ᠦᠰᠦᠭ ᠪᠢᠴᠢᠭ ᠢᠶᠠᠷ ᠦᠭᠦᠯᠡᠬᠦᠢ — ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠯᠪᠠᠨ ᠲᠠᠷᠬᠠᠭᠠᠭᠰᠠᠨ ᠲᠠᠷᠢᠯᠭ᠎ᠠ ᠶᠢᠨ ᠡᠮ ᠢ ᠰᠦᠯᠵᠢᠶᠡᠨ ᠳᠤ ᠣᠷᠤᠭᠤᠯᠬᠤ  ᠬᠡᠯᠪᠡᠷᠢ ᠪᠠᠷ ᠲᠠᠷᠢᠯᠭ᠎ᠠ ᠶᠢᠨ ᠡᠮ ᠤᠨ ᠰᠦᠯᠵᠢᠶᠡᠨ ᠳᠤ ᠣᠷᠤᠭᠤᠯᠬᠤ ᠦᠨ᠎ᠡ ᠶᠢᠨ ᠨᠠᠩ ᠲᠡᠩᠴᠡᠭᠦᠷᠢᠲᠡᠶ ᠢᠯᠡ ᠲᠣᠳᠣ ᠪᠠᠶᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/8/4
  ᠣᠶᠢᠷ᠎ᠠ ᠳᠤ᠂ ᠤᠯᠤᠰ ᠤᠨ ᠡᠮᠴᠢᠯᠡᠭᠡᠨ ᠤ ᠲᠣᠪᠴᠢᠶ᠎ᠠ ᠶᠢᠨ ᠠᠯᠪᠠᠨ ᠬᠡᠷ ︽ᠲᠠᠷᠢᠯᠭ᠎ᠠ ᠶᠢᠨ ᠡᠮ ᠢ ᠰᠦᠯᠵᠢᠶᠡᠨ ᠳᠤ ᠬᠤᠯᠪᠣᠬᠤ ᠠᠵᠢᠯ ᠢ ᠵᠢᠷᠤᠮᠵᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠲᠠᠷᠢᠯᠭ᠎ᠠ ᠶᠢᠨ ᠡᠮ ᠢ ᠰᠦᠯᠵᠢᠶᠡᠨ ᠳᠤ ᠣᠷᠣᠭᠤᠯᠬᠤ ᠠᠷᠭ᠎ᠠ ᠬᠡᠯᠪᠡᠷᠢ ᠪᠠᠨ ᠳᠥᠭᠦᠮᠴᠢᠯᠡᠵᠦ᠂ ᠨᠢᠭᠡᠳᠦᠯᠲᠡᠢ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ᠪᠠᠷ ᠰᠦᠯᠵᠢᠶᠡᠨ ᠳᠤ ᠣᠷᠣᠭᠤᠯᠬᠤ ᠶᠢᠨ ᠬᠠᠮᠲᠤ ᠰᠦᠯᠵᠢᠶᠡᠨ ᠳᠤ ᠣᠷᠣᠭᠤᠯᠬᠤ ᠡᠮᠦᠨ᠎ᠡ ᠬᠤᠶᠢᠨᠠᠬᠢ ᠦᠨ᠎ᠡ ᠶᠢ ᠬᠠᠮᠵᠢᠯᠴᠠᠭᠤᠯᠬᠤ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠶ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃  ︽ᠮᠡᠳᠡᠭᠳᠡᠯ︾ ᠳᠤ ᠂ ᠲᠠᠷᠢᠯᠭ᠎ᠠ ᠶᠢᠨ ᠡᠮ ᠢ ᠨᠢᠭᠡᠳᠦᠯᠲᠡᠢ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ᠪᠠᠷ ᠰᠦᠯᠵᠢᠶᠡᠨ ᠳᠤ ᠣᠷᠣᠭᠤᠯᠵᠤ᠂ ᠪᠣᠳᠠᠲᠠᠶ ᠪᠣᠭᠤᠳᠠᠯ ᠤᠨ ᠶᠣᠰᠣᠭᠠᠷ ᠳᠠᠪᠲᠠᠨ ᠭᠤᠶᠤᠴᠢᠯᠠᠨ ᠮᠡᠳᠡᠭᠦᠯᠵᠦ ᠰᠦᠯᠵᠢᠶᠡᠨ ᠳᠤ ᠣᠷᠤᠭᠤᠯᠬᠤ ᠴᠢᠬᠤᠯᠠ ᠦᠭᠡᠢ ᠃ ᠴᠠᠩᠴᠦ᠋ᠨ ᠤ ᠰᠢ ᠳ᠋ᠢᠩ ᠲᠠᠷᠢᠯᠭ᠎ᠠ ᠪᠠᠷ ᠵᠢᠱᠢᠶᠡᠯᠡᠬᠦ ᠳᠤ ᠂ 1 ᠰᠢᠷᠬᠡᠭ / ᠬᠠᠶᠢᠷᠴᠠᠭ᠂ 6 ᠰᠢᠷᠬᠡᠭ / ᠬᠠᠶᠢᠷᠴᠠᠭ ᠪᠠ 10 ᠰᠢᠷᠬᠡᠭ / ᠬᠠᠶᠢᠷᠴᠠᠭ ᠤᠨ ᠭᠤᠷᠪᠠᠨ ᠵᠦᠢᠯ ᠤᠨ ᠪᠣᠭᠤᠳᠠᠯᠯᠠᠬᠤ ᠬᠡᠯᠪᠡᠷᠢ ᠵᠡᠷᠭᠡ ᠪᠠᠷ ᠪᠠᠶᠢᠵᠤ ᠂ ᠥᠩᠭᠡᠷᠡᠭᠰᠡᠨ ᠳᠤ ᠪᠣᠳᠠᠲᠠᠶ ᠪᠤᠭᠤᠳᠠᠯ ᠤᠨ ᠶᠣᠰᠣᠭᠠᠷ ᠰᠦᠯᠵᠢᠶᠡᠨ ᠳᠤ ᠣᠷᠤᠭᠤᠯᠬᠤ ᠳᠤ ᠠᠵᠤ ᠠᠬᠤᠶᠢᠯᠠᠯ ᠲᠣᠰ ᠲᠣᠰ ᠭᠤᠶᠤᠴᠢᠯᠠᠨ ᠮᠡᠳᠡᠭᠦᠯᠵᠦ᠂ ᠰᠡᠭᠦᠯ ᠳᠤ ᠨᠢ ᠰᠢᠨ᠎ᠡ ᠪᠤᠭᠤᠳᠠᠯ ᠤᠨ ᠬᠡᠯᠪᠡᠷᠢ ᠶᠢ ᠨᠡᠮᠡᠬᠦ  ᠳᠤ ᠴᠦ ᠭᠤᠶᠤᠴᠢᠯᠠᠨ ᠮᠡᠳᠡᠭᠦᠯᠵᠦ ᠰᠦᠯᠵᠢᠶᠡᠨ ᠳᠤ ᠣᠷᠤᠭᠤᠯᠬᠤ ᠶᠠᠪᠤᠴᠠ ᠶᠢ ᠳᠠᠪᠲᠠᠨ ᠭᠦᠢᠴᠡᠳᠭᠡᠳᠡᠭ᠃ ᠰᠢᠨ᠎ᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠨᠢ ᠵᠥᠪᠬᠡᠨ ᠰᠢᠷᠬᠡᠭ ᠢᠶᠠᠷ ᠨᠢᠭᠡᠴᠢᠯᠡᠵᠦ ᠨᠢᠭᠡ ᠯᠡ ᠤᠳᠠᠭ᠎ᠠ ᠭᠤᠶᠤᠴᠢᠯᠠᠨ ᠮᠡᠳᠡᠭᠦᠯᠦᠭᠡᠳ ᠰᠦᠯᠵᠢᠶᠡᠨ ᠳᠤ ᠣᠷᠤᠭᠤᠯᠵᠤ᠂ ᠡᠯ᠎ᠡ ᠵᠦᠢᠯ ᠤᠨ ᠪᠣᠭᠤᠳᠠᠯ ᠤᠨ ᠬᠡᠯᠪᠡᠷᠢ ᠶᠢᠨ ᠦᠢᠯᠡᠳᠬᠦᠨ ᠢ ᠴᠥᠮ ᠬᠡᠪ ᠤᠨ ᠶᠣᠰᠣᠭᠠᠷ ᠰᠦᠯᠵᠢᠶᠡᠨ ᠳᠤ ᠣᠷᠣᠭᠤᠯᠤᠨ ᠬᠠᠩᠭᠠᠵᠤ ᠪᠣᠯᠤᠨ᠎ᠠ ᠭᠡᠵᠦ ᠲᠤᠭᠲᠠᠭᠠᠪᠠ᠃  ︽ ᠮᠡᠳᠡᠭᠳᠡᠯ ︾ ᠳᠤ᠂ ᠡᠯ᠎ᠡ ᠭᠠᠵᠠᠷ ᠤᠨ ᠬᠢᠨ ᠰᠦᠯᠵᠢᠶᠡᠨ ᠳᠤ ᠣᠷᠤᠭᠤᠯᠬᠤ ᠠᠷᠭ᠎ᠠ ᠬᠡᠯᠪᠡᠷᠢ ᠪᠠᠨ ᠰᠣᠯᠢᠬᠤ ᠠᠴᠠ ᠡᠮᠦᠨ᠎ᠡ ᠬᠤᠶᠢᠨᠠᠬᠢ ᠦᠨ᠎ᠡ ᠶᠢᠨ ᠬᠠᠮᠵᠢᠯᠴᠠᠭ᠎ᠠ ᠶᠢ ᠰᠠᠶᠢᠲᠤᠷ ᠬᠢᠬᠦ ᠬᠡᠷᠡᠭᠲᠡᠶ᠃ ᠶᠡᠷᠦ ᠶᠢᠨ       ᠮᠡᠳᠡᠯᠭᠡ᠂ ᠠᠳᠠᠯᠢ ᠪᠦᠷᠢᠯᠳᠦᠬᠦᠨ ᠠᠳᠠᠯᠢ ᠪᠠᠷᠢᠮᠵᠢᠶ᠎ᠠ ᠠᠳᠠᠯᠢ ᠦᠢᠯᠡᠳᠪᠦᠷᠢ ᠶᠢᠨ ᠲᠠᠷᠢᠯᠭ᠎ᠠ ᠶᠢᠨ ᠶᠤᠰᠤᠭᠠᠷ ᠂ ᠬᠠᠶᠢᠷᠴᠠᠭ ᠪᠦᠷᠢ ᠳᠤ ᠬᠡᠳᠦᠢ ᠰᠢᠷᠬᠡᠭ ᠪᠤᠭᠤᠳᠠᠯᠯᠠᠬᠤ᠂ ᠰᠢᠷᠬᠡᠭ ᠪᠦᠷᠢ ᠳᠤ ᠬᠦᠷᠲᠡᠯ᠎ᠡ ᠨᠤᠭᠤᠯᠤᠨ ᠪᠤᠳᠤᠵᠤ ᠦᠨᠡᠨ ᠤ ᠲᠠᠯ᠎ᠠ ᠪᠠᠷ ᠮᠡᠳᠡᠭᠳᠡᠬᠦᠶᠢᠴᠡ ᠵᠦᠷᠢᠶ᠎ᠡ ᠪᠠᠶᠢᠵᠤ ᠪᠣᠯᠬᠤ ᠦᠭᠡᠢ᠃ ᠭᠡᠲᠡᠯ᠎ᠡ ᠬᠢᠨᠠᠨ ᠬᠡᠮᠵᠢᠭᠰᠡᠨ ᠪᠠᠶᠢᠳᠠᠯ ᠠᠴᠠ ᠦᠵᠡᠬᠦ ᠳᠤ᠂ ᠬᠡᠰᠡᠭ ᠪᠦᠲᠦᠭᠡᠭᠳᠡᠬᠦᠨ ᠤ ᠪᠣᠭᠤᠳᠠᠯ ᠤᠨ ᠲᠤᠭ᠎ᠠ ᠬᠡᠮᠵᠢᠶᠡᠨ ᠤ ᠳᠠᠬᠢᠨ ᠲᠣᠭᠠᠨ ᠤ ᠬᠠᠷᠢᠴᠠᠭ᠎ᠠ ᠨᠢ ᠦᠨ᠎ᠡ ᠬᠠᠩᠰᠢ ᠶᠢᠨ ᠳᠠᠬᠢᠨ ᠲᠣᠭᠠᠨ ᠤ ᠬᠠᠷᠢᠴᠠᠭ᠎ᠠ ᠬᠢᠭᠡᠳ ᠦᠨ᠎ᠡ ᠶᠢᠨ ᠳᠠᠬᠢᠨ ᠲᠤᠭ᠎ᠠ ᠶᠢᠨ ᠬᠠᠷᠢᠴᠠᠭ᠎ᠠ ᠨᠢ ᠵᠦᠢ ᠵᠣᠬᠢᠰ ᠦᠭᠡᠢ ᠪᠣᠯᠪᠠ᠃ ᠶᠠᠮᠠᠷ ᠨᠢᠭᠡᠨ ᠠᠵᠤ ᠠᠬᠤᠶᠢᠯᠠᠯ ᠤᠨ ᠨᠡᠭᠦᠷᠡᠰᠦᠬᠦ᠋ᠴᠢᠯ ᠤᠨ ᠤᠰᠤᠲᠥ᠋ᠷᠥᠭᠴᠢᠲᠦ ᠨᠠᠲᠷᠢ  ᠶᠢᠨ ᠲᠠᠷᠢᠯᠭ᠎ᠠ ᠶᠢᠨ ᠰᠢᠩᠭᠡᠨ ︵10m1᠄ 0.5g︶ ᠢᠶᠠᠷ ᠵᠢᠱᠢᠶᠡᠯᠡᠬᠦ ᠳᠤ᠂ 5 ᠰᠢᠷᠬᠡᠭ / ᠬᠠᠶᠢᠷᠴᠠᠭ ᠤᠨ ᠰᠦᠯᠵᠢᠶᠡᠨ ᠳᠤ ᠣᠷᠤᠭᠤᠯᠬᠤ ᠦᠨ᠎ᠡ ᠨᠢ 6 ᠲᠥᠭᠦᠷᠢᠭ᠂ 10 ᠰᠢᠷᠬᠡᠭ / ᠬᠠᠶᠢᠷᠴᠠᠭ ᠤᠨ ᠰᠦᠯᠵᠢᠶᠡᠨ ᠳᠤ ᠣᠷᠤᠭᠤᠯᠬᠤ ᠦᠨ᠎ᠡ ᠨᠢ 135 ᠲᠥᠭᠦᠷᠢᠭ᠂ ᠨᠤᠭᠤᠯᠤᠭᠠᠳ ᠪᠣᠳᠣᠬᠤ ᠳᠤ ᠰᠢᠷᠬᠡᠭ ᠪᠦᠷᠢ ᠶᠢᠨ ᠦᠨ᠎ᠡ ᠶᠢᠨ ᠵᠦᠷᠢᠶ᠎ᠡ ᠨᠢ 11 ᠳᠠᠬᠢᠨ ᠠᠴᠠ ᠳᠠᠪᠠᠪᠠ᠃ ᠡᠭᠦᠨ ᠤ ᠰᠢᠯᠳᠠᠭᠠᠨ ᠨᠢ ᠦᠩᠭᠡᠷᠡᠭᠰᠡᠨ ᠳᠤ ᠠᠵᠤ ᠠᠬᠤᠶᠢᠯᠠᠯ ᠤᠨ ᠭᠠᠵᠠᠷ ᠤᠷᠤᠨ ᠤ ᠬᠤᠭᠤᠷᠤᠨᠳᠤᠬᠢ ᠮᠡᠳᠡᠭᠡ ᠵᠠᠩᠬᠢ ᠶᠢᠨ ᠵᠦᠷᠢᠶ᠎ᠡ᠂ ᠪᠤᠭᠤᠳᠠᠯ ᠤᠨ ᠬᠤᠪᠢᠷᠠᠭᠤᠯᠤᠯᠲᠠ ᠠᠴᠠ ᠦᠨ᠎ᠡ ᠥᠰᠴᠦ ᠂ ᠡᠭᠦᠨ ᠠᠴᠠ ᠪᠤᠯᠤᠭᠰᠠᠨ ᠲᠡᠭᠰᠢ ᠪᠤᠰᠤ ᠦᠨᠳᠦᠷ ᠦᠨ᠎ᠡ ᠂ ᠭᠠᠳᠠᠭᠤᠷᠴᠢᠯᠠᠯ ᠤᠨ ᠴᠢᠨᠠᠷᠳᠠᠢ ᠦᠨᠳᠦᠷ ᠦᠨ᠎ᠡ ᠶᠢ ᠤᠷᠤᠨ ᠨᠤᠳᠤᠭ ᠤᠨ ᠬᠢᠨ ᠴᠠᠭ ᠲᠤᠬᠠᠢ ᠳᠤ ᠨᠢ ᠴᠡᠪᠡᠷᠯᠡᠬᠦ ᠬᠡᠷᠡᠭᠲᠡᠢ ᠭᠡᠵᠦ ᠱᠠᠭᠠᠷᠳᠠᠪᠠ ᠃  ︽ᠮᠡᠳᠡᠭᠳᠡᠯ︾ ᠳᠤ᠂ ᠰᠦᠯᠵᠢᠶᠡᠨ ᠳᠤ ᠣᠷᠤᠭᠤᠯᠬᠤ ᠦᠨ᠎ᠡ ᠶᠢᠨ ᠳᠠᠯᠳᠠ ᠲᠦᠭᠰᠢᠭᠦᠷᠢ ᠲᠠᠢ ᠲᠠᠷᠢᠯᠭ᠎ᠠ ᠶᠢᠨ ᠡᠮ ᠳᠤ ᠂ ᠰᠢᠨ᠎ᠡ ᠪᠠᠷ ᠰᠦᠯᠵᠢᠶᠡᠨ ᠳᠤ ᠣᠷᠤᠭᠤᠯᠬᠤ ᠦᠨ᠎ᠡ ᠬᠢᠭᠡᠳ ᠥᠩᠭᠡᠷᠡᠭᠰᠡᠨ ᠤ ᠰᠦᠯᠵᠢᠶᠡᠨ ᠳᠤ ᠣᠷᠤᠭᠤᠯᠤᠭᠰᠠᠨ ᠦᠨ᠎ᠡ ᠶᠢᠨ ᠵᠥᠷᠢᠶ᠎ᠡ ᠶᠢᠨ ᠶᠤᠰᠤᠭᠠᠷ ᠲᠣᠰ ᠲᠣᠰ ᠰᠢᠷ᠎ᠠ ᠲᠡᠮᠳᠡᠭ ᠪᠠ ᠤᠯᠠᠭᠠᠨ ᠲᠡᠮᠳᠡᠭ ᠢᠶᠠᠷ ᠬᠠᠮᠢᠶᠠᠷᠴᠤ᠂ ᠡᠮᠴᠢᠯᠡᠭᠡᠨ ᠤ ᠪᠠᠶᠢᠭᠤᠯᠤᠮᠵᠢ ᠶᠢ ᠡᠩ ᠲᠡᠷᠢᠭᠦᠨ ᠳᠤ ᠦᠨ᠎ᠡ ᠶᠢᠨ ᠲᠦᠭᠰᠢᠭᠦᠷᠢ ᠨᠢ ᠨᠠᠩ ᠳᠣᠤᠷ᠎ᠠ ᠦᠢᠯᠡᠳᠪᠦᠷᠢ ᠶᠢᠨ ᠫᠠᠶᠢᠰᠠ ᠶᠢ ᠬᠤᠳᠠᠯᠳᠤᠨ ᠠᠪᠬᠤ ᠶᠢ ᠰᠠᠨᠠᠭᠤᠯᠬᠤ ᠪᠣᠶᠤ ᠱᠠᠭᠠᠷᠳᠠᠪᠠ ᠃ ᠭᠤᠣᠯ ᠵᠣᠷᠢᠯᠭ᠎ᠠ ᠨᠢ ᠲᠠᠷᠢᠯᠭ᠎ᠠ ᠶᠢᠨ ᠡᠮ ᠢ ᠰᠦᠯᠵᠢᠶᠡᠨ ᠳᠤ ᠣᠷᠤᠭᠤᠯᠬᠤ ᠠᠷᠭ᠎ᠠ ᠮᠠᠶ᠋ᠢᠭ ᠲᠠᠢ ᠤᠶᠠᠯᠳᠤᠭᠤᠯᠤᠨ ᠰᠣᠯᠢᠬᠤ ᠶᠠᠪᠤᠴᠠ ᠳᠤ ᠢᠯᠡᠷᠡᠭᠦᠯᠦᠭᠰᠡᠨ ᠨᠡᠶᠢᠲᠡᠯᠢᠭ ᠦᠨ᠎ᠡ ᠶᠢᠨ ᠲᠦᠭᠰᠢᠭᠦᠷᠢ ᠨᠢ ᠵᠠᠬ᠎ᠠ ᠳᠡᠯᠭᠡᠭᠦᠷ ᠤᠨ ᠦᠨ᠎ᠡ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠵᠠᠰᠠᠭ ᠤᠨ ᠣᠷᠳᠣᠨ ᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠣᠯᠴᠢ ᠪᠠᠷ ᠦᠨ᠎ᠡ ᠲᠣᠭᠲᠠᠭᠠᠬᠤ ᠪᠦᠲᠦᠮᠵᠢᠲᠡᠶ ᠠᠷᠭ᠎ᠠ ᠮᠠᠶ᠋ᠢᠭ ᠢ ᠰᠦᠪᠡᠭᠴᠢᠯᠡᠬᠦ ᠶᠠᠪᠤᠳᠠᠯ ᠪᠣᠯᠤᠨ᠎ᠠ ᠭᠡᠵᠦ ᠳᠤᠷᠠᠳᠪᠠ᠃  2023 ᠣᠨ ᠤ 8 ᠳ᠋ᠤᠭᠠᠷ ᠰᠠᠷ᠎ᠠ ᠠᠴᠠ ᠨᠠᠭᠠᠰᠢ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠦᠯᠵᠢᠶᠡᠨ ᠳᠤ ᠣᠷᠤᠭᠤᠯᠬᠤ ᠡᠮ ᠤᠨ ᠵᠦᠢᠯ ᠤᠨ ᠦᠨ᠎ᠡ ᠶᠢᠨ ᠵᠠᠰᠠᠯᠲᠠ ᠶᠢ ᠡᠬᠢᠯᠡᠨ ᠬᠡᠷᠡᠭᠵᠢᠭᠦᠯᠪᠡ᠃ ᠰᠦᠯᠵᠢᠶᠡᠨ ᠳᠤ ᠤᠷᠤᠭᠤᠯᠤᠭᠰᠠᠨ ᠡᠮ ᠤᠨ ᠵᠦᠢᠯ ᠤᠨ ᠦᠨ᠎ᠡ ᠶᠢᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠨᠢᠭᠡᠲᠦᠯᠵᠢᠭᠦᠯᠵᠦ᠂ ᠣᠷᠣᠨ ᠬᠤᠪᠢᠶᠠᠨ ᠬᠠᠮᠢᠶᠠᠷᠬᠤ ᠶᠢ ᠨᠠᠶᠢᠳᠠᠪᠤᠷᠢᠵᠢᠭᠤᠯᠤᠨ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠠᠳᠠᠯᠢ ᠨᠢᠭᠡᠨ ᠡᠮ ᠤᠨ ᠵᠦᠢᠯ ᠤᠨ ᠮᠤᠵᠢ ᠶᠢᠨ ᠬᠤᠭᠤᠷᠤᠨᠳᠤᠬᠢ ᠰᠦᠯᠵᠢᠶᠡᠨ ᠳᠤ ᠤᠷᠤᠭᠤᠯᠤᠭᠰᠠᠨ ᠦᠨ᠎ᠡ  ᠶᠢᠨ ᠵᠥᠷᠢᠶ᠎ᠡ ᠮᠠᠰᠢ ᠶᠡᠭᠡ᠂ ᠠᠳᠠᠯᠢ ᠡᠮ ᠤᠨ ᠵᠦᠢᠯ ᠤᠨ ᠠᠳᠠᠯᠢ ᠪᠤᠰᠤ ᠪᠣᠭᠤᠳᠠᠯ ᠤᠨ ᠬᠡᠪ ᠪᠠᠷᠢᠮᠵᠢᠶ᠎ᠠ ᠦᠨ᠎ᠡ ᠶᠢᠨ ᠵᠥᠷᠢᠶ᠎ᠡ ᠨᠢ ᠵᠦᠶ ᠵᠣᠬᠢᠰᠲᠠᠶ ᠪᠠᠶᠢᠬᠤ ᠬᠡᠪᠴᠢᠶ᠎ᠡ ᠠᠴᠠ ᠬᠤᠯᠠ ᠬᠡᠲᠦᠷᠡᠭᠰᠡᠨ᠂ ᠡᠮ ᠬᠡᠲᠦᠷᠬᠡᠶ ᠥᠰᠬᠦ ᠶᠢ ᠦᠨᠡᠯᠡᠨ ᠡᠵᠡᠮᠳᠡᠵᠦ ᠨᠢ ᠣᠯᠠᠨᠲᠠ ᠡᠭᠦᠰᠬᠦ ᠨᠡᠶᠢᠳᠡᠮ ᠡᠭᠦᠰᠬᠦ ᠵᠡᠷᠭᠡ ᠡᠷᠬᠡ ᠲᠡᠭᠰᠢ ᠨᠢᠭᠡᠳᠦᠯᠲᠡᠶ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠨᠥᠯᠥᠭᠡᠯᠡᠭᠰᠡᠨ᠂ ᠣᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠠᠰᠠᠭᠤᠳᠠᠯ ᠳᠤ ᠴᠢᠭᠯᠡᠭᠦᠯᠦᠨ᠂ ᠡᠯ᠎ᠡ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢ ᠵᠢᠯᠣᠭᠤᠳᠤᠨ ︽ᠳᠥᠷᠪᠡᠨ ᠠᠳᠠᠯᠢ︾ ᠡᠮ ᠤᠨ ᠵᠦᠢᠯ ᠤᠨ ᠦᠨ᠎ᠡ ᠶᠢ ᠬᠠᠮᠵᠢᠯᠴᠠᠨ ᠵᠠᠰᠠᠬᠤ ᠶᠢ ᠥᠷᠨᠢᠭᠦᠯᠵᠦ᠂ ᠨᠢᠭᠡ ᠪᠦᠯᠦᠭ ᠲᠡᠭᠰᠢ ᠪᠤᠰᠤ ᠥᠨᠳᠥᠷ ᠦᠨ᠎ᠡ ᠂ ᠭᠠᠳᠠᠭᠤᠷᠴᠢᠯᠠᠯ ᠤᠨ ᠴᠢᠨᠠᠷᠲᠠᠶ ᠥᠨᠳᠥᠷ ᠦᠨ᠎ᠡ ᠶᠢ ᠴᠡᠪᠡᠷᠯᠡᠵᠦ᠂ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠲᠣᠰ ᠤᠳᠠᠭ᠎ᠠ ︽ᠮᠡᠳᠡᠭᠳᠡᠯ︾ ᠢ ᠳᠠᠷᠤᠮᠠᠯᠯᠠᠨ ᠲᠠᠷᠬᠠᠭᠠᠭᠰᠠᠨ ᠨᠢ ᠲᠠᠷᠢᠯᠭ᠎ᠠ ᠶᠢᠨ ᠡᠮ ᠢ ᠰᠦᠯᠵᠢᠶᠡᠨ ᠳᠤ ᠣᠷᠤᠭᠤᠯᠬᠤ ᠬᠡᠯᠪᠡᠷᠢ ᠶᠢ ᠳᠥᠭᠦᠮᠴᠢᠯᠡᠵᠦ᠂ ᠠᠵᠤ ᠠᠬᠤᠶᠢᠯᠠᠯ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ ᠰᠦᠯᠵᠢᠶᠡᠨ ᠳᠤ ᠣᠷᠤᠭᠤᠯᠬᠤ ᠦᠢᠯᠡᠴᠢᠯᠡᠭᠡ ᠬᠠᠩᠭᠠᠬᠤ ᠶᠢᠨ ᠬᠠᠮᠲᠤ ᠲᠠᠷᠢᠯᠭ᠎ᠠ ᠶᠢᠨ ᠡᠮ ᠤᠨ ᠰᠦᠯᠵᠢᠶᠡᠨ ᠳᠤ ᠣᠷᠤᠭᠤᠯᠤᠭᠰᠠᠨ ᠦᠨ᠎ᠡ ᠨᠠᠩ ᠲᠡᠩᠴᠡᠭᠦᠷᠢᠲᠡᠶ ᠢᠯᠡ ᠲᠣᠳᠣ ᠪᠠᠶᠢᠬᠤ ᠶᠢ ᠠᠬᠢᠭᠤᠯᠵᠤ᠂ ᠡᠮ ᠤᠨ ᠵᠦᠢᠯ ᠢ ᠰᠦᠯᠵᠢᠶᠡᠨ ᠳᠤ ᠣᠷᠤᠭᠤᠯᠤᠭᠰᠠᠨ ᠦᠨ᠎ᠡ ᠶᠢᠨ ᠲᠤᠰᠬᠠᠶ ᠵᠠᠰᠠᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠪᠣᠯᠤᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号