ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠵᠡᠷᠭᠡ ᠶᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/7/8
      ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ       ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ       ︽ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠪᠦᠬᠦ ᠬᠡᠯᠬᠢᠶ᠎ᠡ ᠪᠠᠷ ᠳᠡᠮᠵᠢᠬᠦ ᠲᠤᠬᠠᠢ ᠬᠡᠷᠡᠭᠵᠢᠭᠦᠯᠬᠦ        ᠲᠥᠰᠥᠯ︾ ᠢ ᠬᠢᠨᠠᠨ ᠵᠥᠪᠯᠡᠵᠦ ᠪᠠᠲᠤᠯᠠᠪᠠ       ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠪᠠ       ᠲᠢᠶᠠᠨᠵᠢᠨ ᠤ ᠪᠢᠨ ᠬᠠᠢ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠪᠠ       2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ ᠭᠤᠣᠯ ᠠᠰᠠᠭᠤᠳᠠᠯ ᠵᠢᠴᠢ ᠠᠩᠬ᠎ᠠ ᠠᠯᠬᠤᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ       ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ︽ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢ ᠪᠥᠬᠦ ᠬᠡᠯᠬᠢᠶ᠎ᠡ ᠪᠠᠷ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠪᠠᠲᠤᠯᠠᠨ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠶᠠᠷᠢᠯᠴᠠᠵᠤ᠂ ᠲᠢᠶᠠᠨᠵᠢᠨ ᠤ ᠪᠢᠨ ᠬᠠᠢ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠨ ᠭᠠᠷᠭᠠᠭᠰᠠᠨ ᠭᠤᠣᠯ ᠠᠰᠠᠭᠤᠳᠠᠯ ᠵᠢᠴᠢ ᠠᠩᠬ᠎ᠠ ᠠᠯᠬᠤᠮ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠳᠤ ᠂ ᠪᠦᠬᠦ ᠲᠠᠯ᠎ᠠ ᠶᠢᠨ ᠥᠨᠳᠥᠷᠴᠡ ᠠᠴᠠ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠨᠢᠨ ᠠᠬᠢᠭᠤᠯᠵᠤ ᠂ ᠲᠣᠭᠠᠴᠢᠯᠠᠭᠰᠠᠨ ᠮᠡᠷᠭᠡᠵᠢᠯ ᠪᠠ ᠪᠣᠳᠠᠲᠤ ᠴᠣᠭᠴᠠᠲᠤ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠠᠬᠢᠭᠤᠯᠤᠨ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠲᠠᠯ᠎ᠠ ᠪᠠᠷ ᠡᠷᠴᠢᠮᠯᠡᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ ᠂ ᠳ᠋ᠠᠶᠢᠲ᠋ᠠ ᠶᠢᠨ ᠰᠠᠭᠤᠷᠢ ᠳᠦᠷᠢᠮ ᠪᠠ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢ ᠬᠠᠮᠵᠢᠯᠴᠠᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠠᠬᠢᠭᠤᠯᠬᠤ ᠬᠡᠷᠡᠭᠲᠡᠢ᠃ ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠪᠴᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠳᠤ ᠵᠢᠭᠠᠵᠤ ᠭᠠᠷᠭᠠᠭᠰᠠᠨ ᠨᠢ ᠂ ᠰᠢᠨ᠎ᠡ ᠶᠢ ᠡᠭᠦᠳᠦᠭᠰᠡᠨ ᠡᠮ ᠢ ᠬᠥᠭᠵᠢᠭᠦᠯᠬᠦ ᠨᠢ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠲᠠᠢ ᠬᠤᠯᠪᠣᠭᠳᠠᠵᠤ᠂ ᠠᠷᠠᠳ ᠲᠦᠮᠡᠨ ᠤ ᠡᠷᠡᠭᠦᠯ ᠮᠡᠨᠳᠦ ᠪᠤᠶᠠᠨ ᠵᠢᠷᠭᠠᠯ ᠲᠠᠢ ᠬᠤᠯᠪᠣᠭᠳᠠᠨ᠎ᠠ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠪᠥᠬᠦ ᠬᠡᠯᠬᠢᠶ᠎ᠡ ᠪᠠᠷ ᠴᠢᠩᠭᠠᠳᠬᠠᠵᠤ᠂ ᠦᠨ᠎ᠡ ᠬᠠᠩᠰᠢ ᠶᠢᠨ ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ᠂ ᠬᠤᠳᠠᠯᠳᠤᠭᠠᠨ ᠤ ᠳᠠᠭᠠᠳᠬᠠᠯ᠂ ᠡᠮ ᠤᠨ ᠵᠦᠢᠯᠡᠰ ᠢ ᠲᠣᠬᠢᠷᠠᠭᠤᠯᠤᠨ ᠬᠡᠷᠡᠭᠯᠡᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠰᠢᠭᠯᠠᠵᠤ ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠪᠠ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠬᠤ ᠲᠣᠭᠲᠠᠴᠠ ᠶᠢ ᠰᠢᠯᠢᠳᠡᠭᠵᠢᠭᠦᠯᠦᠨ᠂ ᠰᠢᠨ᠎ᠡ ᠶᠢ ᠡᠭᠦᠳᠦᠭᠰᠡᠨ ᠡᠮ ᠤᠨ ᠵᠦᠢᠯᠡᠰ ᠤᠨ ᠰᠢᠪᠲᠤᠯᠤᠨ ᠬᠥᠭᠵᠢᠬᠦ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠲᠠᠶᠢᠴᠢᠯᠠᠵᠤ᠂ ᠰᠢᠨ᠎ᠡ ᠡᠮ ᠤᠨ ᠰᠢᠨ᠎ᠡ ᠶᠢ ᠡᠭᠦᠳᠬᠦ ᠰᠠᠭᠤᠷᠢ ᠰᠤᠳᠤᠯᠭᠠᠨ ᠢ ᠴᠢᠩᠭᠠᠳᠬᠠᠵᠤ᠂ ᠮᠠᠨ ᠤ ᠤᠯᠤᠰ ᠤᠨ ᠰᠢᠨ᠎ᠡ ᠶᠢ ᠡᠭᠦᠳᠦᠭᠰᠡᠨ ᠡᠮ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠡᠢ ᠃      ᠬᠤᠷᠠᠯ ᠳᠤ᠂ ᠪᠠᠷᠠᠭᠤᠨ ᠬᠡᠰᠡᠭ ᠤᠨ ᠭᠠᠵᠠᠷ ᠣᠷᠣᠨ  ᠨᠢ ᠪᠦᠬᠦ ᠤᠯᠤᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠡᠭᠦᠷᠭᠡ ᠪᠠᠨ ᠨᠠᠷᠢᠯᠢᠭᠵᠢᠭᠤᠯᠤᠨ ᠬᠤᠪᠢᠶᠠᠷᠢᠯᠠᠵᠤ᠂ ᠨᠠᠶᠢᠳᠠᠪᠤᠷᠢᠵᠢᠭᠤᠯᠤᠯᠲᠠ ᠶᠢ ᠵᠦᠢᠯ ᠳᠠᠷᠠᠭᠠᠯᠠᠨ ᠰᠠᠶᠢᠲᠤᠷ ᠠᠳᠬᠤᠨ ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠦᠢᠯᠡᠴᠢᠯᠡᠵᠦ ᠂ ᠪᠠᠷᠠᠭᠤᠨ ᠬᠡᠰᠡᠭ ᠤᠨ ᠭᠠᠵᠠᠷ ᠣᠷᠣᠨ ᠤ ᠣᠷᠣᠨ ᠪᠦᠰᠡ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠳᠤ ᠵᠢᠭᠠᠵᠤ ᠭᠠᠷᠭᠠᠭᠰᠠᠨ ᠨᠢ ᠂ ᠪᠢᠨ ᠬᠠᠢ ᠰᠢᠨ᠎ᠡ ᠲᠣᠭᠤᠷᠢᠭ ᠪᠣᠯ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠳᠤ ᠦᠢᠯᠡᠴᠢᠯᠡᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠣᠨ᠎ᠠ᠃ ᠪᠢᠨ ᠬᠠᠢ ᠰᠢᠨ᠎ᠡ ᠲᠣᠭᠤᠷᠢᠭ ᠬᠢᠭᠡᠳ ᠪᠡᠭᠡᠵᠢᠩ ᠾᠧᠪᠧᠢ ᠶᠢᠨ ᠬᠠᠮᠢᠶ᠎ᠠ ᠪᠦᠬᠦᠢ ᠭᠠᠵᠠᠷ ᠣᠷᠣᠨ  ᠯᠤᠭ᠎ᠠ ᠲᠦᠷᠦ ᠶᠢᠨ ᠪᠣᠳᠣᠯᠭ᠎ᠠ ᠶᠢᠨ ᠵᠣᠯᠭᠠᠯᠴᠠᠭ᠎ᠠ ᠂ ᠲᠥᠰᠥᠯ ᠢ ᠬᠠᠮᠲᠤᠷᠠᠨ ᠪᠠᠶᠢᠭᠤᠯᠬᠤ ᠶᠢ ᠴᠢᠩᠭᠠᠳᠬᠠᠵᠤ᠂ ᠳᠠᠪᠠᠭᠤᠯᠢᠭ ᠲᠤ ᠪᠠᠨ ᠲᠦᠰᠢᠭᠯᠡᠨ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠵᠤ᠂ ᠭᠠᠷᠠᠮ ᠤᠨ ᠤᠰᠤᠨ ᠵᠠᠮ ᠤᠨ ᠴᠢᠳᠠᠪᠬᠢ ᠪᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠥᠭᠡᠷᠡᠴᠢᠯᠡᠯᠲᠡ ᠰᠢᠨᠡᠴᠢᠯᠡᠯᠲᠡ ᠶᠢ ᠭᠦᠨᠵᠡᠭᠡᠶᠢᠷᠡᠭᠦᠯᠦᠨ ᠂ ᠪᠡᠭᠡᠵᠢᠩ ᠲᠢᠶᠠᠨᠵᠢᠨ ᠾᠧᠪᠧᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠳᠤ ᠲᠤᠯᠭᠠᠭᠤᠷᠢᠯᠠᠬᠤ ᠬᠡᠷᠡᠭᠲᠡᠢ ᠭᠡᠵᠡᠢ ᠃      ᠬᠤᠷᠠᠯ ᠳᠤ᠂ 2023 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠣᠳᠣᠯᠲᠠ ᠳᠤ ᠪᠠᠶᠢᠴᠠᠭᠠᠵᠤ ᠭᠠᠷᠭᠠᠭᠰᠠᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠨᠡᠬᠡᠮᠵᠢᠯᠡᠨ ᠠᠪᠴᠢᠷᠠᠬᠤ ᠴᠢᠬᠤᠯᠠᠲᠠᠢ ᠪᠡᠯᠡ ᠮᠥᠩᠭᠦ ᠶᠢ ᠴᠠᠭ ᠲᠤᠬᠠᠢ ᠳᠤ  ᠨᠢ ᠨᠡᠬᠡᠮᠵᠢᠯᠡᠨ ᠠᠪᠴᠢᠷᠠᠵᠤ᠂ ᠬᠠᠷᠢᠭᠤᠴᠠᠯᠭ᠎ᠠ ᠨᠡᠬᠡᠮᠵᠢᠯᠡᠬᠦ ᠴᠢᠬᠤᠯᠠᠲᠠᠢ ᠠᠰᠠᠭᠤᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠳᠦᠷᠢᠮ ᠢ ᠲᠡᠭᠦᠯᠳᠡᠷᠵᠢᠭᠦᠯᠬᠦ ᠴᠢᠬᠤᠯᠠᠲᠠᠢ ᠶᠢ  ᠨᠢ ᠲᠦᠷᠭᠡᠬᠡᠨ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠠᠵᠢᠯ ᠢᠶᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ ᠂ ᠴᠡᠭᠴᠡᠯᠡᠨ ᠰᠠᠶᠢᠵᠢᠷᠠᠭᠤᠯᠬᠤ ᠪᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃      ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号