠡᠰᠢᠵᠢᠭᠰᠡᠨ ᠪᠣᠰᠤᠭ᠎ᠠ ᠴᠣᠭᠴᠠᠲᠤ ᠬᠤᠯᠪᠣᠯᠳᠤᠨ ᠨᠡᠪᠲᠡᠷᠡᠯᠴᠡᠬᠦ ᠪᠠᠶᠢᠷᠢᠰᠢᠯ ᠢ ᠪᠠᠶᠢᠭᠤᠯᠤᠨ᠎ᠠ᠃ ᠳᠤᠮᠳᠠᠳᠤ ᠤᠯᠤᠰ ᠢᠷᠡᠬᠦ ᠵᠢᠯ ᠺᠠᠽᠠᠬᠰᠲ᠋ᠠᠨ ᠳᠤ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ ᠡᠷᠭᠢᠯᠡᠭᠦ ᠶᠢ ᠳᠡᠮᠵᠢᠵᠦ᠂ ᠺᠠᠽᠠᠬᠰᠲ᠋ᠠᠨ ᠳᠤ ᠬᠤᠶᠠᠳᠠᠭᠢ ᠯᠦ ᠪᠠᠨ ᠤ ᠦᠢᠯᠡᠳᠬᠡᠯ ᠤᠨ ᠭᠠᠵᠠᠷ ᠪᠠᠶᠢᠭᠤᠯᠬᠤ ᠪᠠᠷ ᠲᠣᠭᠲᠠᠪᠠ᠃ ᠥᠴᠥᠭᠡᠳᠦᠷ ᠪᠢ ᠨᠢᠰᠬᠡᠯ ᠤᠨ ᠪᠠᠭᠤᠳᠠᠯ ᠳᠤ ᠺᠠᠽᠠᠬᠰᠲ᠋ᠠᠨ ᠤ ᠪᠠᠭᠠᠴᠤᠳ ᠪᠠᠷᠢᠮᠵᠢᠶ᠎ᠠ ᠰᠠᠶᠢᠬᠠᠨ ᠬᠢᠲᠠᠳ ᠭᠡᠯᠡ ᠪᠠᠷ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠳᠠᠭᠤᠤ ᠶᠢ ᠳᠠᠭᠤᠯᠠᠵᠤ ᠪᠠᠶᠢᠬᠤ ᠶᠢ ᠰᠣᠨᠣᠰᠤᠭᠠᠳ ᠮᠠᠰᠢ ᠰᠡᠳᠬᠢᠯ ᠬᠥᠳᠡᠯᠪᠡ᠃ ᠵᠠᠯᠠᠭᠤᠴᠤᠳ ᠪᠣᠯ ᠳᠤᠮᠳᠠᠳᠤ ᠺᠠᠽᠠᠬᠰᠲ᠋ᠠᠨ ᠤ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠶᠢᠨ ᠵᠠᠯᠭᠠᠮᠵᠢᠯᠠᠭᠴᠢ ᠮᠥᠨ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠰᠣᠶᠣᠯ ᠤᠨ ᠲᠥᠪ ᠪᠣᠯᠣᠨ ᠪᠡᠭᠡᠵᠢᠩ ᠤᠨ ᠦᠭᠡ ᠬᠡᠯᠡᠨ ᠤ ᠶᠡᠭᠡ ᠰᠤᠷᠭᠠᠭᠤᠯᠢ ᠶᠢᠨ ᠺᠠᠽᠠᠬᠰᠲ᠋ᠠᠨ ᠳᠠᠬᠢ ᠬᠤᠪᠢᠶᠠᠷᠢ ᠰᠤᠷᠭᠠᠭᠤᠯᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠠᠷᠠᠳ ᠤᠯᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠵᠤ᠂ ᠬᠤᠶᠠᠷ ᠤᠯᠤᠰ ᠤᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠨᠡᠶᠢᠭᠡᠮ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ ᠭᠡᠵᠦ ᠴᠢᠬᠤᠯᠠᠴᠢᠯᠠᠪᠠ᠃      ᠰᠢ ᠶᠢᠨ ᠫᠢᠩ ᠺᠠᠽᠠᠬᠰᠲ᠋ᠠᠨ ᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠭᠰᠡᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠺᠠᠽᠠᠬᠰᠲ᠋ᠠᠨ ᠤ ᠭᠤᠣᠯᠯᠠᠨ ᠡᠷᠭᠢᠯᠡᠭᠰᠡᠨ ᠠᠰᠲ᠋ᠠᠨᠠ ᠶᠢᠨ ᠲᠦᠷᠦᠭᠦᠴᠦᠳ ᠤᠨ ᠬᠤᠷᠠᠯ ᠲᠡᠭᠦᠰ ᠠᠮᠵᠢᠯᠲᠠ ᠣᠯᠬᠤ ᠶᠢ ᠵᠥᠩᠨᠡᠪᠡ᠃ ᠰᠢ ᠶᠢᠨ ᠫᠢᠩ᠂ ᠠᠰᠲ᠋ᠠᠨᠠ ᠶᠢᠨ ᠲᠦᠷᠦᠭᠦᠴᠦᠳ ᠤᠨ ᠬᠤᠷᠠᠯ ᠤᠨ ᠳᠠᠷᠠᠭ᠎ᠠ ᠳᠤᠮᠳᠠᠳᠤ ᠤᠯᠤᠰ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠪᠤᠯᠬᠤ ᠪᠣᠯᠣᠨ᠎ᠠ᠂ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠵᠡᠷᠭᠡ ᠪᠦᠷᠢᠯᠳᠦᠭᠦᠨ ᠤᠯᠤᠰ ᠯᠤᠭ᠎ᠠ ᠨᠡᠩ ᠨᠢᠭᠲᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ᠃ ᠳᠤᠮᠳᠠᠳᠤ ᠤᠯᠤᠰ ᠺᠠᠽᠠᠬᠰᠲ᠋ᠠᠨ ᠤ ᠬᠢᠨ ᠳᠠᠷᠠᠭ᠎ᠠ ᠵᠢᠯ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠤᠯᠤᠰ ᠤᠳ ᠤᠨ ᠲᠦᠷᠦᠭᠦᠴᠦᠳ ᠤᠨ ᠬᠤᠷᠠᠯ ᠢ ᠡᠷᠭᠢᠯᠡᠭᠦ ᠶᠢ ᠳᠡᠮᠵᠢᠵᠦ᠂ ᠳᠤᠷᠠᠲᠠᠶ᠎ᠠ ᠺᠠᠽᠠᠬᠰᠲ᠋ᠠᠨ ᠵᠡᠷᠭᠡ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠤᠯᠤᠰ ᠤᠳ ᠤᠨ ᠲᠣᠭᠲᠠᠴᠠ ᠶᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠳᠤᠮᠳᠠᠳᠤ ᠤᠯᠤᠰ ᠪᠣᠯᠣᠨ ᠳᠤᠮᠳᠠᠳᠤ ᠠᠽᠢᠶ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ ᠺᠠᠽᠠᠬᠰᠲ᠋ᠠᠨ ᠤ ᠲᠠᠯ᠎ᠠ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠤᠨ ᠳᠣᠲᠣᠷ᠎ᠠ ᠨᠢᠭᠲᠠ ᠬᠠᠮᠵᠢᠯᠴᠠᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠬᠤᠶᠠᠷ ᠤᠯᠤᠰ ᠵᠢᠴᠢ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠢᠯᠡᠳᠬᠡᠪᠡ᠃      ᠲᠦᠸᠧᠺᠠᠶᠧᠹ᠂ ᠲᠡᠷᠢᠭᠦᠯᠡᠭᠴᠢ ᠰᠢ ᠶᠢᠨ ᠫᠢᠩ ᠺᠠᠽᠠᠬᠰᠲ᠋ᠠᠨ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠺᠠᠽᠠᠬᠰᠲ᠋ᠠᠨ ᠳᠤᠮᠳᠠᠳᠤ ᠬᠤᠶᠠᠷ ᠲᠠᠯ᠎ᠠ ᠪᠠᠷ ᠢᠶᠠᠨ ᠴᠥᠮ ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠳᠡᠭᠡᠭᠰᠢᠯᠡᠭᠦᠯᠭᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠪᠥᠭᠡᠳ ᠴᠢᠩᠭ᠎ᠠ ᠬᠦᠰᠡᠵᠦ ᠪᠠᠶᠢᠬᠤ ᠶᠢ ᠳᠠᠬᠢᠨᠲᠠ ᠭᠡᠷᠡᠴᠢᠯᠡᠪᠡ᠃ ᠺᠠᠽᠠᠬᠰᠲ᠋ᠠᠨ ᠳᠤᠮᠳᠠᠳᠤ ᠮᠢᠩᠭᠠᠨ ᠵᠢᠯ ᠢ ᠠᠯᠤᠰᠯᠠᠭᠰᠠᠨ ᠪᠠᠲᠤ ᠪᠠᠬᠢ ᠨᠥᠬᠦᠷᠯᠡᠯ ᠲᠠᠢ᠂ ᠡᠯ᠎ᠡ ᠬᠦᠷᠢᠶᠡᠨ ᠤ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ᠃ ᠢᠯᠠᠩᠭᠤᠶ᠎ᠠ ᠣᠶᠢᠷ᠎ᠠ ᠶᠢᠨ ᠵᠢᠯ ᠠᠴᠠ᠂ ᠲᠡᠷᠢᠭᠦᠯᠡᠭᠴᠢ ᠰᠢ ᠶᠢᠨ ᠫᠢᠩ ᠤᠨ ᠬᠠᠯᠠᠮᠵᠢᠯᠠᠯ ᠳᠠᠭᠠᠭᠤᠯᠭ᠎ᠠ ᠳᠣᠣᠷ᠎ᠠ᠂ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠰᠢᠨ᠎ᠡ ︽ᠰᠢᠵᠢᠷ ᠠᠯᠳᠠᠨ ᠴᠠᠭ ᠦᠶ᠎ᠡ︾ ᠳᠤ ᠣᠷᠣᠵᠤ᠂ ᠬᠤᠶᠠᠷ ᠤᠯᠤᠰ ᠤᠨ ᠴᠢᠬᠤᠯᠠ ᠶᠡᠭᠡ ᠬᠠᠮᠲᠤᠷᠠᠯᠴᠠᠭᠠᠨ ᠤ ᠲᠦᠷᠦᠯ ᠵᠦᠢᠯ ᠤᠷᠤᠭᠰᠢᠲᠠᠢ ᠠᠬᠢᠵᠤ᠂ ᠬᠥᠳᠡᠭᠡ ᠠᠵᠤ ᠠᠬᠤᠢ᠂ ᠪᠣᠬᠢᠷᠳᠤᠯ ᠦᠭᠡᠢ ᠡᠨᠧᠷᠭᠢ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠭᠡᠯ ᠣᠯᠵᠤ᠂ ᠬᠤᠶᠠᠷ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠬᠤᠪᠢ ᠨᠡᠮᠡᠷᠢ ᠦᠵᠡᠭᠦᠯᠪᠡ᠃ ᠺᠠᠽᠠᠬᠰᠲ᠋ᠠᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠨ᠎ᠠ᠂ ᠳᠤᠮᠳᠠᠳᠤ ᠤᠯᠤᠰ ᠤᠨ ᠢᠲᠡᠭᠡᠵᠦ ᠪᠤᠯᠬᠤ ᠨᠠᠶᠢᠵᠠ ᠪᠠ ᠳᠣᠲᠣᠨᠣ ᠬᠠᠨᠢᠲᠠᠨ ᠪᠤᠯᠬᠤ ᠶᠤᠮ᠃ ᠳᠤᠮᠳᠠᠳᠤ ᠤᠯᠤᠰ ᠯᠤᠭ᠎ᠠ ᠶᠢᠨ ᠨᠥᠭᠦᠷᠰᠡᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠪᠣᠯ ᠺᠠᠽᠠᠬᠰᠲ᠋ᠠᠨ ᠤ ᠡᠷᠡᠰ ᠭᠤᠶᠢᠪᠢᠰᠢ ᠦᠭᠡᠢ ᠪᠠᠶᠢᠯᠳᠤᠬᠤ ᠪᠣᠳᠣᠯᠭ᠎ᠠ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠤᠨ ᠪᠠᠷᠢᠮᠲᠠᠯᠠᠵᠤ ᠪᠠᠶᠢᠭ᠎ᠠ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠣᠶᠢᠯᠠᠭᠠᠭᠳᠠᠬᠤᠨ ᠵᠢᠴᠢ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠠᠯᠢ ᠤᠯᠠᠨ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠳᠤᠮᠳᠠᠳᠤ ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠦᠨᠡᠯᠡᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠺᠠᠽᠠᠬᠰᠲ᠋ᠠᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ ᠯᠤᠭ᠎ᠠ ᠲᠡᠷᠢᠭᠦᠯᠡᠭᠴᠢ ᠰᠢ ᠶᠢᠨ ᠫᠢᠩ ᠤᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠨᠢᠭᠡ ᠪᠦᠰᠡ ᠨᠢᠭᠡ ᠵᠠᠮ︾ ᠢ ᠦᠷᠭᠦᠯᠵᠢᠯᠡᠨ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠲᠤᠭ᠎ᠠ ᠶᠢ ᠬᠤᠶᠠᠷ ᠲᠠᠭᠢᠨ ᠢᠶᠠᠷ ᠨᠡᠮᠡᠭᠳᠡᠭᠦᠯᠬᠦ ᠬᠠᠷᠠᠯᠲᠠ ᠶᠢ ᠪᠦᠭᠦ ᠬᠦᠴᠦ ᠪᠠᠷ ᠢᠶᠠᠨ ᠪᠡᠶᠡᠯᠡᠭᠦᠯᠵᠦ᠂ ᠬᠥᠳᠡᠭᠡ ᠠᠵᠤ ᠠᠬᠤᠢ᠂ ᠠᠵᠤ ᠠᠬᠤᠢ ᠠᠷᠠᠯᠵᠢᠶ᠎ᠠ᠂ ᠰᠢᠨ᠎ᠡ ᠡᠨᠧᠷᠭᠢ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠠᠰᠫᠢ ᠲᠠᠩᠭᠢᠰ ᠢ ᠰᠤᠨᠳᠠᠯᠠᠭᠰᠠᠨ ᠤᠯᠠᠨ ᠤᠯᠤᠰ ᠤᠨ ᠲᠡᠭᠡᠭᠡᠪᠦᠷᠢ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ᠃ ᠺᠠᠽᠠᠬᠰᠲ᠋ᠠᠨ ᠤ ᠬᠢᠨ ᠺᠠᠽᠠᠬᠰᠲ᠋ᠠᠨ ᠳᠤᠮᠳᠠᠳᠤ ᠶᠢᠨ ᠰᠣᠶᠣᠯ ᠤᠨ ᠲᠥᠪ ᠪᠣᠯᠣᠨ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠪᠠᠶᠠᠷᠯᠠᠨ ᠤᠭᠲᠤᠵᠤ᠂ ᠢᠷᠡᠬᠦ ᠵᠢᠯ ᠤᠨ ︽ᠳᠤᠮᠳᠠᠳᠤ ᠤᠯᠤᠰ ᠤᠨ ᠵᠢᠭᠤᠯᠴᠢᠯᠠᠯ ᠤᠨ ᠣᠨ︾ ᠢ ᠢᠳᠡᠪᠬᠢᠲᠡᠢ ᠰᠠᠶᠢᠲᠤᠷ ᠡᠷᠭᠢᠯᠡᠵᠦ᠂ ᠬᠤᠶᠠᠷ ᠤᠯᠤᠰ ᠤᠨ ᠣᠷᠣᠨ ᠨᠤᠲᠤᠭ ᠤᠨ ᠬᠠᠮᠲᠤᠷᠠᠯᠴᠠᠭ᠎ᠠ ᠪᠣᠯᠣᠨ ᠰᠤᠷᠭᠠᠨ ᠬᠥᠮᠦᠵᠢᠯ᠂ ᠰᠣᠶᠣᠯ ᠵᠡᠷᠭᠡ ᠰᠣᠶᠣᠯ ᠢᠷᠭᠡᠨᠰᠢᠯ ᠤᠨ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠤᠨ᠎ᠠ᠃ ᠺᠠᠽᠠᠬᠰᠲ᠋ᠠᠨ ᠤ ᠬᠢᠨ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠤᠯᠤᠰ ᠤᠳ ᠤᠨ ᠲᠣᠭᠲᠠᠴᠠ ᠶᠢᠨ ᠪᠠᠶᠢᠭᠤᠯᠤᠯᠲᠠ ᠳᠤ ᠦᠷᠭᠦᠯᠵᠢᠯᠡᠨ ᠢᠳᠡᠪᠬᠢᠲᠡᠢ ᠣᠷᠣᠯᠴᠠᠵᠤ᠂ ᠳᠤᠮᠳᠠᠳᠤ ᠤᠯᠤᠰ ᠯᠤᠭ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠪᠣᠷᠣ ᠲᠥᠯᠥᠪ ᠤᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠭᠡᠵᠦ ᠢᠯᠡᠳᠬᠡᠪᠡ᠃      ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠰᠤᠷᠭᠠᠨ ᠬᠥᠮᠦᠵᠢᠯ᠂ ᠵᠠᠭᠤᠴᠢᠯᠠᠭᠤᠷ ᠵᠡᠷᠭᠡ ᠬᠦᠷᠢᠶᠡᠨ ᠤ ᠬᠡᠳᠦᠨ ᠠᠷᠪᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠰᠣᠯᠢᠯᠴᠠᠬᠤ ᠶᠢ ᠬᠠᠮᠲᠤ ᠪᠠᠷ ᠭᠡᠷᠡᠴᠢᠯᠡᠪᠡ᠃      ᠲᠤᠰ ᠦᠳᠡ ᠳᠤ᠂ ᠰᠢ ᠶᠢᠨ ᠫᠢᠩ ᠶᠡᠷᠦᠩᠬᠡᠶᠢᠯᠡᠭᠴᠢ ᠲᠦᠸᠧᠺᠠᠶᠧᠹ ᠤᠨ ᠡᠷᠭᠢᠯᠡᠭᠰᠡᠨ ᠦᠪᠡᠳᠡᠭᠰᠢ ᠶᠡᠭᠡ ᠤᠭᠲᠤᠬᠤ ᠳᠠᠶᠢᠯᠠᠯᠭ᠎ᠠ ᠳᠤ ᠣᠷᠣᠯᠴᠠᠵᠠᠢ᠃      ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号