︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/8/2
  1. ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠬᠦ ᠲᠤᠬᠠᠶ ᠵᠢᠯᠣᠭᠤᠳᠬᠤ ᠰᠠᠨᠠᠯ︾ ᠢ ᠶᠠᠭᠤᠨ ᠳᠤ ᠨᠡᠶᠢᠲᠡᠯᠡᠬᠦ ᠪᠣᠶ︖  ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠤᠷᠮ᠎ᠠ 95% ᠳᠤ ᠦᠷᠭᠦᠯᠵᠢᠯᠡᠨ ᠲᠣᠭᠲᠠᠪᠤᠷᠢᠵᠢᠵᠤ ᠂ ᠳᠠᠭᠠᠳᠬᠠᠯ ᠳᠤ ᠣᠷᠣᠯᠴᠠᠭᠰᠠᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ ᠂ ᠳᠠᠭᠠᠳᠬᠠᠯ ᠳᠤ ᠣᠷᠣᠯᠴᠠᠭᠰᠠᠨ ᠪᠦᠲᠦᠴᠡ ᠨᠡᠩ ᠰᠢᠯᠢᠳᠡᠭᠵᠢᠵᠦ ᠂ ᠪᠦᠬᠦ ᠠᠷᠠᠳ ᠤᠨ ᠳᠠᠭᠠᠳᠬᠠᠯ ᠳᠤ ᠣᠷᠣᠯᠴᠠᠭᠰᠠᠨ ᠦᠷ᠎ᠡ ᠪᠦᠲᠦᠭᠡᠯ ᠤᠯᠠᠮ ᠨᠢᠭᠡ ᠠᠯᠬᠤᠮ ᠪᠠᠬᠢᠵᠢᠪᠡ ᠃ ᠡᠭᠦᠨ ᠳᠤ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠬᠤᠪᠢ ᠬᠥᠮᠦᠨ ᠰᠦᠢᠳᠬᠡᠯ ᠲᠤᠰᠢᠶᠠᠬᠤ ᠪᠠ ᠵᠠᠰᠠᠭ ᠤᠨ ᠣᠷᠳᠣᠨ ᠠᠴᠠ ᠨᠥᠬᠦᠪᠥᠷᠢ ᠣᠯᠭᠤᠬᠤ ᠶᠢ ᠬᠠᠮᠲᠤ ᠪᠠᠷ ᠪᠡᠯᠡ ᠴᠤᠭᠯᠠᠭᠤᠯᠭ᠎ᠠ ᠶᠢᠨ ᠢᠷᠡᠯᠲᠡ ᠪᠣᠯᠭᠠᠵᠤ ᠂ 9 ᠳ᠋ᠦᠩᠰᠢᠭᠤᠷ ᠭᠠᠷᠤᠶ ᠳᠠᠭᠠᠳᠬᠠᠯ ᠳᠤ ᠣᠷᠣᠯᠴᠠᠭᠴᠢ ᠶᠢ ᠬᠠᠮᠤᠷᠴᠤ ᠂ ᠬᠥᠭᠵᠢᠵᠦ ᠪᠠᠶᠢᠭ᠎ᠠ ᠤᠯᠤᠰ ᠤᠳ ᠤᠨ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ ᠂ ᠡᠮᠴᠢᠯᠡᠭᠡᠨ ᠳᠤ ᠪᠠᠲᠤᠯᠠᠭ᠎ᠠ ᠲᠠᠢ ᠪᠠᠶᠢᠬᠤ ᠦᠯᠢᠭᠡᠷ ᠳᠠᠭᠤᠷᠢᠶᠠᠯ ᠪᠣᠯᠵᠤ ᠂ ᠳᠡᠯᠡᠬᠡᠶ ᠨᠡᠶᠢᠭᠡᠮ ᠤᠨ ᠳᠡᠭᠡᠳᠦ ᠬᠡᠮᠵᠢᠶᠡᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ ᠃ ᠣᠯᠠᠩᠭᠢ ᠲᠣᠭᠠᠨ ᠤ ᠣᠯᠠᠨ ᠲᠦᠮᠡᠨ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠂ ᠳᠦᠷᠢᠮ ᠤᠨ ᠦᠷᠭᠦᠯᠵᠢᠯᠡᠨ ᠠᠵᠢᠯᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠶ ᠃  ᠭᠡᠪᠡᠴᠦ ᠂ ᠳᠦᠷᠢᠮ ᠢ ᠬᠡᠷᠡᠭᠵᠢᠭᠦᠯᠬᠦ ᠶᠠᠪᠤᠴᠠ ᠳᠤ ᠮᠥᠨ ᠵᠠᠷᠢᠮ ᠠᠰᠠᠭᠤᠳᠠᠯ ᠣᠷᠤᠰᠢᠭᠰᠠᠭᠠᠷ ᠪᠠᠶᠢᠨ᠎ᠠ ᠃ ᠨᠢᠭᠡ ᠳᠤ ᠂ ᠪᠠᠶᠢᠩᠭᠤ ᠰᠠᠭᠤᠭ᠎ᠠ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠳᠤ ᠮᠥᠨ ᠯᠡ ᠲᠦᠭᠵᠢᠷᠡᠯ ᠲᠠᠢ ᠪᠠᠶᠢᠨ᠎ᠠ ᠃ ᠬᠤᠲᠠ ᠪᠠᠯᠭᠠᠰᠤᠵᠢᠯᠳᠠ ᠶᠢ ᠭᠦᠨᠵᠡᠭᠡᠶᠢᠷᠡᠭᠦᠯᠦᠭᠰᠡᠨ ᠠᠬᠤᠶ ᠪᠠᠶᠢᠳᠠᠯ ᠳᠣᠤᠷ᠎ᠠ ᠂ ᠬᠥᠮᠦᠨ ᠠᠮᠠ ᠣᠷᠣᠨ ᠪᠦᠰᠡ ᠠᠯᠤᠰᠯᠠᠨ ᠣᠯᠠᠨᠲᠠ ᠰᠢᠯᠵᠢᠵᠦ ᠂ ︽ᠳᠣᠯᠤᠭ᠎ᠠ ᠶᠢ ᠲᠦᠭᠡᠮᠡᠯᠵᠢᠭᠦᠯᠬᠦ︾ ᠪᠦᠷᠢᠳᠬᠡᠯ ᠢ ᠦᠨᠳᠦᠰᠦᠯᠡᠪᠡᠯ ᠂ ᠪᠥᠬᠦ ᠤᠯᠤᠰ ᠤᠨ ᠨᠡᠭᠦᠳᠡᠯ ᠬᠥᠮᠦᠨ ᠠᠮᠠ 3.75 ᠳ᠋ᠦᠩᠰᠢᠭᠤᠷ ᠲᠤ ᠬᠦᠷᠴᠦ ᠂ ᠡᠭᠦᠨ ᠳᠤ ᠮᠤᠵᠢ ᠠᠯᠤᠰᠯᠠᠨ ᠨᠡᠭᠦᠳᠡᠯᠯᠡᠭᠰᠡᠨ ᠬᠥᠮᠦᠨ ᠠᠮᠠ ᠪᠠᠷᠤᠭ 1.25 ᠳ᠋ᠦᠩᠰᠢᠭᠤᠷ ᠪᠠᠶᠢᠵᠤ ᠂ ᠥᠷᠭᠡᠨ ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠦᠢᠯᠡᠴᠢᠯᠡᠭᠡ ᠳᠤ ᠨᠠᠩ ᠳᠥᠭᠦᠮ ᠳᠥᠲᠡ ᠬᠡᠷᠡᠭᠴᠡᠭᠡ ᠲᠤᠯᠭᠠᠮ ᠪᠣᠯᠵᠤ ᠂ ᠤᠯᠠᠮ ᠠᠴᠠ ᠣᠯᠠᠨ ᠬᠦᠮᠦᠰ ᠪᠠᠶᠢᠩᠭᠤ ᠰᠠᠭᠤᠭ᠎ᠠ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ ᠬᠦᠰᠡᠵᠦ ᠪᠠᠶᠢᠨ᠎ᠠ ᠃ ︽ᠵᠢᠯᠣᠭᠤᠳᠬᠤ ᠰᠠᠨᠠᠯ︾ ᠨᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠶ ᠬᠠᠷᠢᠭᠤᠯᠲᠠ ᠥᠭᠴᠦ ᠂ ᠣᠶᠢᠷ᠎ᠠ ᠬᠠᠪᠢ ᠳᠤ ᠪᠠᠨ ᠳᠥᠭᠦᠮ ᠳᠥᠲᠡ ᠳᠠᠭᠠᠳᠬᠠᠯ ᠳᠤ ᠣᠷᠣᠯᠴᠠᠬᠤ ᠳᠤ ᠬᠠᠨᠳᠤᠯᠭᠠᠲᠤ ᠴᠢᠨᠠᠷᠲᠠᠶ ᠲᠣᠬᠢᠷᠠᠭᠤᠯᠤᠯᠲᠠ ᠬᠢᠪᠠ ᠃  ᠬᠤᠶᠠᠷ ᠲᠤ ᠂ ᠪᠡᠯᠡ ᠴᠤᠭᠯᠠᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠮᠥᠨ ᠬᠦ ᠲᠡᠭᠦᠯᠳᠡᠷᠵᠢᠭᠦᠯᠬᠦ ᠴᠢᠬᠤᠯᠠᠲᠠᠶ ᠪᠠᠶᠢᠨ᠎ᠠ ᠃ ᠡᠮᠴᠢᠯᠡᠭᠡᠨ ᠤ ᠵᠠᠷᠤᠳᠠᠯ ᠦᠷᠭᠦᠯᠵᠢᠯᠡᠨ ᠨᠡᠮᠡᠭᠳᠡᠭᠰᠡᠨ ᠠᠴᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠦᠷᠭᠦᠯᠵᠢᠯᠡᠨ ᠥᠰᠦᠭᠰᠡᠨ ᠪᠣᠯᠬᠤᠷ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢ ᠬᠦᠰᠡᠵᠦ ᠪᠠᠶᠢᠨ᠎ᠠ︔ ᠬᠡᠰᠡᠭ ᠣᠯᠠᠨ ᠲᠦᠮᠡᠨ ᠬᠠᠷᠢᠯᠴᠠᠨ ᠲᠤᠰᠠᠯᠠᠯᠴᠠᠬᠤ ᠦᠵᠡᠯ ᠤᠬᠠᠮᠰᠠᠷ ᠳᠤᠲᠠᠭᠳᠠᠵᠤ ᠂ ᠪᠡᠶ᠎ᠡ ᠮᠠᠬᠠᠪᠣᠳ ᠨᠢ ᠡᠷᠡᠭᠦᠯ ᠰᠠᠷᠠᠭᠤᠯ ᠪᠠᠶᠢᠬᠤ ᠦᠶ᠎ᠡ ᠳᠤ ᠳᠠᠭᠠᠳᠬᠠᠯ ᠳᠤ ᠣᠷᠣᠯᠴᠠᠬᠤ ᠳᠤᠷ᠎ᠠ ᠦᠭᠡᠶ ᠂ ᠡᠪᠡᠳᠴᠢᠯᠡᠬᠦ ᠦᠶ᠎ᠡ ᠳᠤ ᠰᠣᠩᠭᠤᠯᠲᠠ ᠶᠢᠨ ᠴᠢᠨᠠᠷᠲᠠᠶ ᠪᠠᠷ ᠳᠠᠭᠠᠳᠬᠠᠯ ᠳᠤ ᠣᠷᠣᠯᠴᠠᠬᠤ ᠪᠤᠶᠤ ᠢᠳᠡᠷ ᠵᠠᠯᠠᠭᠤ ᠨᠠᠰᠤᠨ ᠳᠤ ᠪᠠᠨ ᠳᠠᠭᠠᠳᠬᠠᠯ ᠳᠤ ᠣᠷᠣᠯᠴᠠᠬᠤ ᠦᠭᠡᠶ ᠂ ᠵᠥᠪᠬᠡᠨ ᠡᠪᠡᠳᠴᠢᠨ ᠦᠵᠡᠭᠦᠯᠬᠦ ᠳᠤ ᠵᠣᠭᠤᠰ ᠠᠷᠪᠢᠨ ᠵᠠᠷᠤᠴᠠᠭᠤᠯᠬᠤ ᠨᠠᠰᠤᠲᠠᠨ ᠬᠡᠦᠬᠡᠳ ᠢᠶᠠᠨ ᠳᠠᠭᠠᠳᠬᠠᠯ ᠳᠤ ᠣᠷᠤᠯᠴᠠᠭᠤᠯᠳᠠᠭ ᠃ ᠡᠭᠦᠨ ᠠᠴᠠ ᠭᠠᠳᠠᠨ᠎ᠠ ᠂ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠣᠯᠠᠨ ᠲᠦᠮᠡᠨ ᠵᠣᠬᠢᠬᠤ ᠵᠣᠷᠢᠭᠵᠢᠭᠤᠯᠤᠯ ᠣᠯᠬᠤ ᠶᠢ ᠬᠦᠰᠡᠵᠦ ᠪᠠᠶᠢᠨ᠎ᠠ ᠂ ᠵᠢᠯ ᠪᠦᠷᠢ ᠡᠪᠡᠳᠴᠢᠨ ᠥᠬᠡᠶ ᠬᠥᠮᠦᠰ ᠴᠦ ᠵᠣᠬᠢᠬᠤ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠤᠯᠬᠤ ᠶᠢ ᠬᠦᠰᠡᠵᠦ ᠪᠠᠶᠢᠨ᠎ᠠ ᠃ ᠲᠣᠰ ᠤᠳᠠᠭᠠᠨ ᠤ ︽ᠵᠢᠯᠣᠭᠤᠳᠬᠤ ᠰᠠᠨᠠᠯ︾ ᠨᠢ ᠣᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠶ ᠪᠠᠷ ᠬᠠᠷᠢᠭᠤᠯᠲᠠ ᠥᠭᠴᠦ ᠂ ᠪᠠᠯᠠ ᠮᠥᠩᠭᠦ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠶ ᠪᠠᠷ ᠲᠡᠭᠦᠯᠳᠡᠷᠵᠢᠭᠦᠯᠵᠦ ᠂ ᠪᠥᠬᠦ ᠣᠷᠣᠯᠴᠠᠭᠴᠢ ᠶᠢᠨ ᠠᠰᠢᠭ ᠲᠤᠰᠠ ᠶᠢ ᠨᠠᠩ ᠰᠠᠶᠢᠲᠤᠷ ᠬᠠᠮᠠᠭᠠᠯᠠᠪᠠ ᠃  ᠭᠤᠷᠪᠠ ᠳᠤ ᠂ ᠳᠠᠭᠠᠳᠬᠠᠯ ᠳᠤ ᠣᠷᠣᠯᠴᠠᠬᠤ ᠠᠵᠢᠯ ᠤᠨ ᠲᠣᠭᠲᠠᠴᠠ ᠶᠢ ᠮᠥᠨ ᠬᠦ ᠪᠦᠷᠢᠨᠰᠢᠭᠦᠯᠬᠦ ᠴᠢᠬᠤᠯᠠᠲᠠᠶ ᠪᠠᠶᠢᠨ᠎ᠠ ᠃ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠪᠥᠬᠦ ᠲᠠᠯ᠎ᠠ ᠪᠠᠷ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠳᠠᠭᠠᠯᠳᠤᠨ ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠵᠤ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ ᠂ ᠪᠥᠬᠦ ᠤᠯᠤᠰ ᠤᠨ ᠳᠠᠭᠠᠳᠬᠠᠯ ᠳᠤ ᠣᠷᠣᠯᠴᠠᠭᠰᠠᠨ ᠲᠤᠭ᠎ᠠ ᠪᠠᠷᠢᠮᠲᠠ ᠶᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠪᠣᠯᠪᠠᠴᠤ ᠡᠯ᠎ᠡ ᠭᠠᠵᠠᠷ ᠣᠷᠣᠨ ᠤ ᠳᠠᠭᠠᠳᠬᠠᠯ ᠳᠤ ᠣᠷᠣᠯᠴᠠᠵᠤ ᠨᠢᠭᠡᠳᠦᠭᠡᠷ ᠹᠷᠣᠨᠲ ᠤᠨ ᠠᠵᠢᠯᠲᠠᠳ ᠢ ᠳᠠᠶᠢᠴᠢᠯᠠᠬᠤ ᠨᠢ ᠮᠥᠨ ᠴᠦ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠨᠠᠩ ᠴᠠᠭ ᠲᠤᠬᠠᠶ ᠳᠤ ᠨᠢ ᠪᠡᠶᠡᠯᠡᠭᠦᠯᠵᠦ ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠦᠷᠢᠨᠰᠢᠬᠦᠯᠬᠦ ᠶᠢ ᠱᠠᠭᠠᠷᠳᠠᠵᠤ ᠪᠠᠶᠢᠨ᠎ᠠ ᠃ ︽ᠵᠢᠯᠣᠭᠤᠳᠬᠤ ᠰᠠᠨᠠᠯ︾ ᠨᠢ ᠠᠵᠢᠯ ᠤᠨ ᠬᠠᠮᠵᠢᠯᠴᠠᠭ᠎ᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠲᠣᠭᠲᠠᠴᠠ ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠦᠢᠯᠡᠴᠢᠯᠡᠭᠡ ᠂ ᠤᠬᠠᠭᠤᠯᠤᠨ ᠳᠠᠶᠢᠴᠢᠯᠠᠬᠤ ᠲᠣᠭᠲᠠᠴᠠ ᠶᠢ ᠬᠦᠴᠦᠯᠡᠨ ᠴᠢᠩᠭᠠᠳᠬᠠᠵᠤ ᠂ ᠬᠡᠪᠴᠢᠶ᠎ᠡ ᠶᠢ ᠨᠠᠩ ᠣᠨᠣᠪᠴᠢᠲᠠᠶ ᠥᠷᠭᠡᠳᠬᠡᠬᠦ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠤᠯᠭᠠᠭᠤᠷᠢᠯᠠᠯ ᠬᠠᠩᠭᠠᠪᠠ ᠃  2. ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠳᠤ ᠶᠠᠮᠠᠷ ᠶᠠᠮᠠᠷ ᠠᠭᠤᠯᠭ᠎ᠠ ᠶᠢ ᠪᠠᠭᠲᠠᠭᠠᠭᠰᠠᠨ ᠪᠣᠶ︖ ᠶᠠᠮᠠᠷ ᠣᠨᠴᠠᠯᠢᠭ ᠲᠠᠢ ᠪᠤᠢ︖  ︽ᠵᠢᠯᠣᠭᠤᠳᠬᠤ ᠰᠠᠨᠠᠯ︾ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠵᠤ ᠂ ᠳᠤᠲᠠᠭᠤᠳᠠᠯ ᠢᠶᠠᠨ ᠲᠦᠷᠭᠡᠨ ᠨᠥᠬᠦᠪᠦᠷᠢᠯᠡᠵᠦ ᠂ ᠲᠦᠷᠦᠯ ᠬᠤᠪᠢᠶᠠᠨ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ ᠂ ᠳᠠᠭᠠᠳᠬᠠᠯ ᠳᠤ ᠣᠷᠣᠯᠴᠠᠬᠤ ᠪᠦᠲᠦᠴᠡ ᠶᠢ ᠰᠢᠯᠢᠳᠡᠭᠵᠢᠭᠦᠯᠵᠦ ᠂ ᠳᠠᠭᠠᠳᠬᠠᠯ ᠳᠤ ᠣᠷᠣᠯᠴᠠᠬᠤ ᠶᠠᠰᠤ ᠴᠢᠨᠠᠷ ᠢ ᠳᠡᠭᠡᠭᠰᠢᠯᠡᠭᠦᠯᠵᠦ ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠦᠭᠰᠡᠨ ᠤ ᠳᠠᠷᠠᠭᠠᠬᠢ ᠵᠣᠪᠠᠨᠢᠯ ᠢ ᠦᠨᠡᠨ ᠬᠦ ᠰᠠᠶᠢᠲᠤᠷ ᠰᠢᠢᠳᠪᠦᠷᠢᠯᠡᠨ᠎ᠡ ᠃ ᠭᠤᠣᠯ ᠣᠨᠴᠠᠯᠢᠭ᠄ ᠨᠢᠭᠡ ᠳᠤ ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠪᠡ ᠃ ᠳᠠᠭᠠᠳᠬᠠᠯ ᠳᠤ ᠣᠷᠣᠯᠴᠠᠬᠤ ᠳᠦᠷᠢᠮ ᠤᠨ ᠲᠠᠯ᠎ᠠ ᠪᠠᠷ ᠂ ᠭᠤᠣᠯᠳᠠᠭᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠪᠦᠷᠢᠨᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠨ᠎ᠡ ᠶᠢ ᠡᠭᠦᠳᠬᠦ ᠳᠤ ᠪᠦᠲᠦᠮᠵᠢᠲᠡᠢ ᠪᠥᠭᠡᠳ ᠬᠦᠴᠦᠨ ᠲᠡᠭᠦᠯᠳᠡᠷ ᠠᠯᠢ ᠣᠯᠠᠨ ᠠᠵᠢᠯ ᠤᠨ ᠲᠣᠭᠲᠠᠴᠠ ᠶᠢ ᠳᠤᠷᠠᠳᠬᠤ ᠶᠢᠨ ᠬᠠᠮᠲᠤ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠠᠭᠤᠵᠢᠭᠤ ᠲᠠᠯᠪᠢᠪᠠ ᠃ ᠬᠤᠶᠠᠷ ᠲᠤ ᠂ ᠤᠷᠲᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠪᠣᠳᠤᠯᠬᠢᠯᠠᠪᠠ ᠃ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠶᠢ ᠬᠠᠮᠵᠢᠯᠴᠠᠨ ᠠᠬᠢᠭᠤᠯᠬᠤ ᠂ ᠡᠮᠴᠢᠯᠡᠭᠡᠨ ᠤ ᠵᠠᠷᠤᠳᠠᠯ ᠤᠨ ᠵᠦᠶ ᠵᠣᠬᠢᠰ ᠥᠬᠡᠶ ᠥᠰᠬᠦ ᠶᠢ ᠬᠢᠵᠠᠭᠠᠷᠯᠠᠬᠤ ᠳᠤ ᠲᠦᠷᠢᠮ ᠤᠨ ᠴᠢᠨᠠᠷᠲᠠᠶ ᠲᠣᠬᠢᠷᠠᠭᠤᠯᠤᠯᠲᠠ ᠬᠢᠪᠠ ᠃ ᠭᠤᠷᠪᠠ ᠳᠤ ᠂ ᠤᠷᠮᠠᠰᠢᠭᠤᠯᠤᠨ ᠵᠣᠷᠢᠭᠵᠢᠭᠤᠯᠬᠤ ᠶᠢ ᠴᠢᠬᠤᠯᠠᠴᠢᠯᠠᠪᠠ ᠃ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠳᠤ ᠤᠷᠮᠠᠰᠢᠭᠤᠯᠤᠯ ᠲᠠᠢ ᠂ ᠡᠪᠡᠳᠴᠢᠨ ᠦᠵᠡᠭᠦᠯᠦᠭᠰᠡᠨ ᠦᠭᠡᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠠᠷᠤᠴᠠᠭᠤᠯᠤᠭᠰᠠᠨ ᠥᠬᠡᠶ ᠪᠣᠯ ᠱᠠᠩᠨᠠᠯ ᠲᠠᠢ ᠪᠠᠶᠢᠵᠤ ᠂ ᠳᠠᠭᠠᠳᠬᠠᠯ ᠢ ᠲᠠᠰᠤᠯᠤᠭᠰᠠᠨ ᠤ ᠳᠠᠷᠠᠭᠠᠬᠢ ᠬᠤᠪᠢᠷᠠᠯᠲᠠ ᠶᠢᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠳᠤ ᠰᠡᠷᠭᠦᠭᠡᠬᠦ ᠲᠣᠭᠲᠠᠴᠠ ᠶᠢ ᠬᠠᠩᠭᠠᠵᠤ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠨ ᠂ ᠨᠥᠬᠦᠴᠡᠯ ᠲᠠᠢ ᠭᠠᠵᠠᠷ ᠣᠷᠣᠨ ᠤ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠵᠡᠷᠭᠡ ᠶᠢ ᠵᠣᠷᠢᠭᠵᠢᠭᠤᠯᠵᠠᠶ ᠃  ᠭᠤᠣᠯ ᠠᠭᠤᠯᠭ᠎ᠠ᠄ ᠨᠢᠭᠡ ᠳᠤ ᠂ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠪᠡ ᠃ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠬᠤ ᠬᠥᠮᠦᠰ ᠪᠠ ᠰᠠᠭᠤᠷᠢ ᠮᠥᠩᠭᠦ ᠶᠢᠨ ᠲᠠᠩᠰᠠ ᠲᠠᠶᠢᠯᠬᠤ ᠥᠬᠡᠶ ᠬᠥᠮᠦᠰ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠲᠣᠰ ᠲᠣᠰ ᠳᠡᠭᠡᠭᠰᠢᠯᠡᠭᠦᠯᠵᠦ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠢ ᠲᠥᠪᠯᠡᠷᠡᠭᠦᠯᠦᠨ ᠳᠠᠭᠠᠳᠬᠠᠯ ᠳᠤ ᠣᠷᠣᠯᠴᠠᠭᠰᠠᠨ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠥᠬᠡᠶ ᠪᠤᠶᠤ ᠰᠦᠢᠳᠬᠡᠯ ᠢᠶᠠᠨ ᠲᠠᠰᠤᠯᠳᠠᠭᠤᠯᠤᠭᠰᠠᠨ ᠬᠥᠮᠦᠰ ᠤᠨ ᠳᠠᠬᠢᠨ ᠳᠠᠭᠠᠳᠬᠠᠯ ᠳᠤ ᠣᠷᠣᠯᠴᠠᠬᠤ ᠣᠯᠭᠤᠮᠵᠢ ᠪᠠᠨ ᠬᠦᠯᠢᠶᠡᠬᠦ ᠬᠤᠭᠤᠴᠠᠭ᠎ᠠ ᠶᠢ ᠲᠣᠳᠣᠷᠬᠠᠶ ᠲᠣᠭᠲᠠᠭᠠᠭᠰᠠᠨ ᠪᠥᠭᠡᠳ ᠰᠡᠷᠭᠦᠭᠡᠵᠦ ᠬᠤᠪᠢᠷᠠᠭᠤᠯᠤᠭᠰᠠᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠳᠤ ᠠᠷᠭ᠎ᠠ ᠵᠠᠮ ᠬᠠᠩᠭᠠᠪᠠ ᠂ ᠡᠨᠡ ᠪᠣᠯ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠲᠦᠷᠢᠮ ᠤᠨ ᠴᠢᠬᠤᠯᠠ ᠲᠡᠭᠦᠯᠳᠡᠷᠵᠢᠭᠦᠯᠦᠯᠲᠡ ᠪᠣᠯᠤᠨ᠎ᠠ ᠃ ᠬᠤᠶᠠᠷ ᠲᠤ ᠂ ᠬᠡᠪᠴᠢᠶ᠎ᠡ ᠶᠢ ᠣᠨᠣᠪᠴᠢᠲᠠᠶ ᠥᠷᠭᠡᠳᠬᠡᠬᠦ ᠲᠣᠭᠲᠠᠴᠠ ᠶᠢ ᠪᠦᠷᠢᠨᠰᠢᠭᠦᠯᠪᠡ ᠃ ᠪᠥᠬᠦ ᠤᠯᠤᠰ ᠲᠤ ︽ᠨᠢᠭᠡ ᠬᠥᠮᠦᠨ ᠨᠢᠭᠡ ᠲᠠᠩᠰᠠ ᠡᠪᠬᠡᠮᠡᠯ︾ ᠤᠨ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢ ᠠᠬᠢᠭᠤᠯᠵᠤ ᠂ ᠡᠯ᠎ᠡ ᠭᠠᠵᠠᠷ ᠤᠨ ᠨᠠᠷᠢᠯᠢᠭ ᠣᠨᠣᠪᠴᠢᠲᠠᠢ ᠪᠠᠷ ᠳᠠᠭᠠᠳᠬᠠᠯ ᠳᠤ ᠣᠷᠣᠯᠴᠠᠵᠤ ᠬᠡᠪᠴᠢᠶ᠎ᠡ ᠪᠠᠨ ᠥᠷᠭᠡᠳᠬᠡᠬᠦ ᠳᠤ ᠬᠦᠴᠦᠨ ᠨᠡᠮᠡᠷᠢᠯᠡᠪᠡ ᠃ ᠭᠤᠷᠪᠠ ᠳᠤ ᠂ ᠤᠬᠠᠭᠤᠯᠤᠨ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠪᠡ ᠃ ᠡᠯ᠎ᠡ ᠨᠢᠭᠡᠴᠢ ᠶᠢ ᠥᠷᠭᠡᠨ ᠢᠶᠠᠷ ᠲᠠᠶᠢᠴᠢᠯᠠᠵᠦ ᠂ ᠬᠡᠯᠪᠡᠷᠢ ᠶᠢᠨ ᠰᠢᠨ᠎ᠡ ᠶᠢ ᠡᠭᠦᠳᠴᠦ ᠂ ᠠᠴᠢᠶᠠᠯᠠᠪᠤᠷᠢ ᠶᠢ ᠪᠠᠶᠠᠯᠢᠭᠵᠢᠭᠤᠯᠵᠤ ᠂ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠪᠠ ᠃ ᠳᠥᠷᠪᠡ ᠳᠤ ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠴᠢᠩᠭᠠᠷᠠᠭᠤᠯᠪᠠ ᠃ ᠳᠠᠭᠠᠳᠬᠠᠯ ᠳᠤ ᠣᠷᠣᠯᠴᠠᠬᠤ ᠠᠵᠢᠯ ᠳᠠᠬᠢ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ ᠂ ᠠᠵᠢᠯ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠷᠠᠭᠤᠯᠪᠠ ᠃ ᠲᠠᠪᠤ ᠳᠤ ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ ᠶᠢ ᠲᠡᠭᠦᠯᠳᠡᠷᠵᠢᠭᠦᠯᠪᠡ ᠃ ᠲᠣᠮᠣ ᠳ᠋ᠠᠶᠢᠲ᠋ᠠ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢᠨ ᠲᠠᠪᠴᠠᠩ ᠳᠤ ᠲᠦᠰᠢᠭᠯᠡᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠠᠬᠢᠭᠤᠯᠵᠤ ᠂ ᠡᠯ᠎ᠡ ᠰᠠᠯᠠᠭ᠎ᠠ ᠮᠥᠴᠢᠷ ᠤᠳ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠬᠠᠮᠵᠢᠯᠴᠠᠨ ᠠᠬᠢᠭᠤᠯᠪᠠ ᠃ ᠵᠢᠷᠭᠤᠭ᠎ᠠ ᠳᠤ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ ᠶᠢ ᠪᠠᠶᠢᠭᠤᠯᠪᠠ ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠳᠠᠭᠠᠳᠬᠠᠯ ᠳᠤ ᠣᠷᠣᠯᠴᠠᠬᠤ ᠡᠯ᠎ᠡ ᠲᠠᠯ᠎ᠠ ᠳᠤ ᠲᠤᠭᠤᠰᠢᠯᠠᠭᠤᠯᠵᠤ ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠂ ᠰᠢᠰᠲ᠋ᠧᠮ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠪᠠ ᠃ ᠲᠤᠯᠤᠭ᠎ᠠ ᠳᠤ ᠂ ᠪᠡᠯᠡ ᠮᠥᠩᠭᠦ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠪᠡ ᠃ ᠡᠯ᠎ᠡ ᠭᠠᠵᠠᠷ ᠣᠷᠣᠨ ᠨᠤᠭᠤᠳ ᠵᠠᠷᠤᠳᠠᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠶ ᠃ ᠨᠥᠬᠦᠴᠡᠯ ᠲᠠᠢ ᠭᠠᠵᠠᠷ ᠣᠷᠣᠨ ᠨᠢ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ ᠳᠠᠭᠠᠳᠬᠠᠯ ᠳᠤ ᠣᠷᠣᠯᠴᠠᠬᠤ ᠶᠠᠰᠤ ᠴᠢᠨᠠᠷ ᠵᠡᠷᠭᠡ ᠪᠠᠶᠢᠳᠠᠯ ᠢ ᠦᠨᠳᠦᠰᠦᠯᠡᠨ ᠤᠷᠮᠠᠰᠢᠭᠤᠯᠵᠤ ᠂ ᠦᠨᠳᠦᠰᠦᠨ ᠱᠠᠲᠤᠨ ᠤ ᠢᠳᠡᠪᠬᠢᠵᠢᠯ ᠢ ᠭᠦᠢᠴᠡᠳ ᠳᠠᠶᠢᠴᠢᠯᠠᠵᠤ ᠪᠣᠯᠤᠨ᠎ᠠ ᠃  3. ︽ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠶᠠᠮᠠᠷ ᠶᠠᠮᠠᠷ ᠴᠢᠬᠤᠯᠠ ᠶᠡᠭᠡ ᠲᠤᠰᠠ ᠲᠠᠢ ᠪᠣᠶ︖  ︽ᠵᠢᠯᠣᠭᠤᠳᠬᠤ ᠰᠠᠨᠠᠯ︾ ᠨᠢ ᠠᠰᠠᠭᠤᠳᠠᠯ ᠳᠤ ᠴᠢᠭᠯᠡᠭᠦᠯᠦᠨ ᠂ ᠪᠠᠶᠢᠩᠭᠤ ᠰᠠᠭᠤᠭ᠎ᠠ ᠭᠠᠵᠠᠷ ᠲᠤ ᠳᠠᠭᠠᠳᠬᠠᠯ ᠳᠤ ᠣᠷᠣᠯᠴᠠᠬᠤ ᠶᠢ ᠴᠢᠩᠭᠠᠷᠠᠭᠤᠯᠬᠤ ᠂ ᠤᠷᠮᠠᠰᠢᠭᠤᠯᠬᠤ ᠬᠢᠵᠠᠭᠠᠷᠯᠠᠬᠤ ᠶᠢ ᠪᠦᠷᠢᠨᠰᠢᠬᠦᠯᠬᠦ ᠂ ᠪᠠᠯᠠ ᠴᠤᠭᠯᠠᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠂ ᠨᠠᠷᠢᠯᠢᠭ ᠣᠨᠣᠪᠴᠢᠲᠠᠢ ᠪᠠᠷ ᠬᠡᠪᠴᠢᠶ᠎ᠡ ᠶᠢ ᠥᠷᠭᠡᠳᠬᠡᠬᠦ ᠂ ᠤᠬᠠᠭᠤᠯᠤᠨ ᠳᠠᠶᠢᠴᠢᠯᠠᠬᠤ ᠶᠢ ᠴᠢᠩᠭᠠᠷᠠᠭᠤᠯᠬᠤ ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠬᠤ ᠂ ᠪᠠᠲᠤᠯᠠᠭ᠎ᠠ ᠶᠢᠨ ᠪᠠᠯᠠ ᠮᠥᠩᠭᠦ ᠶᠢᠨ ᠳᠡᠮᠵᠢᠯᠭᠡ ᠵᠡᠷᠭᠡ ᠲᠣᠭᠲᠠᠴᠠ ᠶᠢ ᠲᠣᠳᠣᠷᠬᠠᠶ ᠲᠣᠭᠲᠠᠭᠠᠵᠤ ᠂ ᠨᠡᠶᠢᠲᠡᠯᠡᠭᠰᠡᠨ ᠤ ᠳᠠᠷᠠᠭ᠎ᠠ ᠂ ᠳᠠᠭᠠᠳᠬᠠᠯ ᠳᠤ ᠣᠷᠣᠯᠴᠠᠭᠴᠢ ᠲᠠᠪᠤᠨ ᠶᠡᠭᠡ ᠠᠰᠢᠭ ᠢ ᠭᠥᠷᠳᠡᠵᠦ ᠪᠣᠯᠤᠨ᠎ᠠ᠄ ︽ᠲᠠᠯᠪᠢᠬᠤ︾ ᠂ ᠲᠤᠬᠠᠶᠢᠯᠠᠪᠠᠯ ᠳᠠᠭᠠᠳᠬᠠᠯ ᠳᠤ ᠣᠷᠣᠯᠴᠠᠭᠰᠠᠨ ᠡᠷᠦᠬᠡ ᠠᠮᠠ ᠶᠢᠨ ᠳᠠᠩᠰᠠᠨ ᠤ ᠬᠢᠵᠠᠭᠠᠷᠯᠠᠯ ᠢ ᠤᠯᠠᠮ ᠨᠢᠭᠡ ᠠᠯᠬᠤᠮ ᠴᠢᠯᠥᠭᠡᠲᠡᠶ ᠲᠠᠯᠪᠢᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠤᠬᠡᠳ ᠢ ᠪᠠᠶᠢᠩᠭᠤ ᠰᠠᠭᠤᠭ᠎ᠠ ᠭᠠᠵᠠᠷ ᠲᠤ ᠳᠠᠭᠠᠳᠬᠠᠯ ᠳᠤ ᠣᠷᠣᠭᠤᠯᠵᠤ ᠪᠣᠯᠤᠨ᠎ᠠ ᠃ ᠬᠡᠲᠦ ᠶᠡᠭᠡ ᠬᠤᠲᠠᠳ ᠠᠮᠢᠳᠤᠯᠢᠭ ᠢᠶᠠᠷ ᠠᠵᠢᠯ ᠣᠯᠤᠭᠰᠠᠳ ᠂ ᠲᠠᠷᠢᠶᠠᠴᠢᠨ ᠬᠦᠴᠦ ᠶᠠᠪᠤᠭᠰᠠᠳ ᠂ ᠰᠢᠨ᠎ᠡ ᠠᠵᠢᠯ ᠣᠯᠬᠤ ᠬᠡᠯᠪᠡᠷᠢ ᠮᠠᠶ᠋ᠢᠭ ᠪᠦᠬᠦᠢ ᠬᠥᠮᠦᠰ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠠᠷᠢᠶ᠎ᠠ ᠶᠢᠨ ᠬᠢᠵᠠᠭᠠᠷᠯᠠᠯ ᠢ ᠬᠦᠴᠦᠨ ᠦᠭᠡᠶ ᠪᠣᠯᠭᠠᠨ᠎ᠠ ᠃ ︽ᠥᠷᠭᠡᠳᠬᠡᠬᠦ︾ ᠂ ᠲᠤᠬᠠᠶᠢᠯᠠᠪᠠᠯ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠵᠦ ᠂ ᠭᠡᠷ ᠪᠦᠯᠢ ᠶᠢᠨ ᠭᠡᠰᠢᠭᠦᠨ ᠪᠠᠶᠢᠭᠰᠠᠨ ᠠᠴᠠ ᠣᠶᠢᠷ᠎ᠠ ᠲᠥᠷᠥᠯ ᠰᠠᠳᠤᠨ ᠳᠤ ᠬᠦᠷᠲᠡᠯ᠎ᠡ ᠥᠷᠭᠡᠳᠬᠡᠨ᠎ᠡ ᠃ ︽ ᠳᠡᠭᠡᠭᠰᠢᠯᠡᠭᠦᠯᠬᠦ︾ ᠂ ᠲᠤᠬᠠᠶᠢᠯᠠᠪᠠᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠵᠠᠯᠭᠠᠭ᠎ᠠ ᠪᠠᠷ ᠣᠷᠣᠯᠴᠠᠬᠤ ᠬᠥᠮᠦᠰ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠦᠯᠦᠪᠦᠷᠢᠯᠡᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ ᠃ ︽ᠱᠠᠩᠨᠠᠬᠤ︾ ᠂ ᠲᠤᠬᠠᠶᠢᠯᠠᠪᠠᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠠᠩᠰᠠ ᠲᠠᠶᠢᠯᠬᠤ ᠦᠭᠡᠢ ᠬᠥᠮᠦᠰ ᠢ ᠱᠠᠩᠨᠠᠬᠤ ᠲᠣᠭᠲᠠᠴᠠ ᠶᠢ ᠪᠠᠶᠢᠭᠤᠯᠵᠤ ᠂ ᠬᠤᠶᠠᠳᠤᠭᠠᠷ ᠵᠢᠯ ᠨᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠦᠯᠦᠪᠦᠷᠢᠯᠡᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ ᠃ ︽ᠳᠦᠭᠦᠮᠯᠡᠬᠦ︾ ᠂ ᠲᠤᠬᠠᠶᠢᠯᠠᠪᠠᠯ ᠳᠠᠭᠠᠳᠬᠠᠯ ᠳᠤ ᠣᠷᠣᠯᠴᠠᠭᠰᠠᠳ ᠤᠨ ᠣᠶᠢᠷ᠎ᠠ ᠬᠠᠪᠢ ᠳᠤ  ᠪᠠᠨ ᠡᠮᠴᠢᠯᠡᠭᠡᠨ ᠤ ᠦᠢᠯᠡᠴᠢᠯᠡᠭᠡ ᠭᠥᠷᠳᠡᠬᠦ ᠳᠤ ᠨᠠᠩ ᠲᠥᠬᠦᠮ ᠦᠵᠡᠭᠦᠯᠵᠦ ᠂ ᠨᠠᠩ ᠣᠯᠠᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠲᠤ ᠣᠷᠣᠭᠤᠯᠬᠤ ᠶᠢᠨ ᠬᠠᠮᠲᠤ ᠰᠢᠭᠤᠳ ᠳ᠋ᠦᠩᠨᠡᠨ ᠪᠤᠳᠤᠬᠤ ᠶᠢ ᠳᠥᠯᠭᠢᠨ ᠠᠬᠢᠭᠤᠯᠵᠤ ᠂ ᠡᠮ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ ᠃  4. ᠤᠯᠤᠰ ᠠᠴᠠ ᠶᠠᠭᠤᠨ ᠳᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠬᠤ ᠪᠣᠢ︖ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠶᠠᠮᠠᠷ ᠰᠠᠶᠢᠨ ᠲᠠᠯ᠎ᠠ ᠲᠠᠢ ᠪᠤᠢ︖  ᠣᠲᠣᠬᠠᠨ ᠳᠤ ᠮᠠᠨ ᠤ ᠤᠯᠤᠰ ᠤᠨ ᠪᠦᠭᠦ ᠠᠷᠠᠣᠠ ᠤᠨ ᠡᠮᠴᠢᠯᠡᠭᠡᠨ ᠤ ᠲᠠᠭᠠᠣᠠᠬᠠᠯ ᠣᠢᠠᠲᠣᠰᠣᠠ ᠳᠤ ᠪᠠᠨ ᠪᠡᠶᠡᠯᠡᠭᠳᠡᠵᠦ ᠂ ᠲᠠᠯᠠᠭᠡᠢ ᠲᠠᠭᠡᠷᠠᠭᠢ ᠬᠠᠮᠤᠭ ᠤᠨ ᠶᠡᠭᠡ ᠣᠢᠠᠲᠣᠰᠣᠠ ᠡᠮᠴᠢᠯᠡᠭᠡᠨ ᠤ ᠪᠠᠲᠣᠯᠠᠭ᠎ᠠ ᠶᠢᠨ ᠰᠦᠯᠵᠢᠶ᠎ᠡ ᠶᠢ ᠪᠠᠶᠢᠭᠤᠯᠵᠤ ᠪᠠᠶᠢᠨ᠎ᠠ ᠃ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠤᠯᠤᠰ ᠠᠴᠠ ᠵᠣᠷᠢᠭᠵᠢᠭᠤᠯᠵᠤ ᠪᠠᠶᠢᠭ᠎ᠠ ᠨᠢ ᠪᠦᠬᠦ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ ᠃ ᠦᠨᠳᠦᠰᠦᠨ ᠡᠮᠴᠢᠯᠡᠭᠡᠨ ᠤ ᠳᠠᠭᠠᠳᠬᠠᠯ ᠢ ᠨᠠᠰᠤ ᠵᠢᠯ ᠢ ᠬᠢᠵᠠᠭᠠᠷᠯᠠᠬᠤ ᠥᠬᠡᠶ ᠂ ᠡᠪᠡᠳᠴᠢᠨ ᠤ ᠲᠡᠤᠬᠡ ᠶᠢ ᠢᠯᠭᠠᠬᠤ ᠥᠬᠡᠶ ᠪᠠᠷ ᠥᠷᠭᠡᠨ ᠣᠯᠠᠨ ᠲᠦᠮᠡᠨ ᠳᠤ ᠦᠨᠳᠦᠰᠦᠨ ᠂ ᠨᠠᠶᠢᠳᠠᠪᠤᠷᠢᠲᠠᠶ ᠪᠠ ᠠᠮᠤᠷ ᠲᠦᠪᠰᠢᠨ ᠡᠮᠴᠢᠯᠡᠭᠡᠨ ᠤ ᠪᠠᠲᠤᠯᠠᠭ᠎ᠠ ᠬᠠᠩᠭᠠᠵᠤ ᠂ ᠥᠷᠭᠡᠨ ᠣᠯᠠᠨ ᠲᠦᠮᠡᠨ ᠤ ᠴᠠᠭ ᠲᠤᠬᠠᠶ ᠳᠤ ᠨᠢ ᠡᠮᠨᠡᠭᠦᠯᠵᠦ ᠳᠡᠶᠢᠯᠬᠦ ᠶᠢ ᠦᠨᠡᠨ ᠬᠦ ᠪᠠᠲᠤᠯᠠᠵᠤ ᠂ ᠡᠮᠴᠢᠯᠡᠭᠡᠨ ᠤ ᠵᠠᠷᠤᠳᠠᠯ ᠢ ᠨᠣᠭᠳᠠᠭᠤᠯᠵᠤ ᠂ ᠪᠠᠰᠠ ᠬᠦᠨᠳᠦ ᠡᠪᠡᠳᠴᠢᠨ ᠲᠠᠢ ᠦᠶ᠎ᠡ ᠳᠤ ᠠᠪᠤᠷᠠᠨ ᠲᠤᠰᠠᠯᠠᠯᠲᠠ ᠭᠥᠷᠳᠡᠵᠦ ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ︽ᠡᠪᠡᠳᠴᠢᠨ ᠠᠴᠠ ᠪᠣᠯᠵᠣ ᠶᠠᠳᠠᠭᠤᠷᠠᠬᠤ ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ︾ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ ᠴᠢᠳᠠᠨ᠎ᠠ ᠃  ᠮᠠᠨ ᠤ ᠤᠯᠤᠰ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠠᠰᠢᠭ ᠨᠢ ᠣᠯᠠᠨ ᠪᠠᠶᠢᠨ᠎ᠠ ᠂ ᠪᠣᠳᠠᠲᠠᠶ ᠢᠯᠡᠷᠡᠯ ᠭᠡᠪᠡᠯ᠄ ᠨᠢᠭᠡ ᠳᠤ ᠂ ᠥᠪᠡᠷ ᠤᠨ ᠥᠷᠲᠡᠭ ᠨᠢ ᠳᠣᠤᠷ᠎ᠠ ᠂ ᠮᠠᠨ ᠤ ᠤᠯᠤᠰ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ 2023 ᠣᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ 380 ᠲᠥᠭᠦᠷᠢᠭ ᠠᠴᠠ ᠳᠣᠤᠷ᠎ᠠ ᠥᠬᠡᠶ ᠂ ᠳᠤᠮᠳᠠᠴᠢ ᠪᠠᠷ ᠡᠳᠦᠷ ᠪᠦᠷᠢ 1 ᠲᠥᠭᠦᠷᠢᠭ ᠢᠯᠡᠭᠦᠤ ᠂ ᠰᠠᠷ᠎ᠠ ᠪᠦᠷᠢ 30 ᠭᠠᠷᠤᠶ ᠲᠥᠭᠦᠷᠢᠭ ᠂ ᠣᠯᠠᠨ ᠲᠦᠮᠡᠨ ᠳᠣᠤᠷ᠎ᠠ ᠥᠪᠡᠷ ᠤᠨ ᠥᠷᠲᠡᠭ ᠢᠶᠠᠷ ᠥᠪᠡᠷ ᠤᠨ ᠥᠷᠲᠡᠭ ᠤᠨ ᠪᠠᠲᠤᠯᠠᠭ᠎ᠠ ᠶᠢ ᠭᠥᠷᠳᠡᠵᠦ ᠪᠣᠯᠤᠨ᠎ᠠ︔ ᠬᠤᠶᠠᠷ ᠲᠤ ᠂ ᠨᠦᠬᠦᠪᠦᠷᠢ ᠦᠭᠬᠦ ᠬᠡᠪᠴᠢᠶ᠎ᠡ ᠦᠷᠭᠡᠨ ᠪᠠᠶᠢᠵᠤ ᠂ ᠲᠠᠭᠠᠳᠬᠠᠯ ᠳᠤ ᠤᠷᠤᠯᠴᠠᠭᠰᠠᠨ ᠪᠤᠢ ᠪᠦᠬᠦᠢ ᠤᠯᠠᠨ ᠲᠦᠮᠡᠨ ᠴᠦᠮ ᠤᠯᠤᠰ ᠤᠨ ᠡᠳ᠋ ᠤᠨ ᠵᠠᠰᠠᠭ ᠤᠨ ᠨᠦᠬᠦᠪᠦᠷᠢ ᠶᠢ ᠬᠦᠷᠳᠡᠬᠦ ᠪᠤᠯᠤᠨ᠎ᠠ ᠂ ᠳᠠᠭᠠᠳᠬᠠᠯ ᠳᠤ ᠣᠷᠣᠯᠴᠠᠪᠠᠯ ᠦᠪᠡᠷ ᠢᠶᠠᠨ ᠴᠥᠬᠡᠨ ︵ 380 ᠲᠥᠭᠦᠷᠢᠭ︶ ᠢ ᠨᠢ ᠲᠤᠰᠢᠶᠠᠵᠤ ᠂ ᠤᠯᠤᠰ ᠠᠴᠠ ᠠᠷᠪᠢᠨ ︵ 640 ᠲᠦᠭᠦᠷᠢᠭ︶ ᠢ ᠨᠢ ᠲᠤᠰᠢᠶᠠᠨ᠎ᠠ ᠂ ᠵᠢᠯ ᠪᠦᠷᠢ ᠶᠢᠨ ᠡᠳ᠋ ᠤᠨ ᠵᠠᠰᠠᠭ ᠤᠨ ᠨᠦᠬᠦᠪᠦᠷᠢ ᠨᠢ 6000 ᠭᠠᠷᠤᠢ ᠳ᠋ᠦᠩᠰᠢᠭᠤᠷ ᠲᠦᠬᠦᠷᠢᠭ ᠲᠤ ᠲᠤᠯᠵᠤ ᠂ ᠠᠮᠢᠳᠤᠷᠠᠯ ᠬᠦᠴᠢᠷᠳᠡᠯᠳᠡᠢ ᠤᠯᠠᠨ ᠲᠦᠮᠡᠨ ᠳᠤ ᠤᠯᠤᠰ ᠠᠴᠠ ᠵᠢᠯ ᠪᠦᠷᠢ 8000 ᠲᠦᠮᠡᠨ ᠢᠯᠡᠭᠦᠦ ᠬᠦᠮᠦᠨ ᠳᠤ ᠳᠡᠮᠵᠢᠯᠭᠡ ᠦᠵᠡᠭᠦᠯᠵᠦ ᠪᠣᠢ ︔ ᠭᠤᠷᠪᠠ ᠳᠤ ᠂ ᠡᠪᠡᠳᠴᠢᠨ ᠡᠮᠭᠡᠭ ᠤᠨ ᠲᠦᠭᠰᠢᠭᠦᠷᠢ ᠶᠢ ᠡᠰᠡᠷᠭᠦᠴᠡᠬᠦ ᠳᠤ ᠳᠠᠪᠠᠭᠤᠯᠢᠭ ᠲᠠᠯ᠎ᠠ ᠲᠠᠢ ᠂ 2023 ᠣᠨ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠳᠤᠮᠳᠠᠴᠢ ᠡᠮᠨᠡᠯᠭᠡ ᠳᠤ ᠰᠠᠭᠤᠭᠰᠠᠨ ᠨᠣᠷᠮ᠎ᠠ 20.7% ᠪᠠᠶᠢᠵᠤ ᠂ ᠡᠨᠡ ᠨᠢ 2023 ᠣᠨ ᠳᠤ ᠪᠥᠬᠦ ᠤᠯᠤᠰ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠤᠳᠠᠭ᠎ᠠ ᠪᠦᠷᠢ ᠶᠢᠨ ᠡᠮᠨᠡᠯᠭᠡ ᠳᠤ ᠰᠠᠭᠤᠭᠰᠠᠨ ᠳᠤᠮᠳᠠᠴᠢ ᠵᠠᠷᠤᠳᠠᠯ ᠤᠨ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠂ ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ ᠲᠣᠰ ᠲᠣᠰ 12765 ᠲᠥᠭᠦᠷᠢᠭ ᠂ 6205 ᠲᠥᠭᠦᠷᠢᠭ ᠂ 2943 ᠲᠥᠭᠦᠷᠢᠭ ᠪᠠᠶᠢᠵᠤ ᠂ ᠲᠠᠩᠰᠠ ᠲᠠᠶᠢᠯᠬᠤ ᠵᠣᠭᠤᠰ ᠤᠨ ᠲᠤᠭ᠎ᠠ ᠨᠢ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠂ ᠨᠢᠭᠡᠳᠦᠭᠡᠷ ᠳᠡᠰ ᠤᠨ ᠡᠮᠨᠡᠯᠭᠡ ᠶᠢᠨ ᠬᠤᠷᠢᠶ᠎ᠠ ᠲᠣᠰ ᠲᠣᠰ 6648 ᠲᠥᠭᠦᠷᠢᠭ ᠂ 3944 ᠲᠥᠭᠦᠷᠢᠭ ᠂ 2172 ᠲᠥᠭᠦᠷᠢᠭ ᠪᠠᠶᠢᠵᠤ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠳᠤᠮᠳᠠᠴᠢ ᠵᠣᠭᠤᠰ ᠤᠨ ᠲᠤᠭ᠎ᠠ ᠨᠢ 4437 ᠲᠥᠭᠦᠷᠢᠭ ᠪᠠᠶᠢᠵᠤ ᠂ 10 ᠵᠢᠯ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠠᠷᠤᠳᠠᠯ ᠢ ᠨᠡᠮᠡᠭᠡᠳ ᠴᠥᠮ ᠨᠢᠭᠡ ᠤᠳᠠᠭ᠎ᠠ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ ᠳᠤ ᠬᠦᠷᠦᠭᠰᠡᠨ ᠥᠬᠡᠶ ︔ ᠳᠥᠷᠪᠡ ᠳᠤ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠤ ᠳᠠᠷᠠᠭ᠎ᠠ ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠳᠠᠩᠰᠠ ᠲᠠᠶᠢᠯᠬᠤ ᠂ ᠡᠭᠦᠳᠡᠨ ᠡᠮᠨᠡᠯᠭᠡ ᠶᠢᠨ ᠤᠳᠠᠭᠠᠨ ᠣᠨᠴᠠ ᠴᠢᠨᠠᠷᠲᠠᠶ ᠡᠪᠡᠳᠴᠢᠨ ᠢ ᠳᠠᠩᠰᠠ ᠲᠠᠶᠢᠯᠬᠤ ᠂ ᠡᠮᠨᠡᠯᠭᠡ ᠳᠤ ᠰᠠᠭᠤᠵᠤ ᠳᠠᠩᠰᠠ ᠲᠠᠶᠢᠯᠬᠤ ᠶᠢ ᠬᠦᠷᠲᠡᠬᠦ ᠪᠠᠷ ᠪᠠᠷᠠᠬᠤ ᠦᠭᠡᠢ ᠂ ᠪᠠᠰᠠ ᠬᠦᠨᠳᠦ ᠡᠪᠡᠳᠴᠢᠨ ᠤ ᠳᠠᠭᠠᠳᠬᠠᠯ ᠢ ᠬᠦᠷᠲᠡᠵᠦ ᠂ ᠮᠠᠰᠢ ᠣᠯᠠᠨ ᠣᠷᠣᠨ ᠨᠤᠲᠤᠭ ᠤᠨ ᠰᠠᠭᠤᠭᠠᠯᠢ ᠠᠷᠠᠳ ᠤᠨ ᠡᠪᠡᠳᠴᠢᠨ ᠦᠵᠡᠭᠦᠯᠵᠦ ᠥᠪᠡᠷ ᠢᠶᠠᠨ ᠲᠤᠰᠢᠶᠠᠬᠤ ᠵᠣᠭᠤᠰ ᠤᠨ ᠲᠤᠭ᠎ᠠ ᠨᠢ ᠲᠦᠮᠡ ᠲᠠᠪᠤᠨ ᠮᠢᠩᠭᠠᠨ ᠲᠥᠭᠦᠷᠢᠭ ᠠᠴᠠ ᠳᠡᠭᠡᠭᠰᠢ ᠳᠤ ᠬᠦᠷᠪᠡᠯ ᠂ ᠡᠮᠴᠢᠯᠡᠭᠡᠨ ᠤ ᠳᠠᠭᠠᠳᠬᠠᠯ ᠨᠢ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠢ ᠬᠤᠪᠢᠶᠠᠨ ᠡᠭᠦᠷᠭᠡᠯᠡᠬᠦ ᠶᠢ ᠠᠶᠠᠨᠳᠠᠭᠠᠨ ᠡᠬᠢᠯᠡᠭᠦᠯᠵᠦ ᠂ ᠬᠦᠨᠳᠦ ᠡᠪᠡᠳᠴᠢᠨ ᠠᠴᠠ ᠡᠮᠨᠡᠯᠭᠡ ᠳᠤ ᠰᠠᠭᠤᠭᠰᠠᠨ ᠠᠴᠠ ᠪᠣᠯᠵᠤ ᠠᠶᠠᠨᠳᠠᠭᠠᠨ ᠲᠠᠩᠰᠠ ᠲᠠᠶᠢᠯᠬᠤ ᠴᠢᠬᠤᠯᠠ ᠦᠭᠡᠢ ᠪᠣᠯᠵᠤ ᠂ ᠡᠶᠢᠮᠦ ᠠᠴᠠ ᠮᠠᠰᠢ ᠣᠯᠠᠨ ᠰᠠᠭᠤᠭᠠᠯᠢ ᠠᠷᠠᠳ ᠠᠰᠢᠭ ᠬᠦᠷᠲᠡᠪᠡᠴᠦ ᠮᠡᠳᠡᠬᠦ ᠦᠭᠡᠢ ᠪᠠᠶᠢᠵᠤ ᠂ ᠬᠦᠴᠢᠷᠳᠡᠯ ᠲᠠᠢ ᠬᠥᠮᠦᠰ ᠪᠠᠰᠠ ᠡᠮᠴᠢᠯᠡᠭᠡᠨ ᠤ ᠠᠪᠤᠷᠠᠨ ᠲᠤᠰᠠᠯᠠᠯᠲᠠ ᠶᠢ ᠬᠦᠷᠲᠡᠵᠦ ᠪᠣᠯᠤᠨ᠎ᠠ ︔ ᠲᠠᠪᠤ ᠳᠤ ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ ᠰᠠᠶᠢᠨ ᠪᠠᠶᠢᠵᠤ ᠂ ᠣᠨᠴᠠᠭᠠᠶ ᠪᠠᠶᠢᠳᠠᠯ ᠠᠴᠠ ᠭᠠᠳᠠᠨ᠎ᠠ ᠂ ᠳᠠᠭᠠᠳᠬᠠᠯ ᠳᠤ ᠣᠷᠣᠯᠴᠠᠭᠰᠠᠳ ᠨᠢᠭᠡᠨᠲᠡ ᠨᠢᠭᠡ ᠪᠦᠯᠦᠭ ᠫᠢᠶᠣᠣ ᠪᠠᠷᠢᠮᠲᠠ ᠪᠠᠨ ᠠᠪᠴᠤ ᠶᠠᠪᠤᠵᠤ ᠪᠠᠶᠢᠭᠠᠳ ᠲᠠᠩᠰᠠ ᠲᠠᠶᠢᠯᠬᠤ ᠴᠢᠬᠤᠯᠠᠲᠠᠶ ᠪᠣᠯᠬᠤᠷ ᠡᠮ ᠡᠮᠨᠡᠯᠭᠡ ᠶᠢᠨ ᠪᠠᠶᠢᠭᠤᠯᠤᠮᠵᠢ ᠳᠤ ᠰᠢᠭᠤᠳ ᠳ᠋ᠦᠩᠨᠡᠨ ᠪᠤᠳᠤᠬᠤ ᠶᠢᠨ ᠳᠥᠭᠦᠮ ᠳᠥᠲᠡ ᠪᠠᠶᠢᠬᠤ ᠶᠢ ᠭᠥᠷᠳᠡᠵᠦ ᠪᠣᠯᠤᠨ᠎ᠠ ᠂ ᠣᠨᠳᠣᠤ ᠭᠠᠵᠠᠷ ᠲᠤ ᠡᠮᠨᠡᠭᠦᠯᠬᠦ ᠳᠤ ᠵᠥᠪᠬᠡᠨ ᠰᠦᠯᠵᠢᠶᠡᠨ ᠳᠡᠭᠡᠷ᠎ᠡ ᠪᠤᠶᠤ ᠰᠦᠯᠵᠢᠶᠡᠨ ᠭᠠᠳᠠᠨ᠎ᠠ ᠤᠷᠢᠳᠴᠢᠯᠠᠨ ᠳᠠᠩᠰᠠᠯᠠᠨ᠎ᠠ ᠂ ᠲᠤᠬᠠᠶᠢᠯᠠᠪᠠᠯ ᠭᠠᠳᠠᠷ ᠣᠷᠣᠨ ᠳᠤ ᠡᠮᠨᠡᠭᠦᠯᠵᠦ ᠪᠣᠯᠤᠨ᠎ᠠ ᠂ ᠣᠨᠳᠣᠤ ᠭᠠᠵᠠᠷ ᠲᠤ ᠳᠠᠭᠠᠳᠬᠠᠯ ᠳᠤ ᠣᠷᠣᠯᠴᠠᠵᠤ ᠪᠣᠯᠤᠨ᠎ᠠ ᠂ ᠤᠯᠠᠮ ᠠᠴᠠ ᠣᠯᠠᠨ ᠭᠠᠵᠠᠷ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ ᠲᠠᠯᠪᠢᠵᠤ ᠂ ᠣᠯᠠᠨ ᠢᠶᠠᠷ ᠢᠶᠠᠨ ᠣᠷᠣᠰᠢᠨ ᠰᠠᠭᠤᠬᠤ ᠦᠨᠡᠮᠯᠡᠯ ᠢᠶᠠᠷ ᠢᠶᠠᠨ ᠪᠠᠶᠢᠩᠭᠤ ᠰᠠᠭᠤᠭ᠎ᠠ ᠭᠠᠵᠠᠷ ᠲᠤ ᠪᠠᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠪᠣᠯᠤᠨ᠎ᠠ ᠃  5. ᠵᠠᠷᠢᠮ ᠵᠠᠯᠠᠭᠤ ᠢᠳᠡᠷᠴᠦᠳ ᠣᠢᠪᠡᠷ ᠤᠨ ᠪᠠᠶ᠎ᠡ ᠮᠠᠬᠠᠪᠤᠣᠠ ᠢᠶᠠᠨ ᠰᠠᠶᠢᠠ ᠂ ᠣᠢᠠᠲᠣᠰᠣᠠ ᠡᠮᠴᠢᠯᠡᠭᠡᠨ ᠤ ᠲᠠᠭᠠᠣᠠᠬᠠᠯ ᠳᠤ ᠣᠷᠣᠯᠴᠠᠬᠤ ᠴᠢᠬᠤᠯᠠ ᠣᠢᠭᠡᠢ ᠭᠡᠵᠦ ᠦᠵᠡᠳᠡᠭ ᠂ ᠡᠶᠢᠮᠦᠷᠬᠦᠦ ᠪᠤᠲᠣᠯ ᠨᠢ ᠵᠦᠪ ᠦᠦ︖  ᠦᠨᠳᠦᠰᠦᠨ ᠡᠮᠴᠢᠯᠡᠭᠡᠨ ᠤ ᠳᠠᠭᠠᠳᠬᠠᠯ ᠪᠣᠯ ᠨᠢᠭᠡ ᠵᠦᠢᠯ ᠤᠨ ᠨᠡᠶᠢᠭᠡᠮ ᠤᠨ ᠳᠠᠭᠠᠳᠬᠠᠯ ᠪᠣᠯᠬᠤ ᠪᠥᠭᠡᠳ ᠡᠩ ᠲᠡᠷᠢᠭᠦᠨ ᠳᠤ ᠳᠠᠭᠠᠭᠠᠬᠤ ᠰᠢᠨᠵᠢ ᠴᠢᠨᠠᠷ ᠲᠠᠢ ᠪᠠᠶᠢᠵᠤ ᠂ ᠲᠦᠭᠰᠢᠭᠦᠷᠢ ᠶᠢ ᠰᠡᠷᠭᠡᠶᠢᠯᠡᠬᠦ ᠳᠤ ᠬᠡᠷᠡᠭᠯᠡᠳᠡᠭ ᠃ ᠬᠡᠳᠦ᠋ᠢᠪᠡᠷ ᠵᠠᠷᠢᠮ ᠵᠠᠯᠠᠭᠤ ᠢᠳᠡᠷᠴᠦᠳ ᠥᠪᠡᠷᠲᠡᠭᠡᠨ ᠪᠡᠶ᠎ᠡ ᠮᠠᠬᠠᠪᠣᠳ ᠢᠶᠠᠨ ᠡᠷᠡᠭᠦᠯ ᠴᠢᠭᠢᠷᠠᠭ ᠪᠠᠶᠢᠬᠤ ᠰᠢᠭ᠋ ᠪᠣᠳᠤᠳᠠᠭ ᠪᠣᠯᠪᠠᠴᠤ ᠡᠪᠡᠳᠴᠢᠨ ᠡᠮᠭᠡᠭ ᠭᠡᠳᠡᠭ ᠶᠡᠷᠦ ᠨᠢ ᠲᠣᠭᠲᠠᠪᠤᠷᠢ ᠦᠭᠡᠢ ᠴᠢᠨᠠᠷ ᠲᠠᠢ ᠪᠠᠶᠢᠳᠠᠭ ᠂ ᠵᠠᠯᠠᠭᠤ ᠢᠳᠡᠷᠴᠤᠳ ᠶᠡᠷᠦ ᠨᠢ ᠭᠡᠷ ᠪᠦᠯᠢ ᠶᠢᠨ ᠠᠵᠤ ᠠᠬᠤᠢ ᠶᠢᠨ ᠲᠤᠯᠭᠠᠭᠤᠷᠢ ᠪᠠᠶᠢᠵᠤ ᠂ ᠥᠪᠡᠷ ᠢᠶᠠᠨ ᠡᠪᠡᠳᠴᠢᠨ ᠠᠴᠠ ᠪᠣᠯᠵᠤ ᠤᠨᠠᠬᠤ ᠶᠤᠮ ᠪᠣᠯ ᠭᠡᠷ ᠪᠦᠯᠢ ᠨᠢ ᠮᠠᠰᠢ ᠶᠡᠭᠡ ᠬᠦᠴᠢᠷᠳᠡᠯ ᠳᠤ ᠤᠴᠠᠷᠠᠬᠤ ᠪᠣᠯᠤᠨ᠎ᠠ ᠃ ᠡᠪᠡᠳᠴᠢᠨ ᠡᠮᠭᠡᠭ ᠤᠨ ᠲᠦᠭᠰᠢᠭᠦᠷᠢ ᠨᠢ ᠬᠦᠮᠦᠨ ᠨᠢᠭᠡᠪᠦᠷᠢ ᠳᠤ ᠴᠥᠮ ᠬᠠᠨᠲᠤᠳᠠᠭ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠷᠢᠳᠬᠡᠯ ᠤᠨ ᠣᠨ ᠤ ᠲᠣᠯᠢ ᠶᠢ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ ᠂ 2018 ᠣᠨ ᠳᠤ 25 — 34 ᠨᠠᠰᠤᠨ ᠤ ᠬᠢᠨ ᠤ ᠡᠮᠨᠡᠯᠭᠡ ᠳᠤ ᠰᠠᠭᠤᠭᠰᠠᠨ ᠨᠣᠷᠮ᠎ᠠ ᠨᠢ 11.1% ᠪᠠᠶᠢᠵᠤ ᠂ ᠪᠠᠷᠤᠭ 9 ᠬᠥᠮᠦᠨ ᠪᠦᠷᠢ ᠠᠴᠠ 1 ᠨᠢ ᠨᠢᠭᠡ ᠵᠢᠯ ᠳᠤ ᠡᠮᠨᠡᠯᠭᠡ ᠳᠤ ᠰᠠᠭᠤᠵᠤ ᠡᠮᠨᠡᠭᠦᠯᠵᠦ ᠪᠣᠢ ᠂ ᠤᠳᠠᠭ᠎ᠠ ᠪᠦᠷᠢ ᠶᠢᠨ ᠡᠮᠨᠡᠯᠭᠡ ᠳᠤ ᠰᠠᠭᠤᠬᠤ ᠳᠤᠮᠳᠠᠴᠢ ᠵᠠᠷᠤᠳᠠᠯ ᠨᠢ ᠪᠠᠰᠠ 7000 ᠭᠠᠷᠤᠶ ᠲᠥᠭᠦᠷᠢᠭ ᠪᠠᠶᠢᠵᠤ ᠂ ᠬᠦᠨᠳᠦ ᠡᠪᠡᠳᠴᠢᠨ ᠢ ᠨᠡᠩ ᠬᠡᠯᠡᠬᠦ ᠴᠢᠬᠤᠯᠠ ᠦᠭᠡᠢ ᠂ ᠡᠪᠡᠳᠴᠢᠯᠡᠪᠡᠯ ᠬᠤᠪᠢ ᠬᠥᠮᠦᠨ ᠂ ᠭᠡᠷ ᠪᠦᠯᠢ ᠳᠤ ᠬᠦᠨᠳᠦ ᠨᠣᠴᠢᠲᠠᠶ ᠠᠵᠤ ᠠᠬᠤᠶ ᠶᠢᠨ ᠳᠠᠷᠤᠭᠠᠰᠤ ᠣᠯᠭᠤᠵᠤ ᠂ ᠦᠨᠳᠦᠰᠦᠨ ᠡᠮᠴᠢᠯᠡᠭᠡᠨ ᠤ ᠳᠠᠭᠠᠳᠬᠠᠯ ᠨᠢ ᠲᠦᠭᠰᠢᠭᠦᠷᠢ ᠶᠢ ᠰᠡᠷᠭᠡᠶᠢᠯᠡᠵᠦ ᠂ ᠠᠵᠤ ᠠᠬᠤᠶ ᠶᠢᠨ ᠳᠠᠷᠤᠯᠲᠠ ᠶᠢ ᠬᠥᠩᠭᠡᠷᠡᠭᠦᠯᠵᠦ ᠴᠢᠳᠠᠨ᠎ᠠ ᠃ ᠡᠭᠦᠨ ᠠᠴᠠ ᠭᠠᠳᠠᠨ᠎ᠠ ᠂ ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠰᠠ ᠨᠡᠶᠢᠭᠡᠮᠴᠢᠯᠡᠭᠰᠡᠨ ᠰᠢᠨᠵᠢ ᠴᠢᠨᠠᠷ ᠲᠠᠢ ᠪᠠᠶᠢᠵᠤ ᠂ ᠡᠮᠴᠢᠯᠡᠭᠡᠨ ᠤ ᠳᠠᠭᠠᠳᠬᠠᠯ ᠤᠨ ᠳᠦᠷᠢᠮ ᠪᠣᠯ ᠨᠡᠶᠢᠭᠡᠮ ᠤᠨ ᠬᠠᠷᠢᠯᠴᠠᠨ ᠲᠤᠰᠠᠯᠠᠯᠴᠠᠬᠤ ᠨᠢᠭᠡ ᠵᠦᠢᠯ ᠤᠨ ᠢᠯᠡᠷᠡᠯ ᠮᠥᠨ ᠂ ᠣᠳᠣᠬᠠᠨ ᠳᠤ ᠪᠡᠶ᠎ᠡ ᠮᠠᠬᠠᠪᠣᠳ ᠨᠢ ᠡᠷᠡᠭᠦᠯ ᠴᠢᠬᠢᠷᠠᠭ ᠣᠯᠠᠨ ᠲᠦᠮᠡᠨ ᠬᠡᠳᠦ᠋ᠢᠪᠡᠷ ᠲᠦᠷ ᠴᠠᠭ ᠲᠤ ᠵᠠᠷᠤᠳᠠᠯ ᠪᠠᠭ᠎ᠠ ᠵᠠᠷᠤᠵᠤ ᠪᠠᠶᠢᠭ᠎ᠠ ᠪᠣᠯᠪᠠᠴᠤ ᠭᠡᠪᠡᠴᠦ ᠬᠡᠷᠡᠭᠴᠡᠭᠡ ᠲᠠᠢ ᠣᠯᠠᠨ ᠲᠦᠮᠡᠨ ᠳᠤ ᠬᠠᠷᠢᠯᠴᠠᠨ ᠲᠤᠰᠠᠯᠠᠯᠴᠠᠵᠤ ᠂ ᠥᠪᠡᠷ ᠢᠶᠠᠨ ᠥᠲᠡᠯᠦᠭᠡᠳ ᠡᠪᠡᠳᠴᠢᠯᠡᠭᠰᠡᠨ ᠦᠶ᠎ᠡ ᠳᠤ ᠪᠠᠰᠠ ᠨᠡᠶᠢᠭᠡᠮ ᠤᠨ ᠬᠠᠷᠢᠯᠴᠠᠨ ᠲᠤᠰᠠᠯᠠᠯᠴᠠᠯ ᠴᠢᠬᠤᠯᠠᠲᠠᠶ ᠪᠠᠶᠢᠵᠤ ᠂ ᠣᠯᠠᠨ ᠢᠶᠠᠷ ᠢᠶᠠᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠠᠵᠢᠯᠯᠠᠭᠠᠨ ᠳᠤ ᠬᠠᠮᠲᠤ ᠪᠠᠷ ᠣᠷᠣᠯᠴᠠᠵᠤ ᠂ ᠲᠦᠭᠰᠢᠭᠦᠷᠢ ᠶᠢ ᠬᠠᠮᠲᠤ ᠪᠠᠷ ᠬᠤᠪᠢᠶᠠᠨ ᠡᠭᠦᠷᠭᠡᠯᠡᠵᠦ ᠂ ᠥᠨᠥᠳᠦᠷ ᠪᠢ ᠬᠥᠮᠦᠨ ᠪᠦᠬᠦᠨ ᠤ ᠲᠥᠯᠥᠭᠡ ᠂ ᠮᠠᠷᠭᠠᠰᠢ ᠬᠥᠮᠦᠨ ᠪᠦᠬᠦᠨ ᠮᠢᠨᠦ ᠲᠥᠯᠥᠭᠡ ᠂ ᠪᠦᠬᠦ᠋ᠢᠯᠡ ᠨᠡᠶᠢᠭᠡᠮ ᠤᠨ ᠡᠷᠡᠭᠦᠯ ᠮᠡᠨᠳᠦ ᠶᠢ ᠪᠠᠲᠤᠯᠠᠨ᠎ᠠ ᠃ ᠡᠶᠢᠮᠦ ᠠᠴᠠ ᠂ ᠣᠳᠣ ᠳᠤ ᠪᠡᠶ᠎ᠡ ᠨᠢ ᠡᠷᠡᠭᠦᠯ ᠴᠢᠭᠢᠷᠠᠭ ᠪᠠᠶᠢᠬᠤ ᠡᠰᠡᠬᠦ ᠳᠤ ᠴᠠᠭ ᠲᠤᠬᠠᠢ ᠳᠤ ᠨᠢ ᠡᠮᠴᠢᠯᠡᠭᠡᠨ ᠤ ᠳᠠᠭᠠᠳᠬᠠᠯ ᠳᠤ ᠤᠷᠤᠯᠴᠠᠬᠤ ᠨᠢ ᠪᠦᠷ ᠮᠡᠷᠭᠡᠨ ᠪᠥᠭᠡᠳ ᠴᠢᠬᠤᠯᠠ ᠲᠠᠢ ᠰᠣᠩᠭᠤᠯᠲᠠ ᠮᠥᠨ ᠃  6. ᠪᠢᠴᠢᠭ ᠮᠠᠲ᠋ᠧᠷᠢᠶᠠᠯ ᠨᠢ ᠪᠠᠶᠢᠩᠭᠤ ᠰᠠᠭᠤᠭ᠎ᠠ ᠭᠠᠵᠠᠷ ᠪᠣᠯᠣᠨ ᠠᠵᠢᠯ ᠣᠯᠣᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠳᠤ ᠶᠠᠮᠠᠷ ᠰᠢᠨ᠎ᠡ ᠲᠣᠭᠲᠠᠭᠠᠯ ᠪᠠᠶᠢᠬᠤ ᠪᠣᠢ︖  ᠬᠡᠦᠬᠡᠳ ᠳᠠᠭᠠᠳᠬᠠᠯ ᠳᠤ ᠣᠷᠣᠯᠴᠠᠬᠤ ᠲᠠᠯ᠎ᠠ ᠪᠠᠷ ᠂ ᠬᠡᠳᠦ᠋ᠢᠪᠡᠷ ᠣᠲᠣ ᠣᠯᠠᠩᠬᠢ ᠭᠠᠵᠠᠷ ᠣᠷᠣᠨ ᠳᠤ ᠨᠢᠭᠡᠨᠲᠡ ᠭᠠᠳᠠᠷ ᠣᠷᠣᠨ ᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠵᠤ ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠤᠳ ᠢ ᠪᠠᠶᠢᠩᠭᠤ ᠰᠠᠭᠤᠭ᠎ᠠ ᠭᠠᠵᠠᠷ ᠲᠤ ᠳᠠᠭᠠᠳᠬᠠᠯ ᠳᠤ ᠣᠷᠣᠯᠴᠠᠵᠤ ᠪᠣᠯᠤᠨ᠎ᠠ ᠂ ᠭᠡᠪᠡᠴᠦ ᠳᠠᠭᠠᠳᠬᠠᠯ ᠳᠤ ᠣᠷᠣᠯᠴᠠᠬᠤ ᠶᠠᠪᠤᠴᠠ ᠨᠢ ᠰᠢᠯᠤᠭᠤᠨ ᠪᠤᠰᠤ ᠵᠡᠷᠭᠡ ᠠᠰᠠᠭᠤᠳᠠᠯ ᠮᠥᠨ ᠣᠷᠣᠰᠢᠵᠤ ᠪᠠᠶᠢᠬᠤ ᠪᠥᠭᠡᠳ ᠪᠠᠰᠠ ᠲᠦᠢᠯ ᠤᠨ ᠴᠥᠭᠡᠨ ᠲᠣᠭᠠᠨ ᠤ ᠬᠡᠲᠦ ᠶᠡᠭᠡ ᠬᠤᠲᠠ ᠶᠢᠨ ᠬᠢᠨ ᠬᠡᠤᠬᠡᠳ ᠤᠨ ᠳᠠᠭᠠᠳᠬᠠᠯ ᠳᠤ ᠣᠷᠣᠯᠴᠠᠬᠤ ᠡᠷᠦᠬᠡ ᠠᠮᠠ ᠶᠢᠨ ᠬᠢᠵᠠᠭᠠᠷᠯᠠᠯ ᠢ ᠴᠢᠯᠥᠭᠡᠲᠡᠶ ᠲᠠᠯᠪᠢᠭᠰᠠᠨ ᠦᠭᠡᠢ ᠪᠣᠯᠬᠤᠷ ᠪᠢᠴᠢᠭ ᠮᠠᠲ᠋ᠧᠷᠢᠶᠠᠯ ᠳᠤ ᠭᠠᠳᠠᠷ ᠣᠷᠣᠨ ᠤ ᠡᠷᠦᠬᠡ ᠠᠮᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠤᠨ ᠪᠠᠶᠢᠩᠭᠤ ᠰᠠᠭᠤᠭ᠎ᠠ ᠭᠠᠵᠠᠷ ᠲᠤ ᠳᠠᠭᠠᠳᠬᠠᠯ ᠳᠤ ᠣᠷᠣᠯᠴᠠᠬᠤ ᠶᠢ ᠠᠬᠢᠭᠤᠯᠵᠤ ᠂ ᠮᠠᠨ ᠤ ᠤᠯᠤᠰ ᠤᠨ ᠬᠡᠦᠬᠡᠳ ᠤᠨ ᠴᠠᠭ ᠲᠤᠬᠠᠶ ᠳᠤ ᠨᠢ ᠳᠥᠭᠦᠮ ᠳᠥᠲᠡ ᠪᠠᠷ ᠳᠠᠭᠠᠳᠬᠠᠯ ᠳᠤ ᠣᠷᠣᠯᠴᠠᠵᠤ ᠂ ᠣᠶᠢᠷ᠎ᠠ ᠬᠠᠪᠢ ᠳᠤ ᠪᠠᠨ ᠡᠮᠴᠢᠯᠡᠭᠡᠨ ᠤ ᠳᠠᠭᠠᠳᠬᠠᠯ ᠤᠨ ᠣᠯᠭᠤᠮᠵᠢ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠳᠤᠷᠠᠳᠪᠠ ᠃  ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠲᠠᠯ᠎ᠠ ᠪᠠᠷ ᠂ ᠲᠣᠰ ᠤᠳᠠᠭᠠᠨ ᠤ ᠪᠢᠴᠢᠭ ᠮᠠᠲ᠋ᠧᠷᠢᠶᠠᠯ ᠳᠤ ᠠᠮᠢᠳᠤᠯᠢᠭ ᠢᠶᠠᠷ ᠠᠵᠢᠯ ᠣᠯᠤᠭᠰᠠᠳ ᠤᠨ ᠠᠵᠢᠯ ᠣᠯᠤᠭᠰᠠᠨ ᠭᠠᠵᠠᠷ ᠤᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠠᠵᠢᠯ ᠳᠤ ᠣᠷᠣᠯᠴᠠᠬᠤ ᠪᠣᠯ ᠣᠷᠣᠰᠢᠨ ᠰᠠᠭᠤᠬᠤ ᠦᠨᠡᠮᠯᠡᠯ ᠲᠠᠢ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ ᠂ ᠠᠮᠢᠳᠤᠯᠢᠭ ᠢᠶᠠᠷ ᠠᠵᠢᠯ ᠣᠯᠤᠭᠰᠠᠳ ᠤᠨ ᠲᠤᠬᠠᠶ ᠶᠢᠨ ᠭᠠᠵᠠᠷ ᠤᠨ ᠣᠶᠢᠷ᠎ᠠ ᠬᠠᠪᠢ ᠳᠤ ᠪᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠡᠷᠬᠡ ᠠᠰᠢᠭ ᠢ ᠨᠠᠩ ᠰᠠᠶᠢᠲᠤᠷ ᠪᠠᠲᠤᠯᠠᠬᠤ ᠶᠠᠪᠤᠳᠠᠯ ᠪᠣᠯᠤᠨ᠎ᠠ ᠃ ᠣᠳᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠶᠢᠨ ᠳᠣᠤᠷ᠎ᠠ ᠂ ᠠᠮᠢᠳᠤᠯᠢᠭ ᠢᠶᠠᠷ ᠠᠵᠢᠯ ᠣᠯᠣᠭᠰᠠᠳ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠪᠣᠯᠤᠨ᠎ᠠ ᠂ ᠪᠠᠰᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠵᠤ ᠪᠣᠯᠤᠨ᠎ᠠ ᠃  7. ᠣᠯᠠᠨ ᠢᠶᠠᠷ ᠢᠶᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢ ᠬᠡᠷ ᠲᠤ ᠪᠠᠨ ᠬᠡᠷᠡᠭᠯᠡᠭᠦᠯᠵᠦ ᠪᠣᠯᠬᠤ ᠡᠰᠡᠬᠦ ᠶᠢ ᠮᠠᠰᠢ ᠬᠠᠯᠠᠮᠵᠢᠯᠠᠵᠤ ᠪᠠᠶᠢᠨ᠎ᠠ ᠂ ︽ᠵᠢᠯᠣᠭᠤᠳᠬᠤ ᠰᠠᠨᠠᠯ︾ ᠢ ᠨᠡᠶᠢᠲᠡᠯᠡᠭᠰᠡᠨ ᠤ ᠳᠠᠷᠠᠭ᠎ᠠ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠳᠤ ᠬᠠᠷᠠᠭᠠᠯᠵᠠᠯ ᠦᠵᠡᠭᠦᠯᠬᠦ ᠳᠤ ᠶᠠᠮᠠᠷ ᠰᠢᠨ᠎ᠡ ᠲᠣᠭᠲᠠᠭᠠᠯ ᠲᠠᠢ ᠪᠣᠶ︖  ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠳᠠᠬᠢ ᠵᠣᠭᠤᠰ ᠢ ᠭᠡᠷ ᠲᠤ ᠪᠠᠨ ᠬᠡᠷᠡᠭᠯᠡᠵᠦ ᠪᠣᠯᠤᠨ᠎ᠠ ᠂ ︽ᠭᠡᠷ ᠪᠦᠯᠢ ᠬᠠᠷᠢᠯᠴᠠᠨ ᠲᠤᠰᠠᠯᠠᠯᠴᠠᠵᠤ ᠳᠠᠭᠠᠳᠬᠠᠯ ᠳᠤ ᠣᠷᠣᠯᠴᠠᠵᠤ ᠂ ᠨᠠᠰᠤᠲᠠᠨ ᠨᠢᠯᠬᠠᠰ ᠢ ᠬᠠᠪᠰᠤᠷᠬᠤ︾ ᠪᠣᠯᠤᠨ᠎ᠠ ᠃ ᠲᠣᠰ ᠤᠳᠠᠭᠠᠨ ᠤ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠠᠷᠭ᠎ᠠ ᠬᠢᠳᠡᠯ ᠢ ᠨᠤᠲᠠᠯᠠᠭᠰᠠᠨ ᠢᠶᠠᠷ ᠪᠠᠷᠠᠬᠤ ᠥᠬᠡᠶ ᠪᠠᠰᠠ ᠤᠤᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠭᠰᠡᠨ ᠪᠠᠶᠢᠨ᠎ᠠ ᠃ ᠨᠢᠭᠡ ᠳᠤ ᠂ ᠬᠠᠷᠢᠯᠴᠠᠨ ᠬᠠᠷᠠᠭᠠᠯᠵᠠᠬᠤ ᠬᠡᠪᠴᠢᠶ᠎ᠡ ᠤᠯᠠᠮ ᠨᠢᠭᠡ ᠠᠯᠬᠤᠮ ᠥᠷᠭᠡᠵᠢᠵᠦ ᠣᠶᠢᠷ᠎ᠠ ᠲᠦᠷᠦᠯ ᠳᠤ ᠬᠦᠷᠪᠡ ᠃ ᠪᠢᠴᠢᠭ ᠮᠠᠲ᠋ᠧᠷᠢᠶᠠᠯ ᠳᠤ ᠂ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢ ᠬᠤᠪᠢ ᠬᠥᠮᠦᠨ ᠤ ᠣᠶᠢᠷ᠎ᠠ ᠲᠥᠷᠥᠯ ᠰᠠᠳᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠳᠤ ᠬᠡᠷᠡᠭᠯᠡᠵᠦ ᠪᠣᠯᠤᠨ᠎ᠠ ᠃ ᠡᠬᠦᠨ ᠳᠤ ︽ᠢᠷᠬᠡᠨ ᠤ ᠬᠠᠤᠯᠢ ᠶᠢᠨ ᠪᠢᠴᠢᠭ︾ ᠤᠨ ᠳᠤᠭᠳᠠᠭᠠᠯ ᠶᠤᠰᠤᠭᠠᠷ ᠂ ᠦᠢᠷ᠎ᠠ ᠲᠦᠷᠦᠯ ᠤᠨ ᠬᠢᠨ ᠳᠤ ᠬᠠᠨᠢ ᠨᠦᠬᠦᠷ ᠂ ᠡᠴᠢᠬᠡ ᠡᠬᠡ ᠂ ᠦᠷ᠎ᠠ ᠬᠡᠤᠬᠡᠳ ᠂ ᠠᠬ᠎ᠠ ᠳᠡᠬᠦᠦ ᠡᠭᠡᠴᠢ ᠦᠬᠢᠨ ᠲᠡᠬᠦᠤ ᠂ ᠡᠪᠦᠭᠡ ᠡᠮᠡᠭᠡ ᠂ ᠨᠠᠭᠠᠴᠤ ᠡᠪᠦᠭᠡ ᠡᠮᠡᠭᠡ ᠂ ᠤᠮᠪᠤᠯᠤ ᠬᠦᠤ ᠦᠬᠢᠨ ᠂ ᠵᠢᠭᠡ ᠤᠮᠪᠤᠯᠤ ᠬᠦᠤ ᠥᠬᠢᠨ ᠵᠡᠷᠬᠡ ᠪᠤᠢ ᠃ ᠡᠭᠦᠨ ᠢᠶᠠᠷ ᠪᠠᠷᠠᠬᠤ ᠦᠭᠡᠶ ᠂ ᠬᠡᠷᠪᠡ ᠡᠳᠡᠭᠡᠷ ᠣᠶᠢᠷ᠎ᠠ ᠲᠥᠷᠥᠯ ᠰᠠᠳᠤᠨ ᠨᠢ ᠳᠠᠭᠠᠳᠬᠠᠯ ᠳᠤ ᠣᠷᠣᠯᠴᠠᠭᠰᠠᠳ ᠪᠣᠯᠬᠤ ᠮᠥᠷᠲᠡᠭᠡᠨ ᠪᠠᠰᠠ ᠡᠮᠨᠡᠯᠭᠡ ᠶᠢᠨ ᠵᠠᠷᠤᠳᠠᠯ ᠤᠨ ᠳᠠᠩᠰᠠ ᠲᠠᠶᠢᠯᠬᠤ ᠦᠶ᠎ᠡ  ᠳᠤ ᠂ ᠬᠠᠮᠢᠶ᠎ᠠ ᠪᠦᠬᠦᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠶᠢ ᠬᠡᠷᠡᠭᠯᠡᠵᠦ ᠪᠣᠯᠤᠨ᠎ᠠ ᠃ ᠬᠤᠶᠠᠷ ᠲᠤ ᠂ ᠬᠠᠷᠢᠯᠴᠠᠨ ᠲᠤᠰᠠᠯᠠᠯᠴᠠᠬᠤ ᠭᠠᠵᠠᠷ ᠣᠷᠣᠨ ᠢ ᠤᠯᠠᠮ ᠨᠢᠭᠡ ᠠᠯᠬᠤᠮ ᠥᠷᠭᠡᠳᠬᠡᠵᠦ ᠂ ᠡᠨᠡ ᠵᠢᠯ ᠤᠨ ᠰᠡᠭᠦᠯᠴᠢ ᠠᠴᠠ ᠡᠮᠦᠨ᠎ᠡ ᠪᠣᠶ ᠪᠥᠬᠦᠶ ᠮᠤᠵᠢ ᠮᠤᠵᠢ ᠶᠢᠨ ᠳᠣᠲᠣᠭᠠᠳᠤ ᠳᠤ ᠪᠠᠨ ᠨᠢᠭᠡᠳᠦᠯᠲᠡᠶ ᠲᠥᠯᠥᠪᠯᠡᠬᠦ ᠣᠷᠣᠨ ᠤ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠴᠢᠷᠮᠠᠶᠢᠨ ᠪᠡᠶᠡᠯᠡᠭᠦᠯᠵᠦ ᠂ ᠢᠷᠡᠬᠦ ᠵᠢᠯ ᠮᠤᠵᠢ ᠠᠯᠤᠰᠯᠠᠭᠰᠠᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠶᠢ ᠲᠦᠷᠭᠡᠪᠴᠢᠯᠡᠨ ᠰᠦᠪᠡᠭᠴᠢᠯᠡᠨ ᠠᠬᠢᠭᠤᠯᠤᠨ᠎ᠠ ᠃ ᠲᠣᠳᠣᠷᠬᠠᠶᠢᠯᠠᠬᠤ ᠴᠢᠬᠤᠯᠠᠲᠠᠶ ᠨᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠵᠣᠭᠤᠰ ᠢ ᠬᠠᠷᠢᠯᠴᠠᠨ ᠲᠤᠰᠠᠯᠠᠯᠴᠠᠵᠤ ᠪᠣᠯᠤᠨ᠎ᠠ ᠂ ᠭᠡᠪᠡᠴᠦ ᠺᠠᠷᠲ ︵ᠺᠣᠳ᠋ ︶ ᠢ ᠬᠠᠮᠲᠤ ᠪᠠᠷ ᠬᠡᠷᠡᠭᠯᠡᠵᠦ ᠪᠣᠯᠬᠤ ᠦᠭᠡᠢ ᠃  8. ︽ᠵᠢᠯᠣᠭᠤᠳᠬᠤ ᠰᠠᠨᠠᠯ︾ ᠨᠢ ᠬᠦᠴᠢᠷᠳᠡᠯᠲᠡᠶ ᠣᠯᠠᠨ ᠲᠦᠮᠡᠨ ᠳᠤ ᠶᠠᠮᠠᠷ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠᠶᠢᠬᠤ ᠪᠣᠶ︖  ︽ᠵᠢᠯᠣᠭᠤᠳᠬᠤ ᠰᠠᠨᠠᠯ︾ ᠨᠢ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ ᠶᠢ ᠲᠦᠢᠯ ᠤᠨ ᠴᠢᠬᠤᠯᠠᠴᠢᠯᠠᠵᠤ ᠂ ᠣᠨᠴᠠ ᠬᠦᠴᠢᠷᠳᠡᠯᠲᠡᠢ ᠬᠥᠮᠥᠰ ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠂ ᠨᠥᠬᠦᠴᠡᠯ ᠳᠤ ᠨᠡᠶᠢᠴᠡᠭᠰᠡᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠨᠵᠢᠬᠦ ᠡᠲᠡᠭᠡᠳ ᠵᠡᠷᠭᠡ ᠬᠦᠴᠢᠷᠳᠡᠯᠲᠡᠢ ᠣᠯᠠᠨ ᠲᠦᠮᠡᠨ ᠤ ᠳᠠᠭᠠᠳᠬᠠᠯ ᠳᠤ ᠣᠷᠤᠯᠴᠠᠬᠤ ᠶᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠲᠤᠰᠠᠯᠠᠬᠤ ᠶᠢ ᠳᠤᠷᠠᠳᠤᠨ ᠭᠠᠷᠭᠠᠪᠠ ᠃ ᠥᠩᠭᠡᠷᠡᠭᠰᠡᠨ 3 ᠵᠢᠯ ᠳᠤ ᠂ ᠪᠦᠬᠦ ᠤᠯᠤᠰ ᠤᠨ ᠡᠮᠴᠢᠯᠡᠭᠡᠨ ᠤ ᠠᠪᠤᠷᠠᠨ ᠲᠤᠰᠠᠯᠠᠯᠲᠠ ᠳᠤ ᠣᠷᠣᠯᠴᠠᠭᠰᠠᠨ ᠬᠥᠮᠦᠨ ᠤ ᠲᠤᠭ᠎ᠠ 8000 ᠲᠦᠮᠡ ᠠᠴᠠ ᠳᠡᠭᠡᠭᠰᠢ ᠪᠠᠶᠢᠵᠤ ᠂ ᠬᠡᠷᠪᠡ ᠪᠤᠰᠤᠳ ᠰᠠᠯᠠᠭ᠎ᠠ ᠮᠥᠴᠢᠷ ᠤᠨ ᠲᠤᠰᠠᠯᠠᠨ ᠲᠡᠳᠬᠦᠭᠰᠡᠨ ᠬᠥᠮᠦᠨ ᠤ ᠲᠤᠭ᠎ᠠ ᠶᠢ ᠨᠡᠮᠡᠪᠡᠯ ᠂ 1 ᠳ᠋ᠦᠩᠰᠢᠭᠤᠷ ᠰᠢᠬᠠᠮ ᠬᠥᠮᠦᠨ ᠳᠠᠭᠠᠳᠬᠠᠯ ᠳᠤ ᠣᠷᠣᠯᠴᠠᠭᠰᠠᠨ ᠡᠯ᠎ᠡ ᠲᠥᠷᠥᠯ ᠤᠨ ᠡᠳ᠋ ᠮᠥᠩᠭᠦ ᠶᠢᠨ ᠲᠤᠰᠠᠯᠠᠮᠵᠢ ᠶᠢ ᠬᠦᠷᠲᠡᠪᠡ ᠂ ᠡᠭᠦᠨ ᠳᠤ ᠣᠨᠴᠠ ᠬᠦᠴᠢᠷᠳᠡᠯᠲᠡᠶ ᠬᠥᠮᠦᠰ ᠪᠥᠬᠦ ᠲᠤᠭ᠎ᠠ ᠪᠠᠷ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠬᠤ ᠶᠢ ᠭᠥᠷᠳᠡᠵᠦ ᠪᠠᠶᠢᠭ᠎ᠠ ᠨᠢ ᠳᠠᠷᠤᠶ ︽ᠰᠦᠢᠳᠬᠡᠯ ᠲᠤᠰᠢᠶᠠᠬᠤ ᠠᠴᠠ ᠭᠡᠯᠲᠦᠷᠢᠭᠦᠯᠵᠦ︾ ᠪᠠᠶᠢᠭ᠎ᠠ ᠶᠠᠪᠤᠳᠠᠯ ᠪᠣᠯᠤᠨ᠎ᠠ ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ ᠂ ᠨᠥᠬᠦᠴᠡᠯ ᠳᠤ ᠨᠡᠶᠢᠴᠡᠬᠦ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠨᠢ ᠲᠣᠭᠲᠠᠭᠰᠠᠨ ᠲᠣᠭᠠᠨ ᠤ ᠲᠤᠰᠠᠯᠠᠮᠵᠢ ᠭᠥᠷᠳᠡᠵᠦ ᠪᠠᠶᠢᠭ᠎ᠠ ᠨᠢ ᠳᠠᠷᠤᠢ ︽ᠬᠡᠰᠡᠭ ᠰᠦᠢᠳᠬᠡᠯ ᠢ ᠲᠤᠰᠢᠶᠠᠵᠤ︾ ᠪᠠᠶᠢᠭ᠎ᠠ ᠶᠠᠪᠤᠳᠠᠯ ᠪᠣᠯᠤᠨ᠎ᠠ ᠃ ᠤᠯᠤᠰ ᠠᠴᠠ ᠡᠮᠴᠢᠯᠡᠭᠡᠨ ᠤ ᠠᠪᠤᠷᠠᠨ ᠲᠤᠰᠠᠯᠠᠬᠤ ᠶᠢᠨ ᠦᠨᠳᠦᠰᠦᠨ ᠪᠠᠶᠢᠳᠠᠯ ᠢ ᠪᠠᠲᠤᠯᠠᠬᠤ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠂ ᠬᠦᠴᠢᠷᠳᠡᠯᠲᠡᠶ ᠬᠥᠮᠦᠰ ᠤᠨ ᠳᠠᠭᠠᠳᠬᠠᠯ ᠳᠤ ᠣᠷᠣᠯᠴᠠᠬᠤ ᠳᠤ ᠦᠨᠡᠨ ᠬᠦ ᠪᠠᠲᠤᠯᠠᠭ᠎ᠠ ᠣᠯᠭᠤᠪᠠ ᠃  9. ︽ᠵᠢᠯᠣᠭᠤᠳᠬᠤ ᠰᠠᠨᠠᠯ︾ ᠨᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠬᠡᠷᠬᠢᠨ ᠴᠢᠩᠭᠠᠳᠬᠠᠭᠰᠠᠨ ᠪᠣᠶ︖  ᠮᠠᠨ ᠤ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠨᠡᠶᠢᠳᠡᠮ ᠳᠤ ᠪᠠᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠵᠢᠭᠦᠯᠭᠡ ᠶᠢ ᠪᠠᠶᠢᠭᠤᠯᠪᠠ ᠂ ᠨᠢᠭᠡ ᠳᠤ ᠂ ᠡᠭᠦᠳᠡᠨ ᠡᠮᠨᠡᠯᠭᠡ ᠶᠢᠨ ᠤᠳᠠᠭᠠᠨ ᠣᠨᠴᠠ ᠡᠪᠡᠳᠴᠢᠨ ᠤ ᠪᠠᠲᠤᠯᠠᠭ᠎ᠠ ᠂ ᠵᠢᠱᠢᠶᠡᠯᠡᠪᠡᠯ ᠦᠷᠭᠦᠯᠵᠢ ᠲᠣᠬᠢᠶᠠᠯᠳᠤᠳᠠᠭ ᠴᠢᠰᠤᠨ ᠳᠠᠷᠤᠯᠲᠠ ᠥᠨᠳᠥᠷ ᠡᠪᠡᠳᠴᠢᠨ ᠂ ᠰᠢᠬᠢᠷ ᠰᠢᠵᠢᠩ ᠡᠪᠡᠳᠴᠢᠨ ᠵᠢᠴᠢ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠤᠨ ᠵᠠᠰᠠᠯ ᠂ ᠨᠡᠪᠴᠢᠨ ᠵᠠᠳᠠᠯᠤᠯᠲᠠ ᠵᠡᠷᠭᠡ ᠶᠢ ᠳᠠᠭᠠᠳᠬᠠᠯ ᠳᠤ ᠣᠷᠣᠯᠴᠠᠭᠰᠠᠳ ᠵᠥᠪᠬᠡᠨ ᠳᠠᠭᠠᠳᠬᠠᠯ ᠳᠤ ᠣᠷᠣᠯᠴᠠᠬᠤ ᠭᠠᠵᠠᠷ ᠤᠨ ᠢᠶᠠᠨ ᠲᠣᠭᠲᠠᠭᠠᠯ ᠶᠣᠰᠣᠭᠠᠷ ᠡᠭᠦᠳᠡᠨ ᠡᠮᠨᠡᠯᠭᠡ ᠶᠢᠨ ᠤᠳᠠᠭᠠᠨ ᠣᠨᠴᠠ ᠡᠪᠡᠳᠴᠢᠨ ᠤ ᠬᠢᠷᠢ ᠬᠡᠮ ᠢ ᠮᠠᠭᠠᠳᠯᠠᠨ ᠲᠣᠭᠲᠠᠭᠠᠭᠰᠠᠨ ᠤ ᠳᠠᠷᠠᠭ᠎ᠠ ᠡᠳ᠋ᠯᠡᠵᠦ ᠪᠣᠯᠤᠨ᠎ᠠ ᠂ ᠳᠠᠩᠰᠠ ᠲᠠᠶᠢᠯᠬᠤ ᠶᠢ ᠶᠡᠷᠦ ᠳᠤ ᠪᠠᠨ ᠡᠮᠨᠡᠯᠭᠡ ᠳᠤ ᠰᠠᠭᠤᠵᠤ ᠭᠦᠢᠴᠡᠳᠬᠡᠬᠦ ᠪᠠᠷ ᠯᠠᠪᠯᠠᠯᠲᠠ ᠪᠣᠯᠭᠠᠵᠤ ᠪᠣᠯᠤᠨ᠎ᠠ︔ ᠬᠤᠶᠠᠷ ᠲᠤ ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠵᠢᠭᠦᠯᠵᠦ ᠂ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠦᠯᠦᠪᠵᠢᠭᠦᠯᠬᠦ ᠳᠤ ᠵᠠᠷᠤᠳᠠᠯ ᠤᠨ ᠶᠣᠰᠣᠭᠠᠷ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠪᠠᠲᠤᠯᠠᠭ᠎ᠠ ᠬᠢᠵᠦ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠭᠤᠤᠯ ᠪᠣᠯᠬᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ ᠦᠢᠯᠡᠴᠢᠯᠡᠭᠡ ᠥᠷᠨᠢᠭᠦᠯᠵᠦ ᠂ ᠲᠠᠩᠰᠠ ᠲᠠᠶᠢᠯᠬᠤ ᠬᠠᠷᠢᠴᠠᠯ ᠢ 50% ᠠᠴᠠ ᠡᠬᠢᠯᠡᠭᠦᠯᠦᠨ᠎ᠡ ᠃ 2023 ᠣᠨ ᠳᠤ ᠂ ᠪᠥᠬᠦ ᠤᠯᠤᠰ ᠤᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠤᠳᠠᠭᠠᠨ ᠣᠨᠴᠠ ᠡᠪᠡᠳᠴᠢᠨ ᠤ ᠬᠠᠷᠠᠭᠠᠯᠵᠠᠯ ᠢ ᠬᠦᠷᠲᠡᠭᠴᠢ 3.4 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ ᠂ ᠲᠦᠷᠭᠡᠨ ᠡᠮᠨᠡᠭᠦᠯᠬᠦ ᠬᠠᠷᠠᠭᠠᠯᠵᠠᠯ ᠢ ᠬᠦᠷᠲᠡᠭᠴᠢ 20.8 ᠳ᠋ᠦᠩᠰᠢᠭᠤᠷ ᠬᠥᠮᠦᠨ ᠤᠳᠠᠭ᠎ᠠ ᠳᠤ ᠬᠦᠷᠴᠡᠶ ᠃ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠂ ᠪᠢᠳᠡ ᠨᠥᠬᠦᠴᠡᠯ ᠲᠠᠢ ᠭᠠᠵᠠᠷ ᠣᠷᠣᠨ ᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠵᠢᠯ ᠪᠦᠷᠢ ᠶᠢᠨ ᠰᠢᠨ᠎ᠡ ᠪᠠᠷ ᠨᠡᠮᠡᠭᠳᠡᠭᠰᠡᠨ ᠪᠠᠯᠠ ᠴᠤᠭᠯᠠᠭᠤᠯᠬᠤ ᠵᠣᠬᠢᠬᠤ ᠬᠠᠷᠢᠴᠠᠯ ᠢ ᠡᠭᠦᠳᠡᠨ ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠬᠦ ᠶᠢ ᠵᠣᠷᠢᠭᠵᠢᠭᠤᠯᠵᠤ ᠂ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠬᠠᠷᠠᠭᠠᠯᠵᠠᠯ ᠢ ᠳᠡᠭᠡᠭᠰᠢᠯᠡᠭᠦᠯᠦᠨ ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ ᠂ ︽ᠡᠭᠦᠳᠡᠨ ᠡᠮᠨᠡᠯᠭᠡ ᠶᠢᠨ ᠤᠳᠠᠭᠠᠨ ᠣᠨᠴᠠ ᠡᠪᠡᠳᠴᠢᠨ ᠪᠠᠲᠤᠯᠠᠭ᠎ᠠ ᠲᠠᠢ ᠂ ᠡᠭᠦᠳᠡᠨ ᠡᠮᠨᠡᠯᠭᠡ ᠶᠢᠨ ᠡᠮᠴᠢᠯᠡᠭᠡᠨ ᠳᠤ ᠨᠠᠩ ᠰᠠᠨᠠᠭ᠎ᠠ ᠠᠮᠤᠷ ᠪᠠᠶᠢᠬᠤ︾ ᠶᠢ ᠤᠯᠠᠮ ᠨᠢᠭᠡ ᠠᠯᠬᠤᠮ ᠪᠡᠶᠡᠯᠡᠭᠦᠯᠪᠡ ᠃  10. ᠶᠠᠭᠤᠨ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠦᠷᠭᠦᠯᠵᠢᠯᠡᠨ ᠣᠷᠣᠯᠴᠠᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠭᠠᠷᠭᠠᠭᠰᠠᠨ ᠪᠣᠶ︖  ᠠᠵᠢᠯᠲᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠲᠠᠢ ᠬᠠᠷᠢᠴᠠᠭᠤᠯᠪᠠᠯ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠨᠢ ᠠᠯᠪᠠᠳᠠᠯᠭ᠎ᠠ ᠶᠢᠨ ᠪᠤᠰᠤ ᠪᠠᠷ ᠳᠠᠭᠠᠳᠬᠠᠯ ᠳᠤ ᠣᠷᠣᠯᠴᠠᠵᠤ ᠂ ᠪᠠᠶᠢᠭᠤᠯᠤᠭᠳᠠᠭᠰᠠᠨ ᠠᠴᠠ ᠨᠠᠭᠠᠰᠢᠬᠢ ᠤᠷᠮᠠᠰᠢᠭᠤᠯᠬᠤ ᠲᠣᠭᠲᠠᠴᠠ ᠬᠠᠷᠢᠴᠠᠩᠭᠤᠶ ᠪᠠᠷ ᠳᠤᠲᠠᠮᠠᠭ ᠪᠠᠶᠢᠨ᠎ᠠ ᠃ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠂ ᠡᠪᠡᠳᠴᠢᠯᠡᠭᠰᠡᠨ ᠦᠭᠡᠶ ᠂ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠪᠠᠶᠢᠳᠠᠯ ᠭᠠᠷᠤᠭᠰᠠᠨ ᠦᠭᠡᠶ ᠣᠯᠠᠨ ᠲᠦᠮᠡᠨ ᠢ ᠤᠷᠮᠠᠰᠢᠭᠤᠯᠬᠤ ᠲᠥᠷᠥ ᠶᠢᠨ ᠪᠣᠳᠣᠯᠭ᠎ᠠ ᠪᠠᠷ ᠳᠤᠲᠠᠮᠠᠭ ᠪᠠᠶᠢᠨ᠎ᠠ ᠃ ᠲᠣᠰ ᠤᠳᠠᠭᠠᠨ ᠤ ᠪᠢᠴᠢᠭ ᠮᠠᠲ᠋ᠧᠷᠢᠶᠠᠯ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠳᠤᠷᠠᠳᠴᠤ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠬᠡᠷᠡᠭᠵᠢᠭᠦᠯᠦᠨ ᠂ ᠳᠠᠭᠠᠳᠬᠠᠯ ᠳᠤ ᠣᠷᠣᠯᠴᠠᠭᠰᠠᠳ ᠤᠨ ᠥᠪᠡᠷ ᠤᠨ ᠬᠢᠨᠢ ᠡᠷᠡᠭᠦᠯ ᠮᠡᠨᠳᠦ ᠶᠢᠨ ᠬᠠᠮᠢᠶᠠᠷᠤᠯᠲᠠ ᠶᠢ ᠵᠣᠷᠢᠭᠵᠢᠭᠤᠯᠵᠤ ᠂ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠶᠢ ᠵᠣᠷᠢᠭᠵᠢᠭᠤᠯᠤᠨ᠎ᠠ ᠃ ᠲᠣᠳᠣᠷᠬᠠᠶᠢᠯᠠᠬᠤ ᠴᠢᠬᠤᠯᠠᠲᠠᠶ ᠨᠢ ᠂ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠵᠣᠷᠢᠭᠵᠢᠭᠤᠯᠤᠯ ᠪᠠ ᠰᠠᠭᠤᠷᠢ ᠮᠥᠩᠭᠦ ᠶᠢᠨ ᠲᠠᠩᠰᠠ ᠲᠠᠶᠢᠯᠬᠤ ᠤᠷᠮᠠᠰᠢᠭᠤᠯᠤᠯ ᠵᠢᠯ ᠪᠦᠷᠢ ᠲᠣᠰ ᠲᠣᠰ ᠨᠠᠭᠠᠳᠤ ᠵᠠᠬ᠎ᠠ ᠳᠤ ᠪᠠᠨ 1000 ᠲᠥᠭᠦᠷᠢᠭ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠱᠠᠩᠨᠠᠵᠤ ᠂ ᠲᠤᠭ᠎ᠠ ᠬᠡᠮᠵᠢᠶ᠎ᠡ ᠶᠢ ᠵᠢᠯ ᠪᠦᠷᠢ ᠬᠠᠮᠤᠭ ᠤᠨ ᠪᠠᠭ᠎ᠠ ᠳᠤ ᠪᠠᠨ 2000 ᠲᠥᠭᠦᠷᠢᠭ ᠲᠤ ᠬᠦᠷᠭᠡᠵᠦ ᠪᠣᠯᠤᠨ᠎ᠠ ᠃ ︽ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠳ ᠲᠤ ᠱᠠᠩᠨᠠᠯ ᠲᠠᠢ ᠂ ᠨᠢᠭᠡ ᠵᠢᠯ ᠳᠤ ᠬᠤᠶᠠᠷ ᠮᠢᠩᠭ᠎ᠠ ᠢᠯᠡᠭᠦᠦ ᠱᠠᠩᠨᠠᠯ ᠲᠠᠢ ᠪᠠᠶᠢᠵᠤ ᠂ ᠲᠥᠪᠯᠡᠷᠡᠭᠦᠯᠦᠨ ᠳᠠᠭᠠᠳᠬᠠᠯ ᠳᠤ ᠣᠷᠣᠯᠴᠠᠪᠠᠯ ᠵᠠᠪᠰᠢᠶᠠᠨ ᠢ ᠠᠯᠳᠠᠵᠤ ᠪᠣᠯᠬᠤ ᠦᠭᠡᠢ ᠂ ᠵᠠᠪᠰᠢᠶᠠᠨ ᠢ ᠠᠯᠳᠠᠪᠠᠯ ᠱᠠᠩᠨᠠᠯ ᠢ ᠠᠯᠳᠠᠭᠰᠠᠨ ᠭᠡᠵᠦ ᠬᠡᠯᠡᠵᠦ ᠪᠣᠯᠤᠨ᠎ᠠ ᠂ ᠳᠠᠭᠠᠳᠬᠠᠯ ᠤᠨ ᠮᠥᠩᠭᠦ ᠶᠢ ᠨᠢ ᠲᠠᠰᠤᠯᠪᠠᠯ ᠳᠠᠬᠢᠭᠠᠳ ᠦᠷᠭᠦᠯᠵᠢᠯᠡᠨ ᠬᠤᠪᠢᠶᠠᠷᠢᠯᠠᠵᠤ ᠳᠡᠶᠢᠯᠬᠦ ᠦᠭᠡᠢ ᠂ ᠨᠥᠬᠦᠵᠦ ᠲᠤᠰᠢᠶᠠᠭᠠᠳ ᠪᠠᠰᠠ ᠬᠦᠯᠢᠶᠡᠨ᠎ᠡ︾ ᠭᠡᠵᠦ ᠬᠡᠯᠡᠵᠦ ᠪᠣᠯᠣᠨ᠎ᠠ ᠃  11.ᠰᠠᠭᠤᠷᠢ ᠮᠥᠩᠭᠦ ᠶᠢᠨ ᠲᠡᠭ ᠳᠠᠩᠰᠠ ᠲᠠᠶᠢᠯᠬᠤ ᠵᠣᠷᠢᠭᠵᠢᠭᠤᠯᠤᠯ ᠨᠢ ᠲᠤᠬᠠᠢ ᠶᠢᠨ ᠵᠢᠯ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠦᠭᠡᠢ ᠶᠤᠮ ᠤᠤ ᠡᠰᠡᠬᠦᠯ᠎ᠡ ᠬᠡᠲᠦᠷᠬᠡᠢ ᠬᠦᠨᠳᠦ ᠡᠪᠡᠳᠴᠢᠨ ᠤ ᠲᠠᠩᠰᠠ ᠲᠠᠶᠢᠯᠬᠤ ᠶᠢ ᠬᠡᠷᠡᠭᠯᠡᠭᠰᠡᠨ ᠦᠭᠡᠢ ᠶᠤᠮ ᠤᠤ︖  ᠵᠢᠯᠣᠭᠤᠳᠬᠤ ᠰᠠᠨᠠᠯ ᠳᠤ ᠳᠤᠷᠠᠳᠤᠭᠰᠠᠨ ᠨᠢ ᠂ ᠰᠠᠭᠤᠷᠢ ᠮᠥᠩᠭᠦ ᠶᠢᠨ ᠲᠡᠭ ᠲᠠᠩᠰᠠ ᠲᠠᠶᠢᠯᠬᠤ ᠵᠣᠷᠢᠭᠵᠢᠭᠤᠯᠤᠯ ᠲᠠᠢ ᠪᠠᠶᠢᠵᠤ ᠂ ᠲᠣᠰ ᠵᠢᠯ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠵᠦ ᠥᠩᠭᠡᠷᠡᠭᠰᠡᠨ ᠥᠬᠡᠶ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠲᠤᠬᠠᠶᠢᠯᠠᠪᠠᠯ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠵᠦ ᠥᠩᠭᠡᠷᠡᠭᠰᠡᠨ ᠥᠬᠡᠶ ᠂ ᠡᠭᠦᠳᠡᠨ ᠡᠮᠨᠡᠯᠭᠡ ᠂ ᠡᠮᠨᠡᠯᠭᠡ ᠳᠤ ᠰᠠᠭᠤᠬᠤ ᠶᠢ ᠪᠠᠭᠲᠠᠭᠠᠭᠰᠠᠨ ᠪᠣᠶ ᠪᠥᠬᠦᠶ ᠡᠮᠴᠢᠯᠡᠭᠡᠨ ᠤ ᠵᠠᠷᠤᠳᠠᠯ ᠢ ᠪᠠᠭᠲᠠᠭᠠᠭᠰᠠᠨ ᠪᠠᠶᠢᠪᠠᠯ ᠰᠠᠶ᠋ᠢ ᠲᠠᠷᠠᠭᠠᠴᠢ ᠶᠢᠨ ᠵᠢᠯ ᠳᠤ ᠲᠠᠩᠰᠠ ᠲᠠᠶᠢᠯᠬᠤ ᠵᠣᠷᠢᠭᠵᠢᠭᠤᠯᠤᠯ ᠢ ᠭᠥᠷᠳᠡᠵᠦ ᠪᠣᠯᠤᠨ᠎ᠠ ᠃ ᠰᠠᠭᠤᠷᠢ ᠮᠥᠩᠭᠦ ᠶᠢᠨ ᠲᠡᠭ ᠳᠠᠩᠰᠠ ᠲᠠᠶᠢᠯᠬᠤ ᠵᠣᠷᠢᠭᠵᠢᠭᠤᠯᠤᠯ ᠢ ᠵᠢᠯ ᠪᠦᠷᠢ 1000 ᠲᠥᠭᠦᠷᠢᠭ ᠠᠴᠠ ᠳᠣᠤᠷ᠎ᠠ ᠪᠠᠶᠢᠯᠭᠠᠬᠤ ᠦᠭᠡᠶ ᠬᠦᠨᠳᠦ ᠡᠪᠡᠳᠴᠢᠨ ᠤ ᠳᠠᠭᠠᠳᠬᠠᠯ ᠤᠨ ᠱᠠᠩᠨᠠᠬᠤ ᠲᠤᠭ᠎ᠠ ᠬᠡᠮᠵᠢᠶ᠎ᠡ ᠶᠢ ᠬᠦᠷᠲᠡᠭᠡᠵᠦ ᠪᠣᠯᠤᠨ᠎ᠠ ᠂ ᠡᠯ᠎ᠡ ᠭᠠᠵᠠᠷ ᠤᠨ ᠬᠢᠨ ᠲᠤᠬᠠᠶ ᠶᠢᠨ ᠭᠠᠵᠠᠷ ᠤᠨ ᠪᠠᠶᠢᠳᠠᠯ ᠢᠶᠠᠨ ᠦᠨᠳᠦᠰᠦᠯᠡᠨ ᠱᠠᠩᠨᠠᠬᠤ ᠲᠤᠭ᠎ᠠ ᠬᠡᠮᠵᠢᠶ᠎ᠡ ᠪᠠᠨ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ ᠃  12. ᠶᠠᠭᠤᠨ ᠳᠤ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠵᠣᠷᠢᠭᠵᠢᠭᠤᠯᠤᠯ ᠂ ᠰᠠᠭᠤᠷᠢ ᠮᠥᠩᠭᠦ ᠶᠢᠨ ᠲᠡᠭ ᠳᠠᠩᠰᠠ ᠲᠠᠶᠢᠯᠬᠤ ᠵᠣᠷᠢᠭᠵᠢᠭᠤᠯᠤᠯ ᠤᠨ ᠱᠠᠩᠨᠠᠯ ᠨᠢ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠲᠤᠰᠢᠶᠠᠬᠤ ᠬᠢᠵᠠᠭᠠᠷ ᠲᠤᠭ᠎ᠠ ᠪᠤᠢ︖  ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠠᠪᠴᠤ ᠬᠡᠯᠡᠪᠡᠯ ᠂ ᠬᠦᠨᠳᠦ ᠡᠪᠡᠳᠴᠢᠨ ᠨᠢ ᠠᠮᠠᠷᠬᠠᠨ ᠡᠪᠡᠳᠴᠢᠨ ᠠᠴᠠ ᠪᠣᠯᠵᠤ ᠶᠠᠳᠠᠭᠤᠷᠠᠬᠤ ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠳᠠᠭ ᠃ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠂ ᠰᠠᠭᠤᠷᠢ ᠮᠥᠩᠭᠦ ᠶᠢᠨ ᠳᠠᠩᠰᠠ ᠲᠠᠶᠢᠯᠬᠤ ᠦᠭᠡᠢ ᠯᠡ ᠶᠤᠮ ᠪᠣᠯ ᠵᠢᠯ ᠪᠦᠷᠢ ᠨᠡᠮᠡᠭᠳᠡᠯ ᠤᠨ ᠳᠠᠷᠠᠭᠠᠬᠢ ᠰᠢᠨ᠎ᠡ ᠬᠦᠨᠳᠦ ᠡᠪᠡᠳᠴᠢᠨ ᠤ ᠳᠠᠭᠠᠳᠬᠠᠯ ᠤᠨ ᠲᠤᠭ᠎ᠠ ᠬᠡᠮᠵᠢᠶ᠎ᠡ ᠶᠢ ᠭᠥᠷᠳᠡᠵᠦ ᠪᠣᠯᠤᠨ᠎ᠠ ᠂ ᠳᠠᠷᠤᠢ ᠵᠢᠯ ᠪᠦᠷᠢ ᠢᠯᠡᠭᠦᠴᠡ 2000 ᠲᠥᠭᠦᠷᠢᠭ ᠠᠴᠠ ᠬᠡᠲᠦᠷᠡᠭᠰᠡᠨ ᠬᠦᠨᠳᠦ ᠡᠪᠡᠳᠴᠢᠨ ᠤ ᠳᠠᠭᠠᠳᠬᠠᠯ ᠤᠨ ᠪᠠᠲᠤᠯᠠᠭ᠎ᠠ ᠶᠢᠨ ᠲᠤᠭ᠎ᠠ ᠬᠡᠮᠵᠢᠶ᠎ᠡ ᠲᠠᠢ ᠲᠡᠩᠴᠡᠨ᠎ᠡ ᠃ ᠬᠦᠨᠳᠦ ᠡᠪᠡᠳᠴᠢᠨ ᠤ ᠳᠠᠭᠠᠳᠬᠠᠯ ᠤᠨ ᠱᠠᠩᠨᠠᠯ ᠤᠨ ᠲᠤᠭ᠎ᠠ ᠬᠡᠮᠵᠢᠶ᠎ᠡ ᠶᠢ ᠬᠡᠷᠡᠭᠯᠡᠭᠰᠡᠨ ᠤ ᠳᠠᠷᠠᠭ᠎ᠠ ᠂ ᠲᠡᠭ ᠲᠠᠩᠰᠠ ᠲᠠᠶᠢᠯᠬᠤ ᠵᠣᠷᠢᠭᠵᠢᠭᠤᠯᠤᠯ ᠤᠨ ᠲᠤᠭ᠎ᠠ ᠬᠡᠮᠵᠢᠶ᠎ᠡ ᠰᠠᠶ᠋ᠢ ᠲᠡᠭ ᠪᠣᠯᠵᠤ ᠂ ᠳᠠᠬᠢᠨ ᠪᠣᠳᠣᠯᠲᠠ ᠡᠬᠢᠯᠡᠬᠦ ᠪᠣᠯᠤᠨ᠎ᠠ ᠃  13. ᠱᠠᠩᠨᠠᠯ ᠤᠨ ᠲᠤᠭ᠎ᠠ ᠬᠡᠮᠵᠢᠶ᠎ᠡ ᠲᠡᠭ ᠪᠣᠯᠬᠤ ᠦᠶ᠎ᠡ ᠳᠤ ᠂ ᠪᠣᠶ ᠪᠥᠬᠦᠶ ᠱᠠᠩᠨᠠᠯ ᠤᠨ ᠲᠤᠭ᠎ᠠ ᠬᠡᠮᠵᠢᠶ᠎ᠡ ᠳᠤ ᠪᠦᠷ ᠴᠢᠭᠯᠡᠭᠦᠯᠦᠭᠰᠡᠨ ᠤᠤ︖  ᠬᠦᠨᠳᠦ ᠡᠪᠡᠳᠴᠢᠨ ᠤ ᠳᠠᠭᠠᠳᠬᠠᠯ ᠤᠨ ᠱᠠᠩᠨᠠᠯ ᠤᠨ ᠲᠤᠭ᠎ᠠ ᠬᠡᠮᠵᠢᠶ᠎ᠡ ᠶᠢ ᠬᠡᠷᠡᠭᠯᠡᠭᠰᠡᠨ ᠤ ᠳᠠᠷᠠᠭ᠎ᠠ ᠂ ᠵᠥᠪᠬᠡᠨ ᠲᠡᠭ ᠲᠠᠩᠰᠠ ᠲᠠᠶᠢᠯᠬᠤ ᠱᠠᠩᠨᠠᠯ ᠤᠨ ᠲᠤᠭ᠎ᠠ ᠬᠡᠮᠵᠢᠶ᠎ᠡ ᠶᠢ ᠴᠡᠪᠡᠷᠯᠡᠵᠦ ᠂ ᠦᠷᠭᠦᠯᠵᠢᠯᠡᠨ ᠳᠠᠭᠠᠳᠬᠠᠯ ᠳᠤ ᠣᠷᠣᠯᠴᠠᠬᠤ ᠵᠣᠷᠢᠭᠵᠢᠭᠤᠯᠤᠯ ᠳᠤ ᠴᠢᠭᠯᠡᠭᠦᠯᠦᠭᠡ ᠥᠬᠡᠶ ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠪᠥᠭᠡᠳ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠨᠢ 4 ᠵᠢᠯ ᠪᠣᠯᠪᠠᠯ ᠵᠠᠯᠭᠠᠭ᠎ᠠ ᠪᠠᠷ ᠳᠠᠭᠠᠳᠬᠠᠯ ᠳᠤ ᠣᠷᠣᠯᠴᠠᠬᠤ ᠡᠨᠡ ᠬᠦ ᠵᠣᠷᠢᠭᠵᠢᠭᠤᠯᠤᠯ ᠢ ᠭᠥᠷᠳᠡᠭᠰᠡᠭᠡᠷ ᠪᠠᠶᠢᠬᠤ ᠪᠣᠯᠣᠨ᠎ᠠ ᠃ ᠬᠡᠷᠪᠡ ᠳᠠᠭᠠᠳᠬᠠᠯ ᠳᠤ ᠣᠷᠣᠯᠴᠠᠭᠰᠠᠨ ᠢᠶᠠᠨ ᠲᠠᠰᠤᠯᠳᠠᠭᠤᠯᠪᠠᠯ ᠂ ᠡᠮᠦᠨᠡᠬᠢ ᠬᠤᠭᠤᠴᠠᠭᠠᠨ ᠤ ᠦᠷᠭᠦᠯᠵᠢᠯᠡᠨ ᠳᠠᠭᠠᠳᠬᠠᠯ ᠳᠤ ᠣᠷᠣᠯᠴᠠᠵᠤ ᠬᠤᠷᠠᠮᠳᠤᠭᠤᠯᠤᠭᠰᠠᠨ ᠣᠨ ᠵᠢᠯ ᠢ ᠠᠶᠠᠨᠳᠠᠭᠠᠨ ᠴᠡᠪᠡᠷᠯᠡᠵᠦ ᠂ ᠳᠠᠬᠢᠭᠠᠳ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠳᠤ ᠣᠨ ᠵᠢᠯ ᠢ ᠳᠠᠬᠢᠨ ᠪᠣᠳᠣᠨ᠎ᠠ ᠃ ᠡᠮᠦᠨᠡᠬᠢ ᠬᠤᠭᠤᠴᠠᠭᠠᠨ ᠤ ᠬᠤᠷᠠᠮᠳᠤᠭᠤᠯᠤᠭᠰᠠᠨ ᠱᠠᠩᠨᠠᠯ ᠤᠨ ᠲᠤᠭ᠎ᠠ ᠬᠡᠮᠵᠢᠶ᠎ᠡ ᠶᠢ ᠦᠷᠭᠦᠯᠵᠢᠯᠡᠨ ᠦᠯᠡᠳᠡᠭᠡᠨ᠎ᠡ ᠃  ᠵᠢᠯᠣᠭᠤᠳᠬᠤ ᠰᠠᠨᠠᠯ ᠤᠨ ᠵᠣᠷᠢᠭ ᠰᠠᠨᠠᠭ᠎ᠠ ᠶᠢ ᠦᠨᠳᠦᠰᠦᠯᠡᠨ ᠂ ᠬᠡᠷᠪᠡ ᠲᠤᠬᠠᠶ ᠶᠢᠨ ᠵᠢᠯ ᠳᠤ ᠬᠦᠨᠳᠦ ᠡᠪᠡᠳᠴᠢᠯᠡᠭᠡᠳ ᠳᠠᠩᠰᠠ ᠲᠠᠶᠢᠯᠤᠭᠰᠠᠨ ᠪᠥᠭᠡᠳ ᠱᠠᠩᠨᠠᠯ ᠣᠯᠭᠤᠬᠤ ᠲᠤᠭ᠎ᠠ ᠬᠡᠮᠵᠢᠶ᠎ᠡ ᠶᠢ ᠬᠡᠷᠡᠭᠯᠡᠭᠰᠡᠨ ᠪᠠᠶᠢᠪᠠᠯ ᠂ ᠡᠮᠦᠨᠡᠬᠢ ᠬᠤᠭᠤᠴᠠᠭᠠᠨ ᠤ ᠬᠤᠷᠠᠮᠳᠤᠭᠤᠯᠤᠭᠰᠠᠨ ᠲᠡᠭ ᠳᠠᠩᠰᠠ ᠲᠠᠶᠢᠯᠬᠤ ᠱᠠᠩᠨᠠᠯ ᠤᠨ ᠲᠤᠭ᠎ᠠ ᠬᠡᠮᠵᠢᠶ᠎ᠡ ᠴᠡᠪᠡᠷᠯᠡᠭᠳᠡᠵᠦ ᠂ ᠲᠡᠭ ᠳᠠᠩᠰᠠ ᠲᠠᠶᠢᠯᠬᠤ ᠱᠠᠩᠨᠠᠯ ᠤᠨ ᠲᠤᠭ᠎ᠠ ᠬᠡᠮᠵᠢᠶ᠎ᠡ ᠶᠢ ᠬᠤᠶᠠᠳᠤᠭᠠᠷ ᠵᠢᠯ ᠠᠴᠠ ᠡᠬᠢᠯᠡᠵᠦ ᠰᠢᠨ᠎ᠡ ᠪᠠᠷ ᠪᠣᠳᠣᠨ᠎ᠠ ᠃  14. ᠶᠠᠭᠤᠨ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪᠯᠡᠷᠡᠩᠭᠦᠢ ᠪᠣᠰᠤ ᠲᠤᠰᠢᠶᠠᠬᠤ ᠰᠦᠢᠳᠬᠡᠯ ᠲᠤᠰᠢᠶᠠᠬᠤ ᠪᠠ ᠲᠤᠰᠢᠶᠠᠬᠤ ᠪᠠᠨ ᠲᠠᠰᠤᠯᠳᠠᠭᠤᠯᠤᠭᠰᠠᠨ ᠬᠥᠮᠦᠰ ᠤᠨ ᠬᠦᠯᠢᠶᠡᠬᠦ ᠬᠤᠭᠤᠴᠠᠭ᠎ᠠ ᠶᠢ ᠲᠤᠰᠬᠠᠶᠢᠯᠠᠨ ᠲᠣᠭᠲᠠᠭᠠᠬᠤ ᠪᠣᠶ︖  ᠡᠮᠴᠢᠯᠡᠭᠡᠨ ᠤ ᠳᠠᠭᠠᠳᠬᠠᠯ ᠤᠨ ᠳᠦᠷᠢᠮ ᠢ ᠲᠣᠬᠢᠷᠠᠭᠤᠯᠬᠤ ᠬᠠᠷᠠᠭᠠᠯᠵᠠᠯ ᠢ ᠬᠦᠯᠢᠶᠡᠬᠦ ᠬᠤᠭᠤᠴᠠᠭ᠎ᠠ ᠨᠢ ᠮᠠᠨ ᠤ ᠤᠯᠤᠰ ᠤᠨ ᠤᠯᠤᠰ ᠤᠨ ᠪᠠᠶᠢᠳᠠᠯ ᠤᠨ ᠱᠠᠭᠠᠷᠳᠠᠯᠭ᠎ᠠ ᠳᠤ ᠵᠣᠬᠢᠴᠠᠨ᠎ᠠ ᠃ ᠮᠠᠰᠢ ᠣᠯᠠᠨ ᠤᠯᠤᠰ ᠤᠨ ᠨᠡᠶᠢᠭᠡᠮ ᠤᠨ ᠳᠠᠭᠠᠳᠬᠠᠯ ᠤᠨ ᠠᠯᠪᠠᠳᠠᠯᠭ᠎ᠠ ᠪᠠᠷ ᠳᠠᠭᠠᠳᠬᠠᠯ ᠳᠤ ᠣᠷᠣᠯᠴᠠᠬᠤ ᠲᠠᠢ ᠠᠳᠠᠯᠢ ᠦᠭᠡᠶ ᠪᠠᠶᠢᠨ᠎ᠠ ᠃ ᠬᠡᠷᠪᠡ ᠴᠢᠬᠤᠯᠠ ᠪᠦᠬᠦᠢ ᠬᠠᠮᠠᠭᠠᠯᠠᠬᠤ ᠠᠷᠭ᠎ᠠ ᠬᠡᠮᠵᠢᠶ᠎ᠡ ᠠᠪᠬᠤ ᠦᠭᠡᠢ ᠪᠣᠯ ᠬᠡᠰᠡᠭ ᠬᠥᠮᠦᠰ ᠰᠣᠩᠭᠤᠯᠲᠠ ᠲᠠᠢ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠨ᠎ᠠ ᠂ ᠡᠷᠡᠭᠦᠯ ᠰᠠᠷᠠᠭᠤᠯ ᠪᠠᠶᠢᠬᠤ ᠦᠶ᠎ᠡ ᠳᠤ ᠪᠠᠨ ᠳᠠᠭᠠᠳᠬᠠᠯ ᠳᠤ ᠣᠷᠣᠯᠴᠠᠬᠤ ᠦᠭᠡᠢ ᠰᠦᠢᠳᠬᠡᠯ ᠲᠤᠰᠢᠶᠠᠬᠤ ᠦᠭᠡᠢ ᠬᠤᠪᠢ ᠨᠡᠮᠡᠷᠢ ᠦᠵᠡᠭᠦᠯᠬᠦ ᠦᠭᠡᠢ ᠪᠠᠶᠢᠵᠤ ᠂ ᠡᠪᠡᠳᠴᠢᠯᠡᠬᠦ ᠦᠶ᠎ᠡ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠨ ᠪᠤᠰᠤᠳ ᠤᠨ ᠬᠤᠪᠢ ᠨᠡᠮᠡᠷᠢ ᠶᠢ ᠡᠳ᠋ᠯᠡᠨ᠎ᠡ ᠂ ᠡᠨᠡ ᠨᠢ ᠪᠤᠰᠤᠳ ᠳᠠᠭᠠᠳᠬᠠᠯ ᠳᠤ ᠣᠷᠣᠯᠴᠠᠭᠰᠠᠨ ᠤᠯᠠᠨ ᠲᠦᠮᠡᠨ ᠳᠤ ᠠᠪᠴᠤ ᠬᠡᠯᠡᠪᠡᠯ ᠲᠦᠢᠯ ᠤᠨ ᠲᠥᠪ ᠭᠤᠣᠯᠴᠢ ᠪᠤᠰᠤ ᠶᠤᠮ ᠃ ᠥᠪᠡᠷᠲᠡᠭᠡᠨ ᠡᠪᠡᠳᠴᠢᠯᠡᠭᠡᠳ ᠳᠠᠬᠢᠨ ᠳᠠᠭᠠᠳᠬᠠᠯ ᠳᠤ ᠣᠷᠣᠯᠴᠠᠨ ᠬᠡᠳᠦᠨ ᠵᠠᠭᠤᠨ ᠲᠥᠭᠦᠷᠢᠭ ᠤᠨ ᠰᠦᠢᠳᠭᠡᠯ ᠲᠤᠰᠢᠶᠠᠵᠤ ᠂ ᠳᠤᠮᠳᠠᠴᠢ ᠪᠠᠷ 4437 ᠲᠥᠭᠦᠷᠢᠭ ᠤᠨ ᠳᠠᠩᠰᠠ ᠲᠠᠶᠢᠯᠵᠤ ᠂ ᠨᠢᠭᠡ ᠬᠥᠮᠦᠨ ᠨᠢᠭᠡ ᠤᠳᠠᠭ᠎ᠠ ᠡᠮᠨᠡᠯᠭᠡ ᠳᠤ ᠰᠠᠭᠤᠭᠰᠠᠨ ᠨᠢ ᠪᠤᠰᠤᠳ 10 ᠭᠠᠷᠤᠢ ᠬᠥᠮᠦᠨ ᠢ ᠬᠤᠨᠵᠢᠵᠤ ᠂ ᠪᠦᠬᠦ ᠳᠠᠭᠠᠳᠬᠠᠯ ᠳᠤ ᠣᠷᠣᠯᠴᠠᠭᠰᠠᠳ ᠤᠨ ᠡᠷᠬᠡ ᠠᠰᠢᠭ ᠢ ᠬᠦᠨᠳᠦ ᠨᠣᠴᠢᠲᠠᠢ ᠬᠤᠬᠢᠷᠠᠭᠤᠯᠵᠤ ᠪᠠᠶᠢᠭ᠎ᠠ ᠶᠢ ᠬᠠᠷᠠᠭᠤᠯᠵᠤ ᠪᠠᠶᠢᠨ᠎ᠠ ᠃ ᠡᠶᠢᠮᠦ ᠠᠴᠠ ᠲᠦᠷᠢᠮ ᠤᠨ ᠣᠷᠳᠣ ᠬᠤᠭᠤᠴᠠᠭ᠎ᠠ ᠪᠠᠷ ᠦᠷᠭᠦᠯᠵᠢᠯᠡᠬᠦ ᠶᠢ ᠪᠣᠳᠣᠯᠬᠢᠯᠠᠨ ᠂ ᠲᠤᠰᠢᠶᠠᠬᠤ ᠪᠠᠨ ᠲᠠᠰᠤᠯᠳᠠᠭᠤᠯᠤᠭᠰᠠᠨ ᠬᠥᠮᠦᠰ ᠪᠠ ᠬᠤᠭᠤᠴᠠᠭ᠎ᠠ ᠶᠣᠰᠣᠭᠠᠷ ᠳᠠᠭᠠᠳᠬᠠᠯ ᠳᠤ ᠣᠷᠣᠯᠴᠠᠭᠰᠠᠨ ᠥᠬᠡᠶ ᠬᠥᠮᠦᠰ ᠲᠤ ᠣᠯᠭᠤᠮᠵᠢ ᠬᠦᠯᠢᠶᠡᠬᠦ ᠬᠤᠭᠤᠴᠠᠭ᠎ᠠ ᠲᠣᠭᠲᠠᠭᠠᠬᠤ ᠴᠢᠬᠤᠯᠠ ᠲᠠᠢ ᠂ ᠬᠦᠯᠢᠶᠡᠬᠦ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠳᠠᠭᠠᠳᠬᠠᠯ ᠠᠴᠠ ᠲᠠᠩᠰᠠ ᠲᠠᠶᠢᠯᠬᠤ ᠥᠬᠡᠶ ᠃ ᠡᠨᠡ ᠬᠦ ᠲᠣᠭᠲᠠᠭᠠᠯ ᠨᠢ ᠥᠷᠭᠡᠨ ᠳᠡᠯᠭᠡᠷ ᠦᠢᠯᠡᠳᠦᠯᠭᠡ ᠶᠢᠨ ᠰᠠᠭᠤᠷᠢ ᠲᠠᠢ ᠪᠠᠶᠢᠵᠤ ᠂ ᠣᠯᠠᠩᠬᠢ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠨᠢ ᠨᠢᠭᠡᠨᠲᠡ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠦᠢᠯᠡᠳᠦᠯᠭᠡ ᠳᠤᠮᠳᠠ ᠲᠤᠰᠢᠶᠠᠬᠤ ᠪᠠᠨ ᠲᠠᠰᠤᠯᠳᠠᠭᠤᠯᠤᠭᠰᠠᠨ ᠬᠥᠮᠦᠰ ᠪᠠ ᠳᠠᠭᠠᠳᠬᠠᠯ ᠳᠤ ᠣᠷᠣᠯᠴᠠᠭᠰᠠᠨ ᠬᠤᠭᠤᠴᠠᠭ᠎ᠠ ᠶᠢ ᠲᠥᠪᠯᠡᠷᠡᠭᠦᠯᠦᠨ ᠲᠤᠰᠢᠶᠠᠭᠰᠠᠨ ᠥᠬᠡᠶ ᠬᠥᠮᠦᠰ ᠲᠤ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠲᠣᠬᠢᠷᠠᠭᠤᠯᠪᠠ ᠃  15. ᠶᠠᠭᠤᠨ ᠳᠤ ᠳᠠᠭᠠᠳᠬᠠᠯ ᠢᠶᠠᠨ ᠲᠠᠰᠤᠯᠳᠠᠭᠤᠯᠤᠭᠰᠠᠨ ᠤ ᠳᠠᠷᠠᠭ᠎ᠠ ᠳᠠᠬᠢᠨ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠵᠠᠰᠠᠨ ᠰᠡᠷᠭᠦᠭᠡᠬᠦ ᠶᠢ ᠵᠥᠪᠰᠢᠶᠡᠷᠡᠬᠦ ᠥᠬᠡᠶ ᠪᠣᠶ︖  ᠬᠡᠷᠪᠡ ᠲᠣᠭᠲᠠᠮᠠᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠶᠢ ᠰᠡᠷᠭᠦᠭᠡᠵᠦ ᠳᠡᠶᠢᠯᠪᠡᠯ ᠡᠪᠡᠳᠴᠢᠯᠡᠭᠰᠡᠨ ᠤ ᠳᠠᠷᠠᠭ᠎ᠠ ᠳᠠᠬᠢᠨ ᠰᠦᠢᠳᠬᠡᠯ ᠲᠤᠰᠢᠶᠠᠬᠤ ᠶᠢ ᠵᠥᠪᠰᠢᠶᠡᠷᠡᠬᠦ ᠲᠠᠢ ᠲᠡᠩᠴᠡᠨ᠎ᠡ ᠂ ᠰᠦᠢᠳᠬᠡᠯ ᠲᠤᠰᠢᠶᠠᠭᠰᠠᠨ ᠤ ᠳᠠᠷᠠᠭ᠎ᠠ ᠳᠠᠷᠤᠶ ᠳᠠᠷᠦ᠋ᠢᠬᠠᠨ ᠬᠠᠷᠠᠭᠠᠯᠵᠠᠯ ᠬᠦᠷᠲᠡᠵᠦ ᠪᠣᠯᠤᠨ᠎ᠠ ᠂ ᠢᠩᠭᠢᠪᠡᠯ ᠰᠣᠩᠭᠤᠯᠲᠠ ᠶᠢᠨ ᠴᠢᠨᠠᠷᠲᠠᠶ ᠳᠠᠭᠠᠳᠬᠠᠯ ᠳᠤ ᠣᠷᠣᠯᠴᠠᠬᠤ ᠲᠦᠭᠰᠢᠭᠦᠷᠢ ᠶᠢ ᠨᠡᠮᠡᠭᠳᠡᠭᠦᠯᠵᠦ ᠂ ᠳᠠᠭᠠᠳᠬᠠᠯ ᠳᠤ ᠣᠷᠣᠯᠴᠠᠬᠤ ᠣᠯᠠᠨ ᠲᠦᠮᠡᠨ ᠳᠤ ᠥᠪᠡᠷ ᠤᠨ ᠡᠷᠡᠭᠦᠯ ᠮᠡᠨᠳᠦ ᠶᠢᠨ ᠪᠠᠶᠢᠳᠠᠯ ᠤᠨ ᠮᠡᠳᠡᠭᠡ ᠵᠠᠩᠭᠢ ᠶᠢᠨ ᠳᠠᠪᠠᠭᠤᠯᠢᠭ ᠢᠶᠠᠨ ᠠᠰᠢᠭᠯᠠᠭᠤᠯᠵᠤ ᠂ ᠪᠤᠰᠤᠳ ᠤᠨ ᠰᠦᠢᠳᠬᠡᠯ ᠲᠤᠰᠢᠶᠠᠬᠤ ᠳᠤ ᠥᠪᠡᠷ ᠤᠨ ᠬᠤᠪᠢ ᠨᠡᠮᠡᠷᠢ ᠪᠠᠨ ᠬᠦᠷᠲᠡᠭᠡᠨ᠎ᠡ ᠂ ᠡᠨᠡ ᠨᠢ ᠵᠣᠩᠬᠢᠯᠠᠬᠤ ᠣᠯᠠᠨ ᠲᠣᠭᠠᠨ ᠤ ᠲᠣᠭᠲᠠᠭᠠᠯ ᠢ ᠵᠢᠷᠤᠮᠯᠠᠵᠤ ᠂ ᠬᠡᠪ ᠤᠨ ᠶᠣᠰᠣᠭᠠᠷ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠳ ᠲᠤ ᠠᠪᠴᠤ ᠬᠡᠯᠡᠪᠡᠯ ᠲᠦᠢᠯ ᠤᠨ ᠲᠥᠪ ᠭᠤᠤᠯᠴᠢ ᠪᠤᠰᠤ ᠶᠤᠮ ᠃ ᠬᠡᠷᠪᠡ ᠱᠠᠩᠨᠠᠯᠲᠤ ᠰᠤᠭᠤᠯᠤᠭ᠎ᠠ ᠶᠢ ᠱᠠᠩᠨᠠᠭᠰᠠᠨ ᠤ ᠳᠠᠷᠠᠭ᠎ᠠ ᠦᠷᠭᠦᠯᠵᠢᠯᠡᠨ ᠲᠤᠰ ᠬᠤᠭᠤᠴᠠᠭᠠᠨ ᠤ ᠱᠠᠩᠨᠠᠯᠲᠤ ᠰᠤᠭᠤᠯᠤᠭ᠎ᠠ ᠶᠢ ᠬᠤᠳᠠᠯᠳᠤᠨ ᠠᠪᠬᠤ ᠶᠢ ᠵᠥᠪᠰᠢᠶᠡᠷᠡᠪᠡᠯ ᠨᠢᠭᠡᠨ ᠲᠣᠭᠲᠠᠭᠠᠯᠲᠤ ᠪᠤᠰᠤ ᠴᠢᠨᠠᠷᠲᠠᠢ ᠶᠠᠪᠤᠳᠠᠯ ᠢ ᠲᠣᠭᠲᠠᠭᠠᠯᠲᠤ ᠴᠢᠨᠠᠷᠲᠠᠢ ᠶᠠᠪᠤᠳᠠᠯ ᠪᠣᠯᠭᠠᠨ ᠬᠤᠪᠢᠷᠠᠭᠤᠯᠬᠤ ᠳᠤ ᠬᠦᠷᠪᠡᠯ ᠂ ᠤᠷᠢᠳ ᠢᠶᠠᠷ ᠬᠤᠳᠠᠯᠳᠤᠨ ᠠᠪᠤᠭᠴᠢ ᠨᠢ ᠪᠦᠷ ᠴᠢᠳᠠᠪᠤᠷᠢᠲᠠᠨ ᠪᠣᠯᠵᠤ ᠂ ᠳᠠᠷᠠᠭ᠎ᠠ ᠨᠢ ᠬᠤᠳᠠᠯᠳᠤᠨ ᠠᠪᠤᠭᠴᠢ ᠨᠢ ᠪᠦᠷ ᠠᠰᠢᠭ ᠬᠦᠷᠲᠡᠭᠴᠢ ᠪᠣᠯᠤᠨ᠎ᠠ ᠂ ᠡᠨᠡ ᠬᠦ ᠬᠡᠪ ᠵᠠᠭᠪᠤᠷ ᠨᠢ ᠠᠵᠢᠯᠯᠠᠵᠤ ᠳᠡᠶᠢᠯᠬᠦ ᠦᠭᠡᠢ ᠨᠢ ᠢᠯᠡᠷᠬᠡᠢ ᠶᠤᠮ ᠃ ᠬᠡᠷᠪᠡ ᠣᠯᠠᠨ ᠢᠶᠠᠷ ᠢᠶᠠᠨ ᠴᠥᠮ ᠱᠠᠩᠨᠠᠯᠲᠤ ᠰᠤᠭᠤᠯᠤᠭ᠎ᠠ ᠶᠢ ᠱᠠᠩᠨᠠᠭᠰᠠᠨ ᠤ ᠳᠠᠷᠠᠭ᠎ᠠ ᠰᠠᠶ᠋ᠢ ᠱᠠᠩᠨᠠᠯᠲᠤ ᠰᠤᠭᠤᠯᠤᠭ᠎ᠠ ᠬᠤᠳᠠᠯᠳᠤᠨ ᠠᠪᠳᠠᠭ ᠪᠣᠯ ᠱᠠᠩᠨᠠᠯ ᠣᠯᠤᠭᠰᠠᠨ ᠵᠣᠭᠤᠰ ᠤᠨ ᠲᠤᠭ᠎ᠠ ᠨᠢ ᠯᠠᠪ ᠪᠡᠯᠡ ᠣᠷᠣᠭᠤᠯᠤᠭᠰᠠᠨ ᠵᠣᠭᠤᠰ ᠤᠨ ᠲᠤᠭ᠎ᠠ ᠠᠴᠠ ᠮᠠᠰᠢ ᠳᠣᠤᠷ᠎ᠠ ᠪᠠᠶᠢᠵᠤ ᠂ ᠬᠤᠬᠢᠷᠠᠯ ᠢᠶᠠᠨ ᠲᠡᠮᠦᠷ ᠮᠡᠲᠦ ᠲᠣᠭᠲᠠᠭᠠᠬᠤ ᠶᠠᠪᠤᠳᠠᠯ ᠪᠣᠯᠤᠨ᠎ᠠ ᠃  ᠬᠡᠷᠪᠡ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠭᠠᠷᠭᠠᠬᠤ ᠦᠭᠡᠢ ᠪᠣᠯ ᠂ ᠤᠯᠠᠮ ᠠᠴᠠ ᠤᠯᠠᠮ ᠣᠯᠠᠨ ᠬᠥᠮᠦᠨ ᠡᠪᠡᠳᠴᠢᠨ ᠣᠯᠤᠭᠰᠠᠨ ᠤ ᠳᠠᠷᠠᠭ᠎ᠠ ᠰᠠᠶ᠋ᠢ ᠳᠠᠭᠠᠳᠬᠠᠯ ᠳᠤ ᠣᠷᠣᠯᠴᠠᠵᠤ ᠂ ᠬᠡᠳᠦᠨ ᠵᠠᠭᠤᠨ ᠲᠥᠭᠦᠷᠢᠭ ᠤᠨ ᠵᠣᠭᠤᠰ ᠵᠠᠷᠤᠴᠠᠭᠤᠯᠤᠨ ᠪᠠᠶᠢᠵᠤ ᠲᠦᠮᠡ ᠭᠠᠷᠤᠢ ᠲᠥᠭᠦᠷᠢᠭ ᠴᠢᠨᠠᠭᠰᠢᠯᠠᠪᠠᠯ ᠬᠡᠳᠦᠨ ᠠᠷᠪᠠᠨ ᠲᠦᠮᠡᠨ ᠲᠥᠭᠦᠷᠢᠭ ᠤᠨ ᠡᠮᠴᠢᠯᠡᠭᠡᠨ ᠤ ᠤᠨ ᠰᠠᠭᠤᠷᠢ ᠮᠥᠩᠭᠦ ᠶᠢ ᠳᠠᠩᠰᠠ ᠲᠠᠶᠢᠯᠵᠤ ᠂ ᠬᠠᠮᠤᠭ ᠡᠴᠦᠰ ᠲᠤ ᠪᠦᠬᠦᠶᠢᠯᠡ ᠳᠠᠭᠠᠳᠬᠠᠯ ᠳᠤ ᠣᠷᠤᠯᠴᠠᠭᠰᠠᠳ ᠤᠨ ᠠᠰᠢᠭ ᠲᠤᠰᠠ ᠶᠢ ᠬᠤᠬᠢᠷᠠᠭᠤᠯᠬᠤ ᠪᠣᠯᠤᠨ᠎ᠠ ᠃  16. ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ ᠂ 2025 ᠣᠨ ᠠᠴᠠ ᠡᠮᠦᠨ᠎ᠡ ᠳᠠᠭᠠᠳᠬᠠᠯ ᠳᠤ ᠣᠷᠣᠯᠴᠠᠭᠰᠠᠨ ᠥᠬᠡᠶ ᠣᠯᠠᠨ ᠲᠦᠮᠡᠨ ᠨᠦᠯᠦᠭᠡᠯᠡᠭᠳᠡᠨ᠎ᠡ  ᠤᠤ︖  ᠨᠦᠯᠦᠭᠡᠯᠡᠭᠳᠡᠬᠦ ᠥᠬᠡᠶ ᠂ ᠬᠠᠷᠠᠭᠠᠯᠵᠠᠯ ᠤᠨ ᠬᠦᠯᠢᠶᠡᠬᠦ ᠬᠤᠭᠤᠴᠠᠭᠠᠨ ᠤ ᠲᠥᠷᠥ ᠶᠢᠨ ᠪᠣᠳᠣᠯᠭ᠎ᠠ ᠪᠣᠯ 2024 ᠣᠨ ᠠᠴᠠ ᠡᠬᠢᠯᠡᠨ ᠰᠦᠢᠳᠭᠡᠯ ᠲᠤᠰᠢᠶᠠᠭᠠᠳ 2025 ᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ ᠠᠴᠠ ᠡᠬᠢᠯᠡᠨ ᠬᠡᠷᠡᠭᠵᠢᠭᠦᠯᠦᠨ᠎ᠡ ᠂ ᠥᠩᠭᠡᠷᠡᠭᠰᠡᠨ ᠳᠤ ᠳᠠᠭᠠᠳᠬᠠᠯ ᠳᠤ ᠣᠷᠣᠯᠴᠠᠭᠰᠠᠨ ᠥᠬᠡᠶ ᠴᠤ 2024 ᠣᠨ ᠤ ᠵᠢᠯ ᠤᠨ ᠰᠡᠭᠦᠯᠴᠢ ᠠᠴᠠ ᠡᠬᠢᠯᠡᠨ ᠵᠢᠯ ᠪᠦᠷᠢ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠳᠠᠭ ᠯᠠ ᠶᠤᠮ ᠪᠣᠯ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠥᠬᠡᠶ ᠃ ᠬᠡᠷᠪᠡ ᠤᠤᠯ ᠨᠢ ᠬᠡᠪ ᠤᠨ ᠶᠣᠰᠣᠭᠠᠷ ᠳᠠᠭᠠᠳᠬᠠᠯ ᠳᠤ ᠣᠷᠤᠯᠴᠠᠵᠤ ᠪᠠᠶᠢᠭᠰᠠᠨ ᠂ ᠭᠡᠪᠡᠴᠦ 2024 ᠣᠨ ᠤ ᠵᠢᠯ ᠤᠨ ᠡᠴᠦᠰ ᠲᠤ ᠲᠥᠪᠯᠡᠷᠡᠭᠦᠯᠦᠨ ᠲᠠᠲᠠᠪᠤᠷᠢᠯᠠᠨ ᠲᠤᠰᠢᠶᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠦᠭᠡᠢ ᠪᠣᠯ 2025 ᠣᠨ ᠳᠤ ᠳᠠᠷᠤᠶ ᠬᠠᠷᠠᠭᠠᠯᠵᠠᠯ ᠤᠨ ᠬᠦᠯᠢᠶᠡᠬᠦ ᠬᠤᠭᠤᠴᠠᠭ᠎ᠠ ᠲᠠᠢ ᠪᠣᠯᠤᠨ᠎ᠠ ᠃ ᠡᠶᠢᠮᠦ ᠠᠴᠠ ᠂ ᠤᠯᠠᠨ ᠤ ᠲᠣᠭᠲᠠᠭᠰᠠᠨ ᠴᠠᠭ ᠲᠤ ᠪᠠᠨ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠬᠤ ᠶᠢ ᠬᠦᠰᠡᠵᠦ ᠪᠠᠶᠢᠨ᠎ᠠ ᠃  17.ᠣᠯᠠᠨ ᠲᠦᠮᠡᠨ ᠤ ᠠᠩᠬᠠᠷᠴᠤ ᠪᠠᠶᠢᠭ᠎ᠠ ᠰᠦᠢᠳᠬᠡᠯ ᠲᠤᠰᠢᠶᠠᠬᠤ ᠪᠠᠷᠢᠮᠵᠢᠶ᠎ᠠ ᠶᠢ ᠶᠠᠭᠠᠬᠢᠵᠤ ᠲᠣᠭᠲᠠᠭᠠᠬᠤ ᠪᠤᠢ︖  ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠪᠡᠯᠡ ᠴᠤᠭᠯᠠᠭᠤᠯᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠪᠣᠯ ᠡᠮᠴᠢᠯᠡᠭᠡᠨ ᠤ ᠳᠠᠭᠠᠳᠬᠠᠯ ᠤᠨ ᠥᠭᠡᠷᠡᠴᠢᠯᠡᠯᠲᠡ ᠬᠥᠭᠵᠢᠯᠲᠡ ᠶᠢᠨ ᠨᠢᠭᠡᠨ ᠴᠢᠬᠤᠯᠠ ᠡᠭᠦᠷᠭᠡ ᠪᠣᠯᠤᠨ᠎ᠠ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠡᠳ᠋ ᠤᠨ ᠵᠠᠰᠠᠭ ᠤᠨ ᠶᠠᠮᠤᠨ ᠶᠠᠭ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠱᠠᠯᠠᠪᠳᠠᠨ ᠰᠤᠳᠤᠯᠵᠤ ᠪᠠᠶᠢᠨ᠎ᠠ ᠂ ᠲᠥᠷᠥ ᠶᠢᠨ ᠪᠣᠳᠣᠯᠭ᠎ᠠ ᠶᠢ ᠲᠣᠭᠲᠠᠭᠠᠭᠰᠠᠨ ᠤ ᠳᠠᠷᠠᠭ᠎ᠠ ᠪᠢᠳᠡ ᠴᠠᠭ ᠲᠤᠬᠠᠶ ᠳᠤ ᠨᠢ ᠲᠤᠰᠬᠠᠶ ᠪᠢᠴᠢᠭ ᠮᠠᠲ᠋ᠧᠷᠢᠶᠠᠯ ᠭᠠᠷᠭᠠᠬᠤ ᠪᠣᠯᠤᠨ᠎ᠠ ᠃ ᠪᠡᠯᠡ ᠬᠤᠷᠠᠮᠳᠤᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠴᠢᠭᠯᠡᠯ ᠢ ᠲᠣᠭᠲᠠᠭᠠᠭᠰᠠᠨ ᠨᠢ ᠳᠠᠷᠤᠢ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠬᠤ ᠶᠢ ᠨᠡᠶᠢᠭᠡᠮ ᠤᠨ ᠠᠵᠤ ᠠᠬᠤᠢ ᠶᠢᠨ ᠬᠥᠭᠵᠢᠯᠲᠡ ᠶᠢᠨ ᠬᠢᠷᠢ ᠲᠦᠪᠰᠢᠨ ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠠᠢ ᠬᠤᠯᠪᠣᠭᠳᠠᠭᠤᠯᠬᠤ ᠶᠢ ᠠᠬᠢᠭᠤᠯᠵᠤ ᠂ ᠡᠳ᠋ ᠤᠨ ᠵᠠᠰᠠᠭ ᠤᠨ ᠨᠥᠬᠦᠪᠦᠷᠢ ᠪᠠ ᠬᠤᠪᠢ ᠬᠥᠮᠥᠨ ᠤ ᠰᠦᠢᠳᠬᠡᠯ ᠲᠤᠰᠢᠶᠠᠬᠤ ᠵᠦᠢ ᠵᠣᠬᠢᠰᠲᠠᠢ ᠬᠠᠷᠢᠴᠠᠯ ᠤᠨ ᠪᠦᠲᠦᠴᠡ ᠶᠢ ᠪᠠᠲᠤᠯᠠᠬᠤ ᠪᠣᠯᠣᠨ᠎ᠠ ᠃  ᠣᠨᠴᠠᠭᠠᠶᠢᠯᠠᠨ ᠲᠣᠳᠣᠷᠬᠠᠶᠢᠯᠠᠬᠤ ᠨᠢ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠳᠦᠷᠢᠮ ᠪᠠᠶᠢᠭᠤᠯᠤᠭᠳᠠᠭᠰᠠᠨ ᠠᠴᠠ ᠨᠠᠭᠠᠰᠢ ᠂ ᠡᠳ᠋ ᠤᠨ ᠵᠠᠰᠠᠭ ᠤᠨ ᠨᠥᠬᠦᠪᠥᠷᠢ ᠨᠢ ᠶᠡᠷᠦ ᠠᠴᠠ ᠴᠢᠬᠤᠯᠠ ᠪᠡᠯᠡ ᠮᠥᠩᠭᠦ ᠶᠢᠨ ᠢᠷᠡᠯᠲᠡ ᠪᠠᠶᠢᠵᠤ ᠂ ᠨᠢᠳᠤᠨᠤᠨ ᠡᠯ᠎ᠡ ᠱᠠᠲᠤᠨ ᠤ ᠡᠳ᠋ ᠤᠨ ᠵᠠᠰᠠᠭ ᠠᠴᠠ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠥᠭᠭᠦᠭᠰᠡᠨ ᠨᠥᠬᠦᠪᠥᠷᠢ ᠪᠡᠯᠡ ᠮᠥᠩᠭᠦ 6000 ᠳ᠋ᠦᠩᠰᠢᠭᠤᠷ ᠲᠥᠭᠦᠷᠢᠭ ᠲᠤ ᠬᠦᠷᠴᠦ ᠂ ᠬᠥᠮᠦᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ 640 ᠲᠥᠭᠦᠷᠢᠭ ᠲᠤ ᠬᠦᠷᠪᠡ ᠃ ᠤᠯᠤᠰ ᠤᠨ ᠡᠳ᠋ ᠤᠨ ᠬᠦᠴᠦᠨ ᠤ  ᠨᠡᠮᠡᠭᠳᠡᠯ ᠢ ᠳᠠᠭᠠᠯᠳᠤᠨ ᠂ ᠨᠥᠬᠦᠪᠥᠷᠢ ᠶᠢᠨ ᠪᠠᠷᠢᠮᠵᠢᠶ᠎ᠠ ᠪᠠᠰᠠ ᠳᠡᠭᠡᠭᠰᠢᠯᠡᠬᠦ ᠪᠣᠯᠣᠨ᠎ᠠ ᠃ ︽ᠬᠤᠪᠢ ᠬᠥᠮᠦᠨ ᠡᠳᠦᠷ ᠪᠦᠷᠢ ᠨᠢᠭᠡ ᠴᠡᠭ ᠨᠢᠭᠡ ᠲᠦᠭᠦᠷᠢᠭ ᠢᠶᠠᠷ ᠡᠳ᠋ ᠤᠨ ᠵᠠᠰᠠᠭ ᠤᠨ ᠵᠢᠷᠭᠤᠭᠠᠨ ᠵᠠᠭᠤ ᠳᠠᠯᠠᠨ ᠲᠦᠭᠦᠷᠢᠭ ᠢ ᠬᠦᠷᠲᠡᠵᠦ︾ ᠪᠠᠶᠢᠨ᠎ᠠ ᠭᠡᠵᠦ ᠬᠡᠯᠡᠵᠦ ᠪᠣᠯᠣᠨ᠎ᠠ ᠂ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ  ᠨᠢ ᠬᠤᠪᠢ ᠬᠥᠮᠦᠨ ᠳᠤ ᠠᠪᠴᠤ ᠬᠡᠯᠡᠪᠡᠯ ᠦᠨ᠎ᠡ ᠶᠢᠨ ᠬᠠᠷᠢᠴᠠᠯ ᠲᠤᠶᠢᠯ ᠤᠨ ᠳᠣᠬᠢᠷᠠᠮᠵᠢᠲᠠᠢ ᠳᠦᠷᠢᠮ ᠪᠣᠯᠤᠨ᠎ᠠ ᠃  18.ᠤᠯᠤᠰ ᠠᠴᠠ ᠳᠠᠭᠠᠳᠬᠠᠯ ᠳᠤ ᠣᠷᠣᠯᠴᠠᠬᠤ ᠤᠬᠠᠭᠤᠯᠭ᠎ᠠ ᠶᠢ ᠬᠡᠷᠬᠢᠨ ᠠᠬᠢᠭᠤᠯᠬᠤ ᠪᠣᠶ︖  ︽ᠵᠢᠯᠣᠭᠤᠳᠬᠤ ᠰᠠᠨᠠᠯ︾ ᠢ ᠦᠨᠳᠦᠰᠦᠯᠡᠪᠡᠯ ᠂ ᠵᠢᠯ ᠪᠦᠷᠢ ᠶᠢᠨ 9 ᠳ᠋ᠦ᠋ᠭᠡᠷ ᠰᠠᠷ᠎ᠠ ᠳᠤ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ ᠥᠷᠨᠢᠭᠦᠯᠵᠦ ᠂ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠵᠡᠷᠭᠡ ᠶᠢ ᠥᠷᠭᠡᠨ ᠢᠶᠠᠷ ᠳᠠᠶᠢᠴᠢᠯᠠᠨ ᠂ ᠤᠬᠠᠭᠤᠯᠬᠤ ᠬᠡᠯᠪᠡᠷᠢ ᠶᠢᠨ ᠰᠢᠨ᠎ᠡ ᠶᠢ ᠡᠭᠦᠳᠴᠦ ᠂ ᠡᠮᠴᠢᠯᠡᠭᠡᠨ ᠤ ᠳᠠᠭᠠᠳᠬᠠᠯ ᠤᠨ ᠥᠯᠢᠭᠡᠷ ᠢ ᠰᠠᠶᠢᠲᠤᠷ ᠶᠠᠷᠢᠵᠤ ᠂ ᠳᠠᠭᠠᠳᠬᠠᠯ ᠳᠤ ᠣᠷᠣᠯᠴᠠᠬᠤ ᠶᠢ ᠤᠬᠠᠭᠤᠯᠤᠨ ᠳᠠᠶᠢᠴᠢᠯᠠᠬᠤ ᠶᠢ ᠰᠠᠶᠢᠲᠤᠷ ᠬᠢᠨ᠎ᠠ ᠃ ᠡᠭᠦᠨ ᠤ ᠬᠠᠮᠲᠤ ᠨᠡᠶᠢᠭᠡᠮ ᠤᠨ ᠬᠦᠴᠦᠨ ᠳᠤ ᠢᠳᠡᠪᠬᠢᠲᠡᠶ ᠲᠦᠰᠢᠭᠯᠡᠨ ᠂ ᠨᠢᠭᠡ ᠪᠦᠯᠦᠭ ᠡᠮᠴᠢᠯᠡᠭᠡᠨ ᠤ ᠳᠠᠭᠠᠳᠬᠠᠯ ᠢ ᠮᠡᠳᠡᠬᠦ ᠂ ᠬᠠᠯᠠᠭᠤᠨ ᠰᠡᠳᠬᠢᠯᠭᠡ ᠲᠠᠢ ᠤᠬᠠᠭᠤᠯᠤᠨ ᠲᠠᠶᠢᠯᠪᠤᠷᠢᠯᠠᠭᠴᠢ ᠂ ᠳᠦᠷᠢ ᠲᠥᠷᠬᠦ ᠶᠢᠨ ᠡᠯᠴᠢ ᠶᠢ ᠬᠥᠮᠦᠵᠢᠭᠦᠯᠦᠨ᠎ᠡ ᠃  19. ᠨᠢᠯᠬ᠎ᠠ ᠬᠡᠦᠬᠡᠳ ᠤᠨ ᠳᠠᠭᠠᠳᠬᠠᠯ ᠳᠤ ᠣᠷᠣᠯᠴᠠᠬᠤ ᠶᠢ ᠠᠬᠢᠭᠤᠯᠬᠤ ᠳᠤ ᠪᠠᠰᠠ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠬᠤ ᠪᠣᠢ︖  ︽ᠵᠢᠯᠣᠭᠤᠳᠬᠤ ᠰᠠᠨᠠᠯ︾ ᠳᠤ ᠂ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠂ ᠲᠦᠷᠦᠯᠲᠡ ᠶᠢᠨ ᠠᠨᠠᠭᠠᠬᠤ ᠤᠬᠠᠭᠠᠨ ᠤ ᠭᠡᠷᠡᠴᠢ ᠂ ᠡᠷᠦᠬᠡ ᠠᠮᠠ ᠶᠢᠨ ᠳᠡᠩᠰᠡᠯᠡᠯᠲᠡ ᠂ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠵᠡᠷᠭᠡ ︽ᠲᠦᠷᠦᠯᠲᠡ ᠶᠢᠨ ᠨᠢᠭᠡ ᠶᠠᠪᠤᠳᠠᠯ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠬᠡᠦᠬᠡᠳ ᠨᠢᠷᠠᠶᠢᠯᠠᠭᠰᠠᠨ ᠤ ᠳᠠᠷᠠᠭ᠎ᠠ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠭᠦᠢᠴᠡᠳᠭᠡᠵᠦ ᠪᠣᠯᠤᠨ᠎ᠠ ᠂ ᠶᠠᠪᠤᠴᠠ ᠶᠢ ᠳᠦᠭᠦᠮᠴᠢᠯᠡᠭᠡᠳ ᠮᠠᠰᠢ ᠣᠯᠠᠨ ᠭᠠᠵᠠᠷ ᠣᠷᠣᠨ ᠡᠮᠨᠡᠯᠭᠡ ᠶᠢᠨ ᠬᠤᠷᠢᠶ᠎ᠠ ᠳᠤ ᠨᠢᠭᠡᠨᠲᠡ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠶᠢ ᠲᠤᠬᠠᠶ ᠶᠢᠨ ᠭᠠᠵᠠᠷ ᠲᠤ ᠨᠢ ᠭᠦᠢᠴᠡᠳᠭᠡᠬᠦ ᠶᠢ ᠪᠡᠶᠡᠯᠡᠭᠦᠯᠪᠡ ᠃  20. ᠡᠪᠡᠳᠴᠢᠨ ᠦᠵᠡᠭᠦᠯᠬᠦ ᠪᠡᠶᠡᠴᠢ ᠣᠶᠢᠯᠠᠭᠠᠯᠲᠠ ᠶᠢ ᠬᠡᠷᠬᠢᠨ ᠰᠠᠶᠢᠵᠢᠷᠠᠭᠤᠯᠵᠤ ᠂ ᠳᠠᠭᠠᠳᠬᠠᠯ ᠳᠤ ᠣᠷᠣᠯᠴᠠᠬᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠪᠣᠶ︖  ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠬᠤ ᠪᠣᠯ ᠳᠠᠭᠠᠳᠬᠠᠯ ᠳᠤ ᠣᠷᠣᠯᠴᠠᠬᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠴᠢᠬᠤᠯᠠ ᠲᠤᠯᠭᠠᠭᠤᠷᠢᠯᠠᠯ ᠮᠥᠨ ᠃ ︽ᠵᠢᠯᠣᠭᠤᠳᠬᠤ ᠰᠠᠨᠠᠯ︾ ᠳᠤ ᠠᠯᠢ ᠣᠯᠠᠨ ᠲᠣᠬᠢᠷᠠᠭᠤᠯᠤᠯᠲᠠ ᠬᠢᠵᠦ ᠂ ︽ᠬᠤᠶᠠᠷ ᠲᠣᠭᠲᠠᠯᠴᠠᠭ᠎ᠠ︾ ᠶᠢ ᠳᠡᠭᠡᠭᠰᠢᠯᠡᠭᠦᠯᠦᠨ ᠂ ︽ᠨᠢᠭᠡ ᠬᠠᠮᠢᠶᠠᠷᠤᠯᠲᠠ︾ ᠶᠢ ᠴᠢᠩᠭᠠᠷᠠᠭᠤᠯᠪᠠ ᠃  ᠨᠢᠭᠡ ᠳᠤ ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ ᠃ ᠣᠲᠣ ᠭᠤᠷᠪᠠᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠶᠡᠷᠦᠩᠬᠡᠶ ᠳᠤ ᠪᠠᠨ ᠨᠡᠯᠢᠶᠡᠳ ᠲᠡᠭᠦᠯᠳᠡᠷᠵᠢᠭᠦᠯᠵᠦ ᠂ ᠭᠤᠤᠯᠳᠠᠯᠭ᠎ᠠ ᠨᠢ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠳᠤ ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ ᠰᠠᠶᠢᠨ ᠳᠤᠷ᠎ᠠ ᠠᠴᠠ ᠪᠠᠨ ᠭᠤᠶᠤᠴᠢᠯᠠᠭᠰᠠᠨ ᠪᠥᠭᠡᠳ ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮ ᠤᠨ ᠵᠦᠢᠯ ᠢ ᠵᠦᠶ ᠵᠣᠬᠢᠰᠲᠠᠶ ᠳᠣᠭᠢᠷᠠᠭᠤᠯᠬᠤ ᠶᠢ ᠠᠬᠢᠭᠤᠯᠵᠤ ᠂ ᠣᠯᠠᠨ ᠲᠦᠮᠡᠨ ᠢ ᠬᠡᠷ ᠤᠨ ᠡᠭᠦᠳᠡᠨ ᠠᠴᠠ ᠪᠠᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠨᠢ ᠲᠥᠬᠦᠮ ᠦᠵᠡᠭᠦᠯᠦᠨ᠎ᠡ ᠃  ᠬᠤᠶᠠᠷ ᠲᠤ ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ ᠃ ᠮᠤᠵᠢ ᠂ ᠬᠤᠲᠠ ᠂ ᠰᠢᠶᠠᠨ ᠂ ᠰᠢᠶᠠᠩ ︵ᠵᠡᠭᠡᠯᠢ ᠭᠤᠳᠤᠮᠵᠢ︶ ᠂ ᠲᠣᠰᠬᠤᠨ ︵ᠨᠡᠶᠢᠭᠡᠮ ᠲᠣᠭᠤᠷᠢᠭ︶ ᠲᠠᠪᠤᠨ ᠱᠠᠲᠤᠨ ᠤ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠯᠴᠠᠭ᠎ᠠ ᠶᠢ ᠪᠦᠷᠢᠨᠰᠢᠭᠦᠯᠵᠦ ᠂ ᠡᠮᠴᠢᠯᠡᠭᠡᠨ ᠤ ᠳᠠᠭᠠᠳᠬᠠᠯ ᠤᠨ ᠬᠦᠷᠢᠶᠡᠨ ᠤ ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠭᠡᠬᠦ ᠶᠢ ᠶᠡᠭᠡ ᠪᠠᠷ ᠠᠬᠢᠭᠤᠯᠤᠨ᠎ᠠ ᠃ ᠡᠮᠴᠢᠯᠡᠭᠡᠨ ᠤ ᠳᠠᠭᠠᠳᠬᠠᠯ ᠤᠨ ᠺᠣᠳ᠋ ᠪᠠ ᠰᠢᠯᠵᠢᠮᠡᠯ ᠲᠣᠭᠠᠴᠠᠭ᠎ᠠ ᠬᠢᠬᠦ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠢᠳᠡᠪᠬᠢᠲᠡᠶ ᠳᠡᠯᠭᠡᠷᠡᠭᠦᠯᠦᠨ᠎ᠡ ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠪᠠᠶᠠᠯᠢᠭᠵᠢᠭᠤᠯᠵᠤ ᠂ ᠬᠤᠪᠢ ᠬᠥᠮᠦᠨ ᠤ ᠰᠦᠢᠳᠬᠡᠯ ᠲᠤᠰᠢᠶᠠᠬᠤ ᠵᠢᠴᠢ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠬᠤ ᠳᠤ ᠣᠷᠣᠭᠤᠯᠤᠭᠰᠠᠨ ᠡᠮ ᠡᠮᠨᠡᠯᠭᠡ ᠶᠢᠨ ᠵᠠᠷᠤᠳᠠᠯ ᠢ ᠪᠠᠶᠢᠴᠠᠭᠠᠨ ᠯᠠᠪᠯᠠᠬᠤ ᠠᠷᠭ᠎ᠠ ᠵᠠᠮ ᠢ ᠥᠷᠭᠡᠳᠬᠡᠵᠦ ᠂ ᠳᠠᠭᠠᠳᠬᠠᠯ ᠳᠤ ᠣᠷᠣᠯᠴᠠᠭᠰᠠᠳ ᠲᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠶᠠᠩᠵᠤᠴᠢᠯᠠᠭᠰᠠᠨ ᠂ ᠳᠥᠭᠦᠮ ᠲᠦᠳᠡᠴᠢᠯᠡᠭᠰᠡᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠡᠷᠭᠡ ᠦᠢᠯᠡᠴᠢᠯᠡᠭᠡ ᠶᠢ ᠬᠠᠩᠭᠠᠨ᠎ᠠ ᠃ ᠬᠤᠳᠠᠯᠳᠣᠭᠠᠨ ᠤ ᠪᠠᠩᠬᠢ ᠂ ᠬᠤᠳᠠᠯᠳᠣᠭᠠᠨ ᠤ ᠲᠠᠭᠠᠳᠬᠠᠯ ᠤᠨ ᠪᠠᠶᠢᠭᠤᠯᠥᠮᠵᠢ ᠵᠡᠷᠭᠡ ᠳᠤ ᠡᠮᠴᠢᠯᠡᠭᠡᠨ ᠤ ᠲᠠᠭᠠᠳᠬᠠᠯ ᠤᠨ ᠦᠢᠯᠡᠴᠢᠯᠡᠭᠡᠨ ᠤ ᠲᠣᠣᠷ ᠴᠡᠭ ᠪᠠᠶᠢᠷᠢᠯᠡᠭᠤᠯᠬᠤ ᠶᠢ ᠵᠣᠷᠢᠠᠠᠵᠢᠭᠤᠯᠵᠦ ᠂ ᠡᠮᠴᠢᠯᠡᠭᠡᠨ ᠤ ᠲᠠᠭᠠᠳᠬᠠᠯ ᠤᠨ ᠣᠯᠡᠨ ᠨᠡᠶᠢᠲᠡ ᠶᠢᠨ ᠦᠢᠯᠡᠴᠢᠯᠡᠭᠡᠨ ᠤ ᠲᠣᠣᠷ ᠰᠦᠯᠵᠢᠶ᠎ᠠ ᠶᠢ ᠣᠷᠳᠣᠳᠬᠠᠨ᠎ᠠ ᠃  ᠭᠤᠷᠪᠠ ᠳᠤ ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ ᠂ ᠡᠮᠴᠢᠯᠡᠭᠡᠨ ᠤ ᠵᠠᠷᠤᠳᠠᠯ ᠤᠨ ᠨᠡᠮᠡᠭᠳᠡᠯ ᠤᠨ ᠬᠤᠷᠳᠤᠴᠠ ᠶᠢ ᠵᠦᠶ ᠵᠣᠬᠢᠰᠲᠠᠶ ᠬᠢᠵᠠᠭᠠᠷᠯᠠᠵᠤ ᠂ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ ᠃ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ ᠂ ᠣᠯᠠᠨ ᠲᠦᠮᠡᠨ ᠢ ᠬᠠᠪᠰᠤᠷᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠠᠶᠢᠲᠤᠷ ᠬᠠᠮᠢᠶᠠᠷᠴᠤ ᠂ ᠰᠠᠶᠢᠲᠤᠷ ᠬᠡᠷᠡᠭᠯᠡᠭᠦᠯᠵᠦ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠦᠨᠡᠨ ᠬᠦ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠠᠪᠬᠤ ᠳᠤ ᠬᠡᠷᠡᠭᠯᠡᠭᠦᠯᠦᠨ᠎ᠡ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号