ᠳᠠᠪᠤᠰᠤᠨ ᠬᠦᠴᠢᠯ ᠤᠨ ᠪᠷᠤᠮ ᠤᠨ ᠰᠢᠨ᠎ᠡ ᠲᠠᠷᠢᠯᠭ᠎ᠠ ᠶᠢᠨ ᠰᠢᠩᠭᠡᠨ ᠤ ᠰᠣᠩᠭᠤᠭᠰᠠᠨ ᠠᠵᠤ ᠠᠬᠤᠶᠢᠯᠠᠯ ᠤᠨ ᠰᠣᠩᠭᠤᠯᠲᠠ ᠶᠢᠨ ᠬᠢᠷᠢ ᠬᠡᠮ ᠢ ᠦᠭᠡᠶᠢᠰᠬᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/22
        ᠥᠪᠥᠷ ᠡᠮ ᠬᠤᠳᠠᠯᠳᠤᠨ ᠠᠪᠬᠤ ᠲᠥᠪ ᠦᠰᠦᠭ ﹇ 2024 ﹈ 179 ᠳ᠋ᠤᠭᠡᠷ ᠲᠣᠭᠠᠲᠤᠡᠯ᠎ᠡ ᠬᠤᠯᠪᠣᠭᠳᠠᠯ ᠪᠥᠬᠦᠶ ᠨᠢᠭᠡᠴᠢ ᠳᠤ᠄  ᠤᠯᠤᠰ ᠤᠨ ᠡᠮ ᠤᠨ ᠵᠦᠢᠯ ᠢ ᠬᠠᠮᠲᠤᠷᠠᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠠᠯᠪᠠᠨ ᠭᠡᠷ ᠤᠨ ︽ᠳᠠᠪᠤᠰᠤᠨ ᠬᠦᠴᠢᠯ ᠤᠨ ᠪᠷᠤᠮ ᠤᠨ ᠰᠢᠨ᠎ᠡ ᠲᠠᠷᠢᠯᠭ᠎ᠠ ᠶᠢᠨ ᠰᠢᠩᠭᠡᠨ ᠤ ᠰᠣᠩᠭᠤᠭᠰᠠᠨ ᠠᠵᠤ ᠠᠬᠤᠶᠢᠯᠠᠯ ᠤᠨ ᠰᠣᠩᠭᠤᠯᠲᠠ ᠶᠢᠨ ᠬᠢᠷᠢ ᠬᠡᠮ ᠢ ᠬᠦᠴᠦᠨ ᠥᠬᠡᠶ ᠪᠣᠯᠭᠠᠬᠤ ᠶᠢᠨ ᠬᠠᠮᠲᠤ ᠬᠤᠯᠪᠣᠭᠳᠠᠯ ᠪᠥᠬᠦᠶ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠢ ᠲᠣᠭᠲᠠᠭᠠᠯ ᠠᠴᠠ ᠵᠥᠷᠢᠴᠡᠭᠰᠡᠨ ᠨᠡᠷᠡᠰ ᠲᠤ ᠵᠢᠭᠰᠠᠭᠠᠨ ᠣᠷᠤᠭᠤᠯᠬᠤ ᠲᠤᠬᠠᠶ       ᠵᠠᠷᠯᠠᠯ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠦᠨ᠎ᠡ ᠪᠠ ᠲᠦᠪᠯᠡᠷᠡᠭᠦᠯᠦᠨ ᠬᠤᠳᠠᠯᠳᠤᠨ ᠠᠪᠬᠤ ᠢᠲᠡᠭᠡᠮᠵᠢ  ᠶᠢᠨ ︿ᠬᠦᠨᠳᠦ ᠨᠣᠴᠢᠲᠠᠶ ﹀ ᠢᠲᠡᠭᠡᠯ ᠠᠯᠳᠠᠭᠰᠠᠨ ᠵᠡᠷᠭᠡ ᠳᠡᠰ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠤᠨ ᠲᠤᠬᠠᠶ ᠮᠡᠳᠡᠭᠡᠯᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠴᠧᠩᠳᠦ᠋ ᠶᠢᠨ ᠰᠢᠨ ᠵᠢᠶᠧ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠬᠦ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠭᠰᠡᠨ ᠳᠠᠪᠤᠰᠤᠨ ᠬᠦᠴᠢᠯ ᠤᠨ ᠪᠷᠤᠮ ᠤᠨ ᠰᠢᠨ᠎ᠡ ᠲᠠᠷᠢᠯᠭ᠎ᠠ ᠶᠢᠨ ᠡᠮ ᠢ ᠰᠦᠯᠵᠢᠶᠡᠨ ᠳᠤ ᠣᠷᠤᠭᠤᠯᠬᠤ ᠬᠢᠷᠢ ᠬᠡᠮ ᠢ ᠬᠦᠴᠦᠨ ᠥᠬᠡᠶ ᠪᠣᠯᠭᠠᠵᠤ᠂ ᠳᠣᠯᠣᠳᠤᠭᠠᠷ ᠪᠦᠯᠦᠭ ᠤᠯᠤᠰ ᠠᠴᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠤᠮᠳᠠ ᠰᠣᠩᠭᠤᠭᠰᠠᠨ ᠲᠥᠷᠥᠯ ᠤᠨ ᠳᠠᠪᠤᠰᠤᠨ ᠬᠦᠴᠢᠯ ᠤᠨ ᠪᠷᠤᠮ ᠤᠨ ᠰᠢᠨ᠎ᠡ ᠲᠠᠷᠢᠯᠭ᠎ᠠ ᠶᠢᠨ ᠰᠢᠩᠭᠡᠨ ᠢ ᠨᠢᠭᠡᠨᠲᠡ ᠬᠦᠴᠦᠨ ᠥᠬᠡᠶ ᠪᠣᠯᠭᠠᠵᠤ᠂ ᠡᠯ᠎ᠡ ᠠᠶᠢᠮᠠᠭ ᠬᠤᠲᠠ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠦᠨ᠎ᠡ ᠨᠢ ᠲᠣᠬᠢᠷᠠᠮᠵᠢᠲᠠᠶ ᠡᠮ ᠤᠨ ᠵᠦᠢᠯ ᠢ ᠬᠤᠳᠠᠯᠳᠤᠨ ᠠᠪᠤᠭᠤᠯᠵᠤ ᠂ ᠡᠮᠴᠢᠯᠡᠭᠡᠨ ᠳᠤ ᠬᠡᠷᠡᠭᠯᠡᠬᠦ ᠡᠮ ᠢ ᠪᠠᠲᠤᠯᠠᠬᠤ ᠬᠡᠷᠡᠭᠲᠡᠶ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ    2024 ᠣᠨ ᠤ 8 ᠳ᠋ᠤᠭᠠᠷ ᠰᠠᠷ᠎ᠠ ᠶᠢᠨ 21 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号