2024 ᠣᠨ ᠤ ᠨᠠᠢᠮᠠᠳᠤᠭᠠᠷ ᠪᠦᠯᠦᠭ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠣᠷᠤᠭᠤᠯᠬᠤ ᠦᠢᠯᠡᠳᠭᠦᠨ ᠢ ᠨᠡᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/21
        ᠥᠪᠥᠷ ᠡᠮ ᠬᠤᠳᠠᠯᠳᠤᠨ ᠠᠪᠬᠤ ᠲᠥᠪ ᠦᠰᠦᠭ ﹇2024﹈ 176 ᠳ᠋ᠤᠭᠠᠷ ᠲᠣᠭᠠᠲᠤᠡᠯ᠎ᠡ ᠬᠤᠯᠪᠣᠭᠳᠠᠯ ᠪᠥᠬᠦᠶ ᠨᠢᠭᠡᠴᠢ ᠳᠤ᠄  ︽ᠡᠮ ᠤᠨ ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠬᠤᠯᠪᠣᠬᠤ ᠠᠵᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2024﹈ 40 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠡᠶᠢᠲᠡᠯᠡᠯ ᠳᠤ ᠣᠨᠳᠣᠤ ᠰᠠᠨᠠᠯ ᠥᠬᠡᠶ ᠦᠢᠯᠡᠳᠭᠦᠨ ᠢ ᠨᠡᠶᠢᠲᠡᠯᠡᠵᠦ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ — ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ — ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ ᠳᠤ ᠨᠡᠪᠲᠡᠷᠡᠵᠦ ᠡᠴᠦᠰ ᠤᠨ ᠳ᠋ᠦᠩ ᠢ ᠪᠠᠶᠢᠴᠠᠭᠠᠨ ᠦᠵᠡᠭᠡᠷᠡᠢ᠃  ᠦᠢᠯᠡᠳᠬᠦᠨ ᠢ ᠰᠦᠯᠵᠢᠶᠡᠨ ᠳᠤ ᠤᠷᠤᠭᠤᠯᠤᠭᠰᠠᠨ ᠤ ᠳᠠᠷᠠᠭ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠠᠶᠢᠮᠠᠭ ᠬᠤᠲᠠ ᠶᠢᠨ ᠰᠢᠯᠢᠨ ᠰᠣᠩᠭᠤᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠳᠣᠭᠢᠷᠠᠭᠤᠯᠤᠨ ᠬᠦᠷᠭᠡᠬᠦ ᠪᠤᠶᠤ ᠥᠪᠡᠷᠲᠡᠭᠡᠨ ᠵᠣᠬᠢᠶᠠᠨ ᠪᠠᠶᠢᠭᠤᠯᠵᠤ ᠳᠣᠭᠢᠷᠠᠭᠤᠯᠤᠨ ᠬᠦᠷᠭᠡᠬᠦ ᠶᠢ ᠪᠠᠲᠤᠯᠠᠵᠤ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠠᠵᠤ ᠠᠬᠤᠶᠢᠯᠠᠯ ᠤᠨ ᠮᠡᠳᠡᠭᠦᠯᠦᠭᠰᠡᠨ ᠦᠨ᠎ᠡ ᠪᠠᠷ ᠯᠠᠪᠯᠠᠯᠲᠠ ᠪᠣᠯᠭᠠᠨ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠳᠤ ᠵᠥᠪᠯᠡᠭᠰᠡᠨ ᠦᠨ᠎ᠡ ᠪᠠᠷ ᠬᠤᠳᠠᠯᠳᠤᠨ ᠠᠪᠤᠭᠠᠷᠠᠢ᠃ ᠦᠢᠯᠡᠳᠬᠦᠨ ᠤ ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠵᠡᠷᠭᠡ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ    2024 ᠣᠨ ᠤ 8 ᠳ᠋ᠤᠭᠠᠷ ᠰᠠᠷ᠎ᠠ ᠶᠢᠨ 20 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号