ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠲᠦᠩᠯᠢᠶᠣᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/7/8
  2024 ᠣᠨ ᠤ 7 ᠳ᠋ᠤᠭᠠᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠲᠦᠩᠯᠢᠶᠣᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠠ᠃
局长常青到通辽市调研.jpg
  ᠴᠠᠩ ᠴᠢᠩ ᠤᠷᠢᠳ ᠬᠤᠵᠢᠳ ᠲᠦᠩᠯᠢᠶᠣᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠥᠪ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠡᠮᠴᠢᠯᠡᠭᠡᠨ ᠤ ᠪᠠᠲᠤᠯᠠᠭ᠎ᠠ ᠶᠢᠨ ᠲᠥᠪ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠢᠨᠠᠨ ᠬᠡᠮᠵᠢᠬᠦ ᠲᠠᠪᠴᠠᠩ᠂ ᠣᠶᠤᠨᠴᠢ ᠠᠪᠢᠶ᠎ᠠ ᠶᠢᠨ ᠯᠠᠪᠯᠠᠯᠭ᠎ᠠ ᠶᠢᠨ ᠦᠢᠯᠡᠴᠢᠯᠡᠭᠡᠨ ᠤ ᠤᠲᠠᠰᠤ ᠶᠢᠨ ᠲᠠᠪᠴᠠᠩ᠂ ᠣᠶᠤᠨᠴᠢ ᠪᠠᠶᠢᠳᠠᠯ ᠢ ᠬᠢᠨᠠᠨ ᠡᠵᠡᠮᠳᠡᠬᠦ ᠪᠠ ︽ᠨᠢᠭᠡ ᠬᠥᠮᠥᠷᠭᠡᠴᠢᠯᠡᠬᠦ︾ ᠬᠠᠮᠢᠶᠠᠷᠤᠯᠲᠠ ᠶᠢᠨ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠮᠴᠢᠯᠡᠭᠡᠨ ᠤ ᠪᠠᠲᠤᠯᠠᠭ᠎ᠠ ᠶᠢᠨ ᠴᠣᠩᠬᠤᠪᠴᠢ ᠪᠠᠷ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠦᠩᠯᠢᠶᠣᠤ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠲᠦᠩᠯᠢᠶᠣᠤ ᠬᠤᠲᠠ ᠶᠢᠨ ᠽᠧ ᠴᠢᠶᠠᠩ 253 ᠡᠮ ᠤᠨ ᠳᠡᠯᠭᠡᠭᠦᠷ ᠢᠶᠠᠷ ᠬᠦᠷᠴᠦ᠂ DIP ᠬᠠᠮᠢᠶᠠᠷᠤᠯᠲᠠ ᠶᠢᠨ ᠰᠢᠰᠲ᠋ᠧᠮ ᠤᠨ ᠬᠡᠷᠡᠭᠯᠡᠯᠲᠡ ᠠᠵᠢᠯᠯᠠᠭᠠᠨ᠂ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠥᠷᠨᠢᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃  ᠴᠠᠩ ᠴᠢᠩ᠂ ᠲᠦᠩᠯᠢᠶᠣᠤ ᠬᠤᠲᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠬᠤᠷᠸ᠎ᠠ ᠲᠣᠮᠣ ᠳ᠋ᠠᠶᠢᠲ᠋ᠠ ᠶᠢᠨ ᠵᠠᠳᠠᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ᠂ ︽ᠭᠤᠷᠪᠠᠨ ᠳᠠᠪᠬᠤᠷ ᠪᠠᠲᠤᠯᠠᠭ᠎ᠠ︾ ᠶᠢᠨ ᠲᠦᠷᠢᠮ ᠤᠨ ᠦᠷ᠎ᠡ ᠪᠦᠲᠦᠮᠵᠢ ᠶᠢ ᠴᠠᠭ ᠲᠤᠬᠠᠶ ᠳᠤᠨᠢ ᠬᠠᠷᠢᠭᠤ ᠮᠡᠳᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠠᠬᠢ ᠳᠡᠮᠵᠢᠯᠭᠡ ᠶᠢ ᠢᠳᠡᠪᠬᠢᠲᠡᠶ ᠪᠠᠷ ᠲᠡᠮᠡᠴᠡᠨ ᠣᠯᠵᠤ᠂ ᠲᠦᠩᠯᠢᠶᠣᠤ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠬᠠᠩᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠶ ᠵᠢᠭᠠᠵᠤ ᠭᠠᠷᠭᠠᠪᠠ᠃  ᠲᠡᠷᠡ᠂ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠴᠡᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ᠮᠥᠷᠳᠡᠨ ᠨᠡᠬᠡᠮᠵᠢᠯᠡᠬᠦ ᠺᠣᠳ᠋ ᠪᠣᠯᠤᠨ ᠣᠷᠣᠭᠤᠯᠵᠤ ᠪᠣᠷᠣᠯᠠᠭᠤᠯᠬᠤ ᠬᠠᠳᠠᠭᠠᠯᠠᠬᠤ ︽ᠨᠢᠭᠡ ᠬᠥᠮᠥᠷᠭᠡᠴᠢᠯᠡᠬᠦ︾ ᠵᠠᠯᠭᠠᠰᠤ ᠶᠢ ᠥᠭᠡᠷᠡᠴᠢᠯᠡᠬᠦ ᠶᠢ ᠱᠠᠯᠠᠪᠳᠠᠨ ᠪᠡᠶᠡᠯᠡᠭᠦᠯᠵᠦ᠂ ᠲᠤᠮᠤ ᠳ᠋ᠠᠶᠢᠲ᠋ᠠ ᠶᠢᠨ ᠡᠨᠧᠷᠭᠢ ᠣᠯᠭᠤᠬᠤ ᠦᠢᠯᠡᠳᠦᠯ ᠢ ᠭᠦᠢᠴᠡᠳ ᠰᠠᠶᠢᠲᠤᠷ ᠠᠰᠢᠭᠯᠠᠵᠤ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠢ ᠬᠤᠶᠠᠳᠠᠬᠢ ᠤᠳᠠᠭ᠎ᠠ ᠪᠣᠷᠣᠯᠠᠭᠤᠯᠬᠤ ᠠᠴᠠ ᠦᠨᠳᠦᠰᠦᠨ ᠠᠴᠠ ᠨᠢ ᠵᠠᠶᠢᠯᠠᠰᠬᠢᠵᠦ᠂ ᠡᠮ ᠤᠨ ᠵᠦᠢᠯᠡᠰ ᠢ        ᠰᠠᠷᠢᠭᠠᠯᠠᠬᠤ᠂ ᠰᠣᠯᠢᠬᠤ ᠵᠡᠷᠭᠡ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠠᠵᠢᠯᠯᠠᠭ᠎ᠠ ᠶᠢ ᠬᠤᠷᠢᠭᠯᠠᠬᠤ ᠬᠡᠷᠡᠭᠲᠡᠢ᠃ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠥᠰᠢᠭᠦᠷᠭᠡ ᠶᠢᠨ ᠦᠢᠯᠡᠳᠦᠯ ᠢ ᠪᠠᠳᠠᠷᠠᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠤᠨ ᠥᠷᠲᠡᠭ ᠤᠨ ᠡᠵᠡᠮᠳᠡᠯ ᠢ ᠴᠢᠩᠭᠠᠳᠬᠠᠵᠤ᠂ ᠡᠮᠴᠢᠯᠡᠭᠡᠨ ᠤ ᠳᠠᠭᠠᠳᠬᠠᠯ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠰᠦᠯᠵᠢᠶᠡᠨ ᠳᠡᠭᠡᠷ᠎ᠡ ᠭᠦᠢᠴᠡᠳᠭᠡᠬᠦ︾᠂ ︽ᠠᠯᠠᠭᠠᠨ ᠳᠡᠭᠡᠷ᠎ᠡ ᠭᠦᠢᠴᠡᠳᠭᠡᠬᠦ︾᠂ ︽  ᠸᠢᠳᠢᠤ᠋ ᠪᠠᠷ ᠭᠦᠢᠴᠡᠳᠭᠡᠬᠦ︾ ᠶᠢ ᠶᠡᠬᠡᠪᠡᠷ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠨᠠᠩ ᠪᠠᠷᠢᠮᠵᠢᠶ᠎ᠠ᠂ ᠵᠢᠷᠤᠮᠵᠢᠭᠤᠨ᠂ ᠳᠥᠭᠦᠮ ᠳᠥᠲᠡ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠶᠢ ᠲᠠᠰᠤᠷᠠᠯᠲᠠ ᠥᠬᠡᠶ ᠬᠠᠩᠭᠠᠬᠤ ᠬᠡᠷᠡᠭᠲᠡᠢ᠃ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠮᠴᠢᠯᠡᠭᠡᠨ ᠤ ᠪᠠᠲᠤᠯᠠᠭ᠎ᠠ ᠪᠠ ᠡᠮ ᠡᠮᠨᠡᠯᠭᠡ ᠶᠢᠨ ᠦᠢᠯᠡᠴᠢᠯᠡᠭᠡᠨ ᠤ ᠴᠢᠨᠠᠷ ᠰᠠᠶᠢᠲᠠᠢ ᠬᠠᠮᠵᠢᠯᠴᠠᠨ ᠬᠥᠭᠵᠢᠬᠦ ᠶᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠮᠴᠢᠯᠡᠭᠡᠨ ᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠢ ᠨᠡᠩ ᠤᠯᠠᠨ ᠡᠮᠴᠢᠯᠡᠭᠡᠨ ᠤ ᠪᠠᠲᠤᠯᠠᠭ᠎ᠠ ᠶᠢᠨ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号