ᠡᠮ ᠤᠨ ᠵᠦᠢᠯ ᠤᠨ ᠦᠨ᠎ᠡ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠥᠷᠭᠡᠳᠬᠡᠵᠦ᠂ | ᠡᠮ ᠤᠨ ᠵᠦᠢᠯ ᠤᠨ ᠬᠡᠪ ᠤᠨ ᠪᠤᠰᠤ ᠦᠨ᠎ᠡ ᠶᠢᠨ ᠬᠢᠨᠠᠯᠲᠠ ᠬᠠᠮᠢᠶᠠᠷᠤᠯᠲᠠ ᠶᠢ ᠪᠠᠶᠢᠩᠭᠤᠵᠢᠭᠤᠯᠬᠤ ᠶᠢᠨ ᠲᠤᠰᠠᠳᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠬᠤᠳᠠᠯᠳᠤᠨ ᠠᠪᠬᠤ ᠲᠥᠪ ᠨᠢ ᠤᠯᠤᠰ ᠤᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠤᠨ ᠵᠦᠢᠯ ᠤᠨ ᠦᠨ᠎ᠡ ᠶᠢᠨ ᠲᠦᠭᠰᠢᠭᠦᠷᠢ ᠶᠢ ᠰᠢᠢᠳᠪᠦᠷᠢᠯᠡᠬᠦ | ᠠᠵᠢᠯ ᠢ ᠢᠳᠡᠪᠬᠢᠲᠡᠶ ᠪᠠᠷ ᠪᠦᠯᠦᠭ ᠬᠤᠪᠢᠶᠠᠨ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠮᠤᠵᠢ ᠶᠢᠨ | ᠬᠤᠭᠤᠷᠣᠨᠳᠣᠬᠢ ᠦᠨ᠎ᠡ ᠶᠢᠨ ᠲᠥᠪ ᠭᠤᠤᠯᠴᠢ ᠦᠨᠡᠨᠴᠢ ᠢᠲᠡᠭᠡᠮᠵᠢᠲᠡᠶ᠂ ᠢᠯᠡ ᠲᠣᠳᠣ ᠲᠡᠩᠴᠡᠭᠦᠷᠢᠲᠡᠶ | ᠪᠠᠶᠢᠬᠤ ᠶᠢ ᠪᠦᠲᠦᠮᠵᠢᠲᠡᠶ ᠠᠬᠢᠭᠤᠯᠪᠠ᠃ | ᠨᠢᠭᠡ ᠳᠤ᠂ ᠬᠠᠷᠢᠶ᠎ᠠ ᠭᠠᠵᠠᠷ ᠤᠨ ᠦᠨ᠎ᠡ ᠶᠢᠨ ᠲᠦᠭᠰᠢᠭᠦᠷᠢ ᠶᠢᠨ ᠲᠥᠷᠥᠯ ᠵᠦᠢᠯ ᠳᠤ ᠬᠠᠷᠭᠤᠭᠤᠯᠤᠨ | ᠪᠠᠶᠢᠴᠠᠭᠠᠵᠤ ᠰᠢᠢᠳᠪᠦᠷᠢᠯᠡᠬᠦ ᠠᠵᠢᠯ ᠢ ᠥᠷᠨᠢᠭᠦᠯᠵᠦ᠂ ᠤᠲᠠᠰᠤ ᠪᠠᠷ ᠨᠡᠪᠲᠡᠷᠡᠯᠴᠡᠬᠦ᠂ ᠲᠤᠬᠠᠶ ᠶᠢᠨ ᠲᠠᠯᠠᠪᠤᠷ ᠲᠤ ᠨᠢ | ᠪᠣᠯᠵᠣᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠬᠤᠯᠪᠤᠭᠳᠠᠯ ᠪᠥᠬᠦᠶ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠦᠨ᠎ᠡ ᠶᠢᠨ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠵᠤ᠂ ᠦᠨ᠎ᠡ ᠶᠢᠨ ᠲᠦᠪᠰᠢᠨ ᠢ | ᠪᠠᠭᠤᠷᠠᠭᠤᠯᠪᠠ᠃ ᠬᠤᠶᠠᠷ ᠲᠤ᠂ ᠡᠮ ᠤᠨ ᠵᠦᠢᠯ ᠤᠨ ᠦᠨ᠎ᠡ ᠶᠢᠨ ᠲᠦᠭᠰᠢᠭᠦᠷᠢ ᠶᠢ ᠰᠢᠢᠳᠪᠦᠷᠢᠯᠡᠭᠰᠡᠨ ᠳ᠋ᠦᠩ ᠤᠨ | ᠵᠠᠷᠯᠠᠯ ᠢ ᠦᠨᠳᠦᠰᠦᠯᠡᠨ ᠬᠤᠭᠤᠴᠠᠭ᠎ᠠ ᠬᠤᠪᠢᠶᠠᠨ ᠪᠦᠯᠦᠭ ᠬᠤᠪᠢᠶᠠᠨ ᠰᠢᠢᠳᠪᠦᠷᠢᠯᠡᠵᠦ᠂ ᠨᠡᠶᠢᠲᠡ 8 | ᠲᠦᠭᠰᠢᠭᠦᠷᠢᠲᠦ ᠲᠥᠷᠥᠯ ᠵᠦᠢᠯ ᠢ ᠰᠢᠢᠳᠪᠦᠷᠢᠯᠡᠵᠦ᠂ 35 ᠡᠮ ᠤᠨ ᠵᠦᠢᠯ ᠳᠤ ᠬᠤᠯᠪᠣᠭᠳᠠᠵᠤ᠂ ᠳᠤᠮᠳᠠᠴᠢ ᠪᠠᠷ | 44.06% ᠪᠠᠷ ᠪᠠᠭᠤᠷᠠᠭᠤᠯᠪᠠ᠃ | ᠲᠠᠷᠠᠭᠠᠴᠢ ᠶᠢᠨ ᠠᠯᠬᠤᠮ ᠳᠤ᠂ ᠪᠢᠳᠡ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠠᠯᠠᠭ᠎ᠠ | ᠮᠥᠴᠢᠷ ᠤᠨ ᠬᠤᠭᠤᠷᠣᠨᠳᠣᠬᠢ ᠰᠦᠪᠡᠭᠴᠢ ᠶᠢ ᠰᠢᠯᠵᠢᠭᠦᠯᠦᠨ ᠲᠤᠰᠢᠶᠠᠬᠤ᠂ ᠵᠠᠬᠢᠳᠠᠯ ᠰᠣᠷᠪᠣᠯᠵᠢᠯᠠᠯ ᠢᠶᠠᠷ ᠢᠯᠡᠴᠢᠯᠡᠨ | ᠮᠡᠳᠡᠭᠦᠯᠬᠦ ᠵᠡᠷᠭᠡ ᠠᠷᠭ᠎ᠠ ᠵᠠᠮ ᠢ ᠰᠠᠶᠢᠲᠤᠷ ᠬᠡᠷᠡᠭᠯᠡᠵᠦ᠂ ᠦᠨ᠎ᠡ ᠶᠢ ᠬᠠᠷᠭᠤᠭᠤᠯᠤᠨ ᠪᠠᠶᠢᠴᠠᠭᠠᠬᠤ ᠪᠠ ᠪᠣᠯᠵᠣᠨ | ᠶᠠᠷᠢᠯᠴᠠᠬᠤ᠂ ᠪᠢᠴᠢᠭ ᠢᠶᠠᠷ ᠪᠠ ᠢᠯᠡ ᠪᠠᠷ ᠠᠰᠠᠭᠤᠨ ᠯᠠᠪᠯᠠᠬᠤ᠂ ᠢᠲᠡᠭᠡᠮᠵᠢ ᠶᠢᠨ ᠦᠨᠡᠯᠡᠯᠲᠡ ᠬᠢᠬᠦ ᠵᠡᠷᠭᠡ ᠠᠷᠭ᠎ᠠ | ᠬᠡᠮᠵᠢᠶ᠎ᠡ ᠶᠢ ᠠᠪᠴᠤ᠂ ᠦᠨ᠎ᠡ ᠶᠢᠨ ᠠᠵᠢᠯᠯᠠᠭ᠎ᠠ ᠶᠢ ᠵᠢᠷᠤᠮᠵᠢᠭᠤᠯᠬᠤ ᠶᠢᠨ ᠬᠠᠮᠲᠤ᠂ ᠦᠨ᠎ᠡ ᠨᠢ ᠵᠣᠬᠢᠰᠲᠠᠶ | ᠣᠷᠣᠯᠠᠭᠤᠯᠵᠤ ᠪᠣᠯᠬᠤ ᠦᠢᠯᠡᠳᠬᠦᠨ ᠤ ᠲᠦᠭᠰᠢᠭᠦᠷᠢ ᠶᠢ ᠰᠢᠢᠳᠪᠤᠷᠢᠯᠡᠭᠰᠡᠨ ᠳ᠋ᠦᠩ ᠤᠨ ᠠᠯᠳᠠᠯᠲᠠ ᠶᠢ ᠰᠡᠷᠭᠡᠶᠢᠯᠡᠬᠦ | ᠪᠣᠯᠣᠨ᠎ᠠ᠃ | |