ᠤᠯᠠᠭᠠᠨᠴᠠᠪ ᠬᠤᠲᠠ ᠶᠢᠨ 2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/9
ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ᠄  ︽ᠤᠯᠠᠭᠠᠨᠴᠠᠪ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ ᠪᠠᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ︵ᠤᠯᠠᠭᠠᠨᠴᠠᠪ ᠡᠮᠴᠢᠯᠡᠭᠡ ᠪᠠᠲᠤᠯᠠᠭ᠎ᠠ ᠡᠮ ᠬᠤᠳᠠᠯᠳᠤᠨ ᠠᠪᠬᠤ ᠥᠰᠥᠭ ﹇2022﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ ᠢ ᠢᠯᠡ ᠨᠡᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠢᠯᠡ ᠨᠡᠶᠢᠲᠡᠯᠡᠬᠦ ᠠᠭᠤᠯᠭ᠎ᠠ  2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ  ᠬᠤᠶᠠᠷ᠂ ᠢᠯᠡ ᠨᠡᠶᠢᠲᠡᠯᠡᠬᠦ ᠴᠠᠭ ᠬᠤᠭᠤᠴᠠᠭ᠎ᠠ  2024 ᠣᠨ ᠤ 7 ᠳ᠋ᠤᠭᠠᠷ ᠰᠠᠷ᠎ᠠ ᠶᠢᠨ 9 ᠤ ᠡᠳᠦᠷ – 7 ᠳ᠋ᠤᠭᠠᠷ ᠰᠠᠷ᠎ᠠ ᠶᠢᠨ 15 ᠤ ᠡᠳᠦᠷ  ᠭᠤᠷᠪᠠ᠂ ᠪᠤᠰᠤᠳ ᠱᠠᠭᠠᠷᠳᠠᠯᠭ᠎ᠠ  ︵ᠨᠢᠭᠡ︶ ᠡᠯ᠎ᠡ ᠠᠵᠤ ᠠᠬᠤᠶᠢᠯᠠᠯ ᠨᠢ ᠢᠯᠡ ᠨᠡᠶᠢᠲᠡᠯᠡᠭᠰᠡᠨ ᠠᠭᠤᠯᠭ᠎ᠠ ᠳᠤ ᠣᠨᠳᠣᠤ  ᠰᠠᠨᠠᠯ ᠲᠠᠢ ᠪᠠᠶᠢᠪᠠᠯ᠂ ︽ᠬᠡᠨ ᠵᠣᠷᠢᠭᠰᠠᠨ ᠪᠣᠯ ᠬᠡᠨ ᠭᠡᠷᠡᠴᠢ ᠭᠠᠷᠭᠠᠬᠤ︾ ᠵᠠᠷᠴᠢᠮ ᠶᠣᠰᠣᠭᠠᠷ᠂ ᠢᠯᠡ ᠨᠡᠶᠢᠲᠡᠯᠡᠬᠦ ᠬᠤᠭᠤᠴᠠᠭᠠᠨ ᠳᠤ ᠦᠨᠡᠨ ᠪᠣᠳᠠᠲᠠᠶ᠂ ᠬᠦᠴᠦᠨ ᠲᠠᠢ᠂ ᠪᠦᠷᠢᠨ ᠭᠦᠢᠴᠡᠳ ᠭᠡᠷᠡᠴᠢ ᠮᠠᠲ᠋ᠧᠷᠢᠶᠠᠯ ᠬᠠᠩᠭᠠᠵᠤ᠂ ᠬᠤᠭᠤᠴᠠᠭ᠎ᠠ ᠶᠢ ᠥᠩᠭᠡᠷᠡᠭᠡᠭᠰᠡᠨ ᠤ ᠳᠠᠷᠠᠭ᠎ᠠ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃  ︵ᠬᠤᠶᠠᠷ︶ ᠢᠯᠡ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠢᠯᠢᠨ ᠰᠣᠩᠭᠤᠬᠤ ᠪᠠᠷ ᠳᠡᠮᠵᠢᠨ ᠬᠤᠯᠪᠣᠭᠳᠠᠯ ᠪᠥᠬᠦᠶ ᠠᠵᠤ ᠠᠬᠤᠶᠢᠯᠠᠯ ᠨᠢ ᠳᠦᠷᠢ ᠶᠢᠨ ᠭᠡᠷᠡᠴᠢᠯᠡᠯ ᠭᠤᠶᠤᠴᠢᠯᠠᠬᠤ ᠠᠴᠠ ᠡᠮᠦᠨ᠎ᠡ᠂ ᠡᠷᠬᠡᠪᠰᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠲᠠᠩᠰᠠᠨ ᠨᠣᠮᠧᠷ ᠢ ᠳᠠᠩᠰᠠᠯᠠᠵᠤ ᠣᠯᠬᠤ ᠶᠢᠨ ᠬᠠᠮᠲᠤ ᠲᠣᠬᠢᠲᠠᠶ ᠬᠠᠳᠠᠭᠠᠯᠠᠬᠤ ᠬᠡᠷᠡᠭᠲᠡᠶ᠂ ᠳᠦᠷᠢ ᠶᠢᠨ ᠭᠡᠷᠡᠴᠢᠯᠡᠯ ᠬᠢᠬᠦ ᠦᠶ᠎ᠡ ᠳᠤ ᠨᠢᠭᠡᠴᠢ ᠶᠢᠨ ᠳᠦᠷᠢ ᠶᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢᠶᠠᠷ ᠰᠣᠩᠭᠤᠬᠤ ᠶᠢ ᠠᠩᠬᠠᠷᠴᠤ᠂ ᠭᠡᠷᠡᠴᠢᠯᠡᠯ ᠬᠢᠭᠡᠳ ᠠᠮᠵᠢᠯᠲᠠ ᠣᠯᠤᠭᠰᠠᠨ ᠤ ᠳᠠᠷᠠᠭ᠎ᠠ ᠰᠠᠨᠠᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠬᠤᠯᠪᠣᠭᠳᠠᠯ ᠪᠥᠬᠦᠶ ᠠᠵᠢᠯᠯᠠᠭ᠎ᠠ ᠶᠢ ᠪᠡᠶᠡᠯᠡᠭᠦᠯᠵᠦ᠂ ᠬᠢᠨᠠᠨ ᠬᠠᠷᠭᠤᠭᠤᠯᠵᠤ ᠪᠠᠲᠤᠯᠠᠭᠳᠠᠭᠰᠠᠨ ᠤ ᠳᠠᠷᠠᠭ᠎ᠠ᠂ ᠮᠠᠨ ᠤ ᠭᠠᠵᠠᠷ ᠲᠤ ᠤᠲᠠᠰᠤᠳᠠᠵᠤ ᠳᠣᠭᠢᠷᠠᠭᠤᠯᠤᠨ ᠬᠦᠷᠭᠡᠬᠦ ᠶᠢ ᠨᠡᠪᠲᠡᠷᠡᠭᠦᠯᠬᠦ ᠶᠢ ᠭᠤᠶᠤᠴᠢᠯᠠᠵᠤ ᠪᠣᠯᠤᠨ᠎ᠠ᠃  ︵ᠭᠤᠷᠪᠠ︶ ᠳᠠᠩᠰᠠᠯᠠᠯ ᠭᠡᠷᠡᠴᠢᠯᠡᠯ ᠬᠢᠨᠠᠨ ᠬᠠᠷᠭᠤᠭᠤᠯᠬᠤ ᠶᠢ ᠪᠡᠶᠡᠯᠡᠭᠦᠯᠬᠦ ᠶᠢᠨ ᠬᠠᠮᠲᠤ ᠨᠡᠪᠲᠡᠷᠡᠭᠦᠯᠬᠦ ᠪᠠᠷ ᠭᠤᠶᠤᠴᠢᠯᠠᠭᠰᠠᠨ ᠬᠤᠯᠪᠣᠭᠳᠠᠯ ᠪᠦᠬᠦᠢ ᠠᠵᠤ ᠠᠬᠤᠶᠢᠯᠠᠯ ᠡᠷᠬᠡᠪᠰᠢ ᠦᠢᠯᠡᠳᠪᠦᠷᠢᠯᠡᠯ ᠤᠨ ᠠᠵᠤ ᠠᠬᠤᠶᠢᠯᠠᠯ ᠯᠤᠭ᠎ᠠ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠰᠢᠰᠲ᠋ᠧᠮ ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠵᠤ᠂ ᠭᠠᠵᠠᠷ ᠣᠷᠣᠨ ᠨᠢ ᠤᠯᠠᠭᠠᠨᠴᠠᠪ ᠬᠤᠲᠠ ᠶᠢ ᠰᠣᠩᠭᠤᠵᠤ᠂ ᠬᠦᠷᠭᠡᠬᠦ ᠬᠠᠷᠢᠴᠠᠭ᠎ᠠ ᠶᠢᠨ ᠪᠠᠶᠢᠳᠠᠯ ᠢ ᠠᠶᠢᠮᠠᠭ ᠬᠤᠲᠠ ᠶᠢᠨ ᠪᠠᠶᠢᠭᠤᠯᠤᠮᠵᠢ ᠪᠠᠷ ᠨᠤᠲᠠᠯᠠᠭᠤᠯᠤᠭᠰᠠᠨ ᠤ ᠳᠠᠷᠠᠭ᠎ᠠ᠂ ᠬᠠᠮᠢᠶᠠᠷᠤᠯᠲᠠ ᠶᠢᠨ ᠪᠠᠶᠢᠭᠤᠯᠤᠮᠵᠢ ᠨᠢ 3 ᠠᠵᠢᠯᠯᠠᠬᠤ ᠡᠳᠦᠷ ᠤᠨ ᠳᠣᠲᠣᠷ᠎ᠠ ᠨᠤᠲᠠᠯᠠᠨ ᠲᠣᠭᠲᠠᠭᠠᠬᠤ ᠠᠵᠢᠯᠯᠠᠭ᠎ᠠ ᠶᠢ ᠪᠡᠶᠡᠯᠡᠭᠦᠯᠵᠦ᠂ ᠲᠤᠬᠠᠶ ᠶᠢᠨ ᠲᠠᠯᠠᠪᠤᠷ ᠲᠤ ᠪᠢᠴᠢᠭ ᠤᠨ ᠬᠡᠯᠡᠯᠴᠡᠭᠡᠷ ᠢ ᠲᠤᠰᠢᠶᠠᠬᠤ ᠴᠢᠬᠤᠯᠠ ᠦᠭᠡᠢ᠃  ︵ᠲᠦᠷᠪᠡ︶ ᠰᠢᠯᠢᠨ ᠰᠣᠩᠭᠤᠭᠳᠠᠭᠰᠠᠨ ᠬᠤᠯᠪᠣᠭᠳᠠᠯ ᠪᠥᠬᠦᠶ ᠠᠵᠤ ᠠᠬᠤᠶᠢᠯᠠᠯ ᠤᠳ ᠮᠠᠨ ᠤ ᠭᠠᠵᠠᠷ ᠲᠤ ᠤᠲᠠᠰᠤᠳᠠᠵᠤ ᠳ᠋ᠢᠩ ᠳ᠋ᠢᠩ ᠠᠵᠢᠯ ᠤᠨ ᠴᠤᠭᠯᠠᠷᠠᠯ ᠤᠨ ᠳ᠋ᠤᠭᠠᠷ ᠢ ᠣᠯᠵᠤ᠂ ᠤᠯᠠᠭᠠᠨᠴᠠᠪ ᠬᠤᠲᠠ ᠶᠢᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠵᠢᠯ ᠤᠨ ᠴᠤᠭᠯᠠᠷᠠᠯ ᠳᠤ ᠣᠷᠣᠵᠤ᠂ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠵᠢᠷᠤᠮᠵᠢᠭᠤᠯᠤᠨ ᠳᠣᠭᠢᠷᠠᠭᠤᠯᠤᠨ ᠬᠦᠷᠭᠡᠬᠦ ᠠᠵᠢᠯᠯᠠᠭ᠎ᠠ ᠶᠢ ᠥᠷᠨᠢᠭᠦᠯᠵᠦ ᠪᠣᠯᠤᠨ᠎ᠠ᠃  ᠬᠠᠷᠢᠯᠴᠠᠬᠤ ᠤᠲᠠᠰᠤ᠄ 0474-8159042  ᠢᠮᠧᠯ᠄ wlcbpsbm@163.com    ᠳᠠᠭᠠᠯᠳᠤᠭᠤᠯᠤᠯ᠄ ᠤᠯᠠᠭᠠᠨᠴᠠᠪ ᠬᠤᠲᠠ ᠶᠢᠨ 2024 ᠣᠨ ᠤ ᠬᠤᠶᠠᠳᠤᠭᠠᠷ ᠤᠯᠠᠷᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠦᠷ᠎ᠡ ᠳ᠋ᠦᠩ            ᠤᠯᠠᠭᠠᠨᠴᠠᠪ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ          2024 ᠣᠨ ᠤ 7 ᠳ᠋ᠤᠭᠠᠷ ᠰᠠᠷ᠎ᠠ ᠶᠢᠨ 9  ᠤ ᠡᠳᠦᠷ

 

 
ᠢᠷᠡᠯᠲᠡ᠄ ᠤᠯᠠᠭᠠᠨᠴᠠᠪ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号