ᠰᠢ ᠶᠢᠨ ᠫᠢᠩ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/9
  ᠰᠢᠨᠬᠤᠸᠠ ᠬᠤᠷᠢᠶ᠎ᠠ ᠶᠢᠨ ᠪᠡᠭᠡᠵᠢᠩ ᠤᠨ 7 ᠰᠠᠷ᠎ᠠ ᠶᠢᠨ 8 ᠤ ᠴᠠᠭᠢᠯᠭᠠᠨ ᠮᠡᠳᠡᠭᠡ   7 ᠰᠠᠷ᠎ᠠ ᠶᠢᠨ 8 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠲᠠᠢ ᠠᠭᠤᠯᠵᠠᠪᠠ ᠃
7-9-2.jpg
  7 ᠰᠠᠷ᠎ᠠ ᠶᠢᠨ 8 ᠤ ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠣ ᠢᠦᠢ ᠲᠠᠢ ᠳᠠᠬᠢ ᠲᠦᠷᠦ ᠶᠢᠨ ᠵᠣᠴᠢᠳ ᠤᠨ ᠪᠠᠭᠤᠳᠠᠯ ᠳᠤ ᠬᠠᠩᠭᠠᠷᠢ ᠶᠢᠨ ᠶᠡᠷᠦᠩᠬᠡᠢ ᠰᠠᠶᠢᠳ ᠡᠸᠦ᠋ᠷᠪᠠᠨ ᠲᠠᠢ ᠠᠭᠤᠯᠵᠠᠪᠠ ᠃   ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ  ᠯᠢ ᠰᠢᠤᠸᠠᠢ ᠷᠧᠨ  ᠰᠡᠭᠦᠳᠡᠷᠯᠡᠪᠡ  ᠰᠢ ᠶᠢᠨ ᠫᠢᠩ ᠂ ᠬᠤᠶᠠᠷ ᠰᠠᠷ᠎ᠠ ᠶᠢᠨ ᠡᠮᠦᠨ᠎ᠡ ᠂ ᠪᠢ ᠬᠠᠩᠭᠠᠷᠢ ᠳᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠪᠢᠳᠡ ᠳᠤᠮᠳᠠᠳᠤ ᠬᠠᠩᠭᠠᠷᠢ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠨᠡᠶᠢᠲᠡᠯᠡᠭᠰᠡᠨ ᠨᠢ ᠡᠨᠡ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠳᠤ ᠰᠢᠨ᠎ᠡ ᠲᠡᠦᠬᠡᠲᠦ ᠠᠴᠢ ᠬᠤᠯᠪᠣᠭᠳᠠᠯ ᠲᠠᠢ ᠪᠣᠯᠤᠭᠰᠠᠨ ᠪᠥᠭᠡᠳ ᠳᠤᠮᠳᠠᠳᠤ ᠬᠠᠩᠭᠠᠷᠢ ᠶᠢᠨ ᠬᠠᠷᠢᠯᠴᠠᠭ᠎ᠠ ᠶᠢᠨ ᠥᠨᠳᠥᠷ ᠲᠦᠪᠰᠢᠨ ᠪᠦᠬᠦᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ ᠃ ᠳᠠᠷᠠᠭ᠎ᠠ ᠭᠠᠷᠠᠭ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠪᠡᠭᠡᠵᠢᠩ ᠳᠤ ᠬᠤᠷᠠᠯᠳᠤᠵᠤ ᠂ ᠳᠤᠮᠳᠠᠳᠤ ᠤᠯᠤᠰ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠪᠣᠯᠣᠨ᠎ᠠ ᠃ ᠡᠨᠡ ᠨᠢ ᠳᠤᠮᠳᠠᠳᠤ ᠬᠠᠩᠭᠠᠷᠢ ᠶᠢᠨ ᠬᠠᠮᠲᠤᠷᠠᠯᠴᠠᠭ᠎ᠠ ᠳᠤ ᠰᠢᠨ᠎ᠡ ᠠᠵᠠ ᠲᠣᠭᠢᠶᠠᠯ ᠬᠠᠩᠭᠠᠵᠤ ᠂ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠪᠣᠯᠣᠨ᠎ᠠ ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠪᠠᠲᠤᠯᠠᠵᠤ ᠂ ᠤᠯᠤᠰ ᠲᠥᠷᠥ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ ᠂ ᠦᠷᠭᠦᠯᠵᠢᠯᠡᠨ ᠡᠷᠡᠰ ᠳᠡᠮᠵᠢᠯᠴᠡᠵᠦ ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ︽ ᠨᠢᠭᠡ ᠪᠦᠰᠡ ᠨᠢᠭᠡ ᠵᠠᠮ ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ ᠂ ᠳᠤᠮᠳᠠᠳᠤ ᠬᠠᠩᠭᠠᠷᠢ ᠶᠢᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠦᠷᠭᠦᠯᠵᠢᠯᠡᠨ ᠪᠠᠶᠠᠯᠢᠭᠵᠢᠭᠤᠯᠵᠤ ᠂ ᠠᠷᠠᠳ ᠲᠦᠮᠡᠨ ᠳᠤ ᠨᠠᠩ ᠰᠠᠶᠢᠨ ᠢᠶᠠᠷ ᠪᠤᠶᠠᠨ ᠦᠢᠯᠡᠳᠦᠶ᠎ᠡ ᠭᠡᠵᠦ ᠵᠢᠭᠠᠵᠤ ᠭᠠᠷᠭᠠᠪᠠ ᠃  ᠰᠢ ᠶᠢᠨ ᠫᠢᠩ ᠬᠠᠩᠭᠠᠷᠢ ᠶᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠳᠤ ᠪᠠᠶᠠᠷ ᠬᠦᠷᠭᠡᠪᠡ ᠃ ᠰᠢ ᠶᠢᠨ ᠫᠢᠩ ᠂ ᠳᠤᠮᠳᠠᠳᠤ ᠡᠸᠦ᠋ᠷᠦᠫᠡ ᠶᠢᠨ ᠬᠤᠭᠤᠷᠣᠨᠳᠤ ᠭᠠᠵᠠᠷ ᠣᠷᠣᠨ ᠠᠴᠠ ᠰᠢᠯᠲᠠᠭᠠᠯᠠᠭᠰᠠᠨ ᠤᠯᠤᠰ ᠲᠦᠷᠦ ᠶᠢᠨ ᠵᠥᠷᠢᠴᠡᠯ ᠪᠠᠶᠢᠬᠤ ᠦᠭᠡᠢ ᠂ ᠦᠨᠳᠦᠰᠦᠨ ᠠᠰᠢᠭ ᠲᠤᠰᠠ ᠶᠢᠨ ᠮᠥᠷᠭᠦᠯᠳᠦᠭᠡᠨ ᠪᠠᠶᠢᠬᠤ ᠦᠭᠡᠢ ᠶᠤᠮ ᠃ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠠ ᠳᠡᠯᠡᠬᠡᠢ ᠳ᠋ᠠᠬᠢᠨ ᠳᠤ ᠨᠥᠯᠥᠭᠡ ᠲᠠᠢ ᠶᠤᠮ ᠂ ᠲᠣᠭᠲᠠᠭᠤᠨ ᠡᠷᠡᠭᠦᠯ ᠬᠥᠭᠵᠢᠯᠲᠡ ᠶᠢ ᠪᠠᠲᠤᠯᠠᠵᠤ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠪᠠᠯ ᠵᠣᠬᠢᠨ᠎ᠠ ᠃ ᠳᠠᠷᠠᠭ᠎ᠠ ᠵᠢᠯ ᠪᠣᠯ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ ᠂ ᠬᠤᠶᠠᠷ ᠲᠠᠯ᠎ᠠ ᠪᠠᠷ ᠢᠶᠠᠨ ᠬᠠᠨᠢᠲᠠᠨ ᠤ ᠵᠥᠪ ᠪᠠᠶᠢᠷᠢ ᠲᠣᠭᠲᠠᠭᠠᠯᠲᠠ ᠪᠣᠯᠣᠨ ᠬᠠᠮᠲᠤᠷᠠᠯᠴᠠᠭᠠᠨ ᠤ ᠭᠤᠣᠯ ᠭᠦᠭ ᠠᠶᠠᠰ ᠢ ᠪᠠᠷᠢᠮᠲᠠᠯᠠᠵᠤ ᠂ ᠬᠤᠣᠰ ᠴᠢᠭᠯᠡᠯ ᠢᠶᠠᠷ ᠨᠡᠭᠡᠭᠡᠯᠲᠡ ᠬᠢᠬᠦ ᠶᠢ ᠦᠷᠭᠦᠯᠵᠢᠯᠡᠨ ᠠᠬᠢᠭᠤᠯᠵᠤ ᠂ ᠤᠯᠠᠨ ᠤᠯᠤᠰ ᠤᠨ ᠬᠠᠮᠵᠢᠯᠴᠠᠭ᠎ᠠ ᠶᠢ ᠴᠢᠩᠭᠠᠳᠬᠠᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠪᠡᠯ ᠵᠣᠬᠢᠨ᠎ᠠ ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠂ ᠬᠠᠩᠭᠠᠷᠢ ᠶᠢᠨ ᠬᠢᠨ ᠤ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠠᠬᠢᠭᠤᠯᠬᠤ ᠂ ᠰᠠᠶᠢᠨ ᠰᠠᠶᠢᠬᠠᠨ ᠬᠤᠷᠰᠢᠯᠴᠠᠯ ᠢ ᠪᠡᠶᠡᠯᠡᠭᠦᠯᠬᠦ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ ᠃  ᠡᠸᠦ᠋ᠷᠪᠠᠨ ᠂ ᠬᠤᠶᠠᠷ ᠰᠠᠷ᠎ᠠ ᠶᠢᠨ ᠡᠮᠦᠨ᠎ᠡ ᠲᠡᠷᠢᠭᠦᠯᠡᠭᠴᠢ ᠰᠢ ᠶᠢᠨ ᠫᠢᠩ ᠬᠠᠩᠭᠠᠷᠢ ᠳᠤ ᠠᠮᠵᠢᠯᠲᠠ ᠲᠠᠢ ᠪᠠᠷ ᠲᠡᠦᠬᠡᠲᠦ ᠴᠢᠨᠠᠷᠲᠠᠢ ᠠᠶᠢᠯᠴᠢᠯᠠᠯᠲᠠ ᠬᠢᠭᠰᠡᠨ ᠪᠢᠯᠡ ᠃ ᠬᠤᠶᠠᠷ ᠰᠠᠷ᠎ᠠ ᠶᠢᠨ ᠲᠤᠷᠰᠢ ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠠᠶᠢᠯᠴᠢᠯᠠᠯᠲᠠ ᠶᠢᠨ ᠴᠢᠬᠤᠯᠠ ᠦᠷ᠎ᠡ ᠪᠦᠲᠦᠭᠡᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠨᠥᠬᠦᠷᠯᠡᠯ ᠪᠣᠯᠣᠨ ᠢᠲᠡᠭᠡᠯᠴᠡᠭᠡ ᠨᠡᠩ ᠪᠠᠲᠤᠵᠢᠵᠤ ᠂ ᠬᠠᠩᠭᠠᠷᠢ ᠳᠤᠮᠳᠠᠳᠤ ᠶᠢᠨ ᠬᠠᠷᠢᠯᠴᠠᠭᠠᠨ ᠤ ᠢᠷᠡᠭᠡᠳᠦᠢ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠠᠢ ᠃ ᠣᠳᠣᠬᠠᠨ ᠤ ᠦᠢᠮᠡᠭᠡᠨ ᠳᠡᠪᠵᠢᠶᠡᠨ ᠲᠠᠢ ᠳᠡᠯᠡᠬᠡᠢ ᠶᠢᠨ ᠪᠠᠶᠢᠳᠠᠯ ᠤᠨ ᠡᠮᠦᠨ᠎ᠡ ᠂ ᠳᠤᠮᠳᠠᠳᠤ ᠤᠯᠤᠰ ᠡᠩᠬᠡ ᠲᠠᠶᠢᠪᠤᠩ ᠢ ᠬᠠᠶᠢᠷᠠᠯᠠᠬᠤ ᠪᠠᠷ ᠪᠠᠷᠠᠬᠤ ᠦᠭᠡᠢ ᠪᠠᠰᠠ ᠠᠯᠢ ᠤᠯᠠᠨ ᠪᠦᠲᠦᠭᠡᠯᠴᠢ ᠴᠢᠨᠠᠷᠲᠠᠢ ᠴᠢᠬᠤᠯᠠ ᠰᠠᠨᠠᠭᠠᠴᠢᠯᠠᠭ᠎ᠠ ᠳᠤᠷᠠᠳᠴᠤ ᠂ ᠳᠤᠮᠳᠠᠳᠤ ᠤᠯᠤᠰ ᠪᠣᠯ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠴᠢᠬᠤᠯᠠ ᠲᠣᠭᠲᠠᠭᠤᠨ ᠬᠦᠴᠦᠨ ᠪᠤᠯᠬᠤ ᠶᠢ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠭᠡᠷᠡᠴᠢᠯᠡᠭᠰᠡᠨ ᠪᠠᠶᠢᠨ᠎ᠠ ᠃ ᠬᠠᠩᠭᠠᠷᠢ ᠶᠢᠨ  ᠬᠢᠨ ᠳᠤᠮᠳᠠᠳᠤ ᠤᠯᠤᠰ ᠤᠨ ᠦᠢᠯᠡᠳᠦᠯ ᠪᠣᠯᠣᠨ ᠨᠥᠯᠥᠭᠡ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠥᠭᠡᠳ ᠴᠢᠬᠤᠯᠠᠴᠢᠯᠠᠵᠤ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠃ ᠬᠠᠩᠭᠠᠷᠢ ᠶᠢᠨ ᠬᠢᠨ ᠳᠤᠮᠳᠠᠳᠤ ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ︽ ᠵᠢᠵᠢᠭ ᠪᠦᠯᠭᠦᠮ︾ ᠪᠠᠶᠢᠭᠤᠯᠬᠤ ᠪᠠ ᠯᠡᠭᠧᠷ ᠤᠨ ᠡᠰᠡᠷᠭᠦᠴᠡᠯᠳᠦᠯ ᠬᠢᠬᠦ ᠶᠢ ᠡᠰᠡᠷᠭᠦᠴᠡᠵᠦ ᠂ ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠪᠠᠷ ᠠᠵᠠ ᠲᠣᠭᠢᠶᠠᠯ ᠪᠤᠯᠭᠠᠵᠤ ᠂ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ ᠃  ᠬᠤᠶᠠᠷ ᠲᠠᠯ᠎ᠠ ᠪᠠᠷ ᠢᠶᠠᠨ ᠦᠺᠷᠠᠶᠢᠨ ᠤ ᠬᠢᠮᠤᠷᠠᠯ ᠤᠨ ᠲᠤᠬᠠᠢ ᠭᠤᠣᠯᠳᠠᠯᠭ᠎ᠠ ᠲᠠᠢ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ ᠃ ᠡᠸᠦ᠋ᠷᠪᠠᠨ ᠣᠶᠢᠷ᠎ᠠ ᠶᠢᠨ ᠡᠳᠦᠷ ᠤᠳ ᠲᠤ ᠪᠣᠯᠤᠭᠰᠠᠨ ᠦᠺᠷᠠᠶᠢᠨ ᠪᠣᠯᠣᠨ ᠣᠷᠣᠰ ᠤᠨ ᠬᠤᠯᠪᠣᠭᠳᠠᠯ ᠪᠦᠬᠦᠢ ᠪᠠᠶᠢᠳᠠᠯ ᠢ ᠮᠡᠳᠡᠭᠳᠡᠪᠡ ᠃ ᠰᠢ ᠶᠢᠨ ᠫᠢᠩ ᠡᠧᠦ᠋ᠷᠪᠠᠨ ᠤ ᠦᠺᠷᠠᠶᠢᠨ ᠤ ᠬᠢᠮᠤᠷᠠᠯ ᠢ ᠤᠯᠤᠰ ᠲᠥᠷᠥ ᠶᠢᠨ ᠠᠷᠭ᠎ᠠ ᠪᠠᠷ ᠰᠢᠢᠳᠪᠦᠷᠢᠯᠡᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠶᠢ ᠮᠠᠭᠲᠠᠨ ᠰᠠᠶᠢᠰᠢᠶᠠᠵᠤ ᠂ ᠳᠤᠮᠳᠠᠳᠤ ᠤᠯᠤᠰ ᠤᠨ ᠲᠠᠯ᠎ᠠ ᠶᠢᠨ ᠬᠤᠯᠪᠣᠭᠳᠠᠯ ᠪᠦᠬᠦᠢ ᠦᠵᠡᠯᠲᠡ ᠵᠣᠷᠢᠯᠲᠠ ᠪᠠᠨ ᠲᠣᠳᠣᠷᠬᠠᠶᠢᠯᠠᠨ ᠥᠭᠦᠯᠡᠵᠡᠢ ᠃  ᠰᠢ ᠶᠢᠨ ᠫᠢᠩ ᠂ ᠡᠷᠲᠡᠬᠡᠨ ᠲᠠᠶᠢᠨ ᠲᠤᠯᠤᠯᠳᠤᠭᠠᠨ ᠢᠶᠠᠨ ᠵᠣᠭᠰᠣᠵᠤ ᠂ ᠤᠯᠤᠰ ᠲᠦᠷᠦ ᠶᠢᠨ ᠠᠷᠭ᠎ᠠ ᠪᠠᠷ ᠰᠢᠢᠳᠪᠦᠷᠢᠯᠡᠬᠦ ᠶᠢ ᠡᠷᠢᠯᠬᠢᠯᠡᠬᠦ ᠨᠢ ᠡᠯ᠎ᠡ ᠲᠠᠯ᠎ᠠ ᠶᠢᠨ ᠠᠰᠢᠭ ᠲᠤᠰᠠ ᠳᠤ ᠨᠡᠶᠢᠴᠡᠨ᠎ᠡ ᠃ ᠣᠳᠣᠬᠠᠨ ᠤ ᠭᠤᠣᠯᠳᠠᠯᠭ᠎ᠠ ᠪᠣᠯ ︽ ᠲᠡᠶᠢᠨ ᠤ ᠲᠠᠯᠠᠪᠤᠷ ᠭᠠᠳᠠᠭᠰᠢ ᠲᠡᠯᠡᠭᠦ ᠦᠭᠡᠢ ᠂ ᠲᠡᠶᠢᠨ ᠤ ᠶᠠᠪᠤᠳᠠᠯ ᠲᠠᠰ ᠳᠡᠪᠰᠢᠬᠦ ᠦᠭᠡᠢ ᠂ ᠡᠯ᠎ᠡ ᠲᠠᠯ᠎ᠠ ᠶᠢᠨ ᠬᠢᠨ ᠥᠳᠥᠭᠡᠵᠦ ᠦᠢᠮᠡᠭᠦᠯᠬᠦ ᠦᠭᠡᠢ ︾ ᠪᠠᠶᠢᠬᠤ ᠭᠤᠷᠪᠠᠨ ᠵᠠᠷᠴᠢᠮ ᠢ ᠵᠢᠷᠤᠮᠯᠠᠵᠤ ᠂ ᠪᠠᠶᠢᠳᠠᠯ ᠢ ᠲᠦᠷᠭᠡᠨ ᠨᠠᠮᠳᠠᠭᠠᠬᠤ ᠶᠠᠪᠤᠳᠠᠯ ᠮᠥᠨ ᠃ ᠳᠡᠯᠡᠬᠡᠢ ᠨᠡᠶᠢᠭᠡᠮ ᠢᠶᠠᠷ ᠢᠶᠠᠨ ᠬᠤᠶᠠᠷ ᠲᠠᠯ᠎ᠠ ᠶᠢᠨ ᠰᠢᠭᠤᠳ ᠶᠠᠷᠢᠯᠴᠠᠭ᠎ᠠ ᠬᠡᠯᠡᠯᠴᠡᠭᠡ ᠶᠢ ᠰᠡᠷᠭᠦᠭᠡᠬᠦ ᠳᠤ ᠨᠥᠬᠦᠴᠡᠯ ᠪᠦᠷᠢᠯᠳᠦᠭᠦᠯᠵᠦ ᠂ ᠬᠦᠴᠦᠨ ᠨᠡᠮᠡᠷᠢᠯᠡᠶ᠎ᠡ ᠃ ᠭᠠᠭᠴᠠ ᠬᠦ ᠪᠤᠢ ᠪᠦᠬᠦᠢ ᠲᠣᠮᠣ ᠤᠯᠤᠰ ᠴᠥᠮ ᠢᠳᠡᠪᠬᠢ ᠬᠦᠴᠦᠨ ᠢᠶᠠᠨ ᠪᠠᠳᠠᠷᠠᠭᠤᠯᠬᠤ ᠠᠴᠠ ᠪᠢᠰᠢ ᠨᠠᠵᠠᠭᠠᠢ ᠬᠦᠴᠦᠨ ᠨᠡᠮᠡᠷᠢᠯᠡᠬᠦ ᠦᠭᠡᠢ ᠪᠠᠶᠢᠪᠠᠯ ᠰᠠᠶ᠋ᠢ ᠡᠨᠡ ᠬᠦ ᠮᠥᠷᠭᠦᠯᠳᠦᠭᠡᠨ ᠨᠢ ᠡᠷᠲᠡᠬᠡᠨ ᠳᠠᠶᠢᠨ ᠵᠣᠬᠰᠣᠬᠤ  ᠪᠣᠯᠣᠮᠵᠢ ᠲᠠᠢ ᠃ ᠳᠤᠮᠳᠠᠳᠤ ᠤᠯᠤᠰ ᠥᠪᠡᠷ ᠤᠨ ᠠᠷᠭ᠎ᠠ ᠭᠡᠯᠪᠡᠷᠢ ᠪᠠᠷ ᠢᠶᠠᠨ ᠢᠳᠡᠪᠬᠢᠲᠡᠢ ᠪᠠᠷ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠵᠤ ᠂ ᠬᠢᠮᠤᠷᠠᠯ ᠢ ᠨᠠᠶᠢᠷᠠᠮᠳᠠᠯ ᠢᠶᠠᠷ ᠰᠢᠢᠳᠪᠦᠷᠢᠯᠡᠬᠦ ᠳᠤ ᠠᠰᠢᠭᠲᠠᠢ ᠠᠯᠢᠪᠠ ᠴᠢᠷᠮᠠᠶᠢᠯᠭ᠎ᠠ ᠶᠢ ᠵᠣᠷᠢᠭᠵᠢᠭᠤᠯᠤᠨ ᠳᠡᠮᠵᠢᠭᠰᠡᠭᠡᠷ ᠢᠷᠡᠵᠡᠶ ᠃ ᠳᠤᠮᠳᠠᠳᠤ ᠬᠠᠩᠭᠠᠷᠢ ᠶᠢᠨ ᠦᠨᠳᠦᠰᠦᠨ ᠵᠣᠷᠢᠯᠲᠠ ᠪᠣᠯᠣᠨ ᠴᠢᠷᠮᠠᠶᠢᠬᠤ ᠴᠢᠭᠯᠡᠯ ᠪᠣᠯ ᠨᠢᠭᠡᠳᠦᠯᠲᠡᠢ ᠶᠤᠮ ᠃ ᠳᠤᠮᠳᠠᠳᠤ ᠤᠯᠤᠰ ᠳᠤᠷᠠᠲᠠᠶ᠎ᠠ ᠬᠠᠩᠭᠠᠷᠢ ᠶᠢᠨ ᠲᠠᠯ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠦᠷᠭᠦᠯᠵᠢᠯᠡᠨ ᠣᠯᠣᠯᠴᠠᠭ᠎ᠠ ᠪᠠᠨ ᠪᠠᠲᠤᠯᠠᠨ᠎ᠠ ᠭᠡᠵᠦ ᠴᠢᠬᠤᠯᠠᠴᠢᠯᠠᠪᠠ ᠃  ᠸᠠᠩ ᠢ ᠠᠭᠤᠯᠵᠠᠯᠲᠠ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号