2024 ᠣᠨ ᠤ ᠵᠢᠷᠭᠤᠳᠤᠭᠠᠷ ᠪᠦᠯᠦᠭ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠢ ᠰᠦᠯᠵᠢᠶᠡᠨ ᠳᠤ ᠬᠤᠯᠪᠤᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/7/9
        ᠥᠪᠥᠷ ᠡᠮ ᠡᠮᠨᠡᠯᠭᠡ ᠶᠢᠨ ᠬᠤᠳᠠᠯᠳᠤᠨ ᠠᠪᠬᠤ ᠲᠥᠪ ﹇2024 ﹈ 147 ᠳ᠋ᠤᠭᠠᠷ ᠲᠣᠭᠠᠲᠤ ᠡᠯ᠎ᠡ ᠬᠤᠯᠪᠣᠭᠳᠠᠯ ᠪᠦᠬᠦᠢ ᠨᠢᠭᠡᠴᠢ᠄  ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2023 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2023﹈ 22 ᠳ᠋ᠤᠭᠡᠷ ᠲᠣᠭᠠᠲᠤ︶ ᠤᠨ ᠱᠠᠭᠠᠷᠳᠠᠯᠭ᠎ᠠ  ᠶᠣᠰᠣᠭᠠᠷ᠂ ᠡᠳᠦᠭᠡ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠳᠠᠪᠤᠰᠤᠨ ᠬᠦᠴᠢᠯ ᠠᠶᠢᠺᠡᠲ᠋ᠢᠨᠢ ᠢᠯᠲᠠᠰᠤ ᠵᠡᠷᠭᠡ ᠡᠮ ᠤᠨ ᠵᠦᠢᠯ ᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠶ᠎ᠡ᠃ ᠡᠯ᠎ᠡ ᠮᠡᠳᠡᠭᠦᠯᠦᠭᠰᠡᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾—︽ᠪᠠᠶᠢᠳᠠᠯ ᠤᠨ ᠲᠣᠬᠢᠷᠠᠭᠤᠯᠤᠯᠲᠠ ᠬᠠᠮᠢᠶᠠᠷᠤᠯᠲᠠ︾ ᠳᠤ ᠣᠷᠣᠵᠤ ᠬᠠᠮᠢᠶ᠎ᠠ ᠪᠥᠬᠦᠶ ᠠᠵᠤ ᠠᠬᠤᠶᠢᠯᠠᠯ ᠵᠢᠴᠢ ᠡᠮ ᠤᠨ ᠵᠦᠢᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃  ᠬᠢᠨᠠᠨ ᠬᠠᠷᠭᠤᠭᠤᠯᠤᠭᠠᠳ ᠪᠠᠲᠤᠯᠠᠭᠰᠠᠨ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ ᠣᠷᠣᠯᠠᠭᠤᠯᠤᠨ᠎ᠠ᠃ ᠡᠯ᠎ᠡ ᠨᠢᠭᠡᠴᠢ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠡᠮ ᠤᠨ ᠵᠦᠢᠯ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃  ᠬᠠᠷᠢᠯᠴᠠᠬᠤ ᠤᠲᠠᠰᠤ᠄ ᠵᠠᠩ ᠪᠠᠭᠰᠢ 0471- 4904007         ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ        2024 ᠣᠨ ᠤ 7 ᠳ᠋ᠤᠭᠠᠷ ᠰᠠᠷ᠎ᠠ ᠶᠢᠨ 9 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号