ᠲᠠᠷᠢᠯᠭ᠎ᠠ ᠶᠢᠨ ᠡᠮ ᠢ ᠰᠦᠯᠵᠢᠶᠡᠨ ᠳᠤ ᠣᠷᠣᠭᠤᠯᠬᠤ ᠠᠵᠢᠯ ᠢ ᠵᠢᠷᠤᠮᠵᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/8/6
        ᠥᠪᠥᠷ ᠡᠮ ᠬᠤᠳᠠᠯᠳᠤᠨ ᠠᠪᠬᠤ ᠲᠥᠪ ᠦᠰᠦᠭ ﹇ 2024 ﹈ 166 ᠳ᠋ᠤᠭᠠᠷ ᠲᠣᠭᠠᠲᠤ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠳᠤ᠄  ︽ᠲᠠᠷᠢᠯᠭ᠎ᠠ ᠶᠢᠨ ᠡᠮ ᠢ ᠰᠦᠯᠵᠢᠶᠡᠨ ᠳᠤ ᠣᠷᠤᠭᠤᠯᠬᠤ ᠠᠵᠢᠯ ᠢ ᠵᠢᠷᠤᠮᠵᠢᠭᠤᠯᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠡᠮᠴᠢᠯᠡᠭᠡᠨ ᠤ ᠳᠠᠭᠠᠳᠬᠠᠯ ᠤᠨ ᠠᠯᠪᠠᠨ ᠵᠠᠬᠢᠳᠠᠯ ﹇2024 ﹈ 61 ᠳ᠋ᠤᠭᠡᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠰᠦᠯᠵᠢᠶᠡᠨ ᠳᠤ ᠣᠷᠤᠭᠤᠯᠬᠤ ᠠᠵᠢᠯᠯᠠᠭ᠎ᠠ ᠶᠢ ᠵᠢᠷᠤᠮᠵᠢᠭᠤᠯᠵᠤ᠂ ᠰᠦᠯᠵᠢᠶᠡᠨ ᠳᠤ ᠤᠷᠤᠭᠤᠯᠤᠭᠰᠠᠨ ᠡᠮ ᠤᠨ ᠵᠦᠢᠯ ᠤᠨ ᠦᠨ᠎ᠡ ᠬᠠᠩᠰᠢ ᠶᠢᠨ ᠵᠠᠰᠠᠯᠲᠠ ᠶᠢ ᠭᠦᠨᠵᠡᠭᠡᠶ ᠳᠥᠯᠭᠢᠨ ᠠᠬᠢᠭᠤᠯᠵᠤ᠂ ᠲᠠᠷᠢᠯᠭ᠎ᠠ ᠶᠢᠨ ᠡᠮ ᠢ ᠰᠦᠯᠵᠢᠶᠡᠨ ᠳᠤ ᠤᠷᠤᠭᠤᠯᠤᠭᠰᠠᠨ ᠦᠨ᠎ᠡ ᠨᠠᠩ ᠲᠥᠪ ᠭᠤᠤᠯᠴᠢ ᠢᠯᠡ ᠲᠣᠳᠣ ᠪᠠᠶᠢᠯᠭᠠᠬᠤ ᠶᠢᠨ ᠲᠤᠰᠠᠳᠠ᠂ ᠡᠳᠦᠭᠡ ᠲᠠᠷᠢᠯᠭ᠎ᠠ ᠶᠢᠨ ᠡᠮ ᠢ ᠰᠦᠯᠵᠢᠶᠡᠨ ᠳᠤ ᠣᠷᠤᠭᠤᠯᠬᠤ ᠠᠵᠢᠯ ᠢ ᠵᠢᠷᠤᠮᠵᠢᠭᠤᠯᠬᠤ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠡᠮ ᠤᠨ ᠵᠦᠢᠯ ᠤᠨ ᠬᠡᠪᠴᠢᠶ᠎ᠡ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ ︵ᠳᠣᠷᠣᠭᠰᠢ ︽ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ︾ ᠭᠡᠵᠦ ᠲᠣᠪᠴᠢᠯᠠᠨ᠎ᠠ︶ ᠳᠤ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ︵ᠵᠢᠱᠢᠶᠡᠯᠡᠪᠡᠯ ᠰᠠᠯᠪᠤᠷᠢ᠂ ᠯᠣᠩᠬᠤ᠂ ᠤᠭᠤᠲᠠ ᠵᠡᠷᠭᠡ︶ ᠶᠣᠰᠣᠭᠠᠷ ᠰᠦᠯᠵᠢᠶᠡᠨ ᠳᠤ ᠣᠷᠤᠭᠤᠯᠤᠭᠰᠠᠨ ᠦᠭᠡᠢ ᠲᠠᠷᠢᠯᠭ᠎ᠠ ᠶᠢᠨ ᠡᠳ᠋ ᠃ ᠤᠯᠤᠰ ᠪᠠ ᠮᠤᠵᠢ ᠠᠴᠠ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ᠂ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠡᠯᠡᠯᠴᠡᠭᠡ ᠬᠢᠬᠦ ᠶᠢ ᠵᠣᠬᠢᠶᠠᠨ ᠪᠠᠶᠢᠭᠤᠯᠬᠤ ᠳᠤ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ᠂ ᠬᠡᠯᠡᠯᠴᠡᠭᠡᠷ ᠤᠨ ᠬᠤᠭᠤᠴᠠᠭᠠᠨ ᠳᠤ ᠬᠤᠯᠪᠣᠭᠳᠠᠯ ᠪᠥᠬᠦᠶ ᠪᠣᠯᠵᠣᠨ ᠲᠣᠭᠲᠠᠭᠰᠠᠨ ᠶᠣᠰᠣᠭᠠᠷ ᠬᠡᠷᠡᠭᠵᠢᠭᠦᠯᠦᠨ᠎ᠡ᠃  ᠬᠤᠶᠠᠷ᠂ ᠠᠵᠢᠯ ᠤᠨ ᠠᠭᠤᠯᠭ᠎ᠠ  ︵ᠨᠢᠭᠡ︶ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ᠶᠢᠨ ᠶᠤᠰᠤᠭᠠᠷ ᠰᠦᠯᠵᠢᠶᠡᠨ ᠳᠤ ᠣᠷᠣᠭᠤᠯᠣᠭᠰᠠᠨ ᠦᠭᠡᠢ ᠮᠠᠨ ᠤ ᠣᠷᠣᠨ ᠤ ᠲᠠᠷᠢᠯᠭ᠎ᠠ ᠶᠢᠨ ᠡᠮ ᠤᠨ ᠲᠥᠷᠥᠯ ᠤᠨ ᠡᠮ ᠤᠨ ᠵᠦᠢᠯ ᠤᠨ ᠠᠵᠤ ᠠᠬᠤᠶᠢᠯᠠᠯ ᠨᠢ 8 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ︽ᠥᠪᠡᠷᠲᠡᠭᠡᠨ ᠵᠠᠰᠠᠬᠤ ᠣᠷᠣᠨ ᠤ ᠲᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ — ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ — ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ — ᠡᠮ ᠤᠨ ᠵᠦᠢᠯ ᠤᠨ ᠭᠤᠶᠤᠴᠢᠯᠠᠨ ᠮᠡᠳᠡᠭᠦᠯᠦᠯᠲᠡ︾ ᠳᠤ ᠭᠠᠷᠴᠤ ᠮᠡᠳᠡᠭᠡ ᠵᠠᠩᠭᠢ ᠶᠢᠨ ᠭᠤᠶᠤᠴᠢᠯᠠᠨ ᠮᠡᠳᠡᠭᠦᠯᠬᠦ ᠰᠦᠯᠵᠢᠶᠡᠨ ᠳᠤ ᠣᠷᠤᠭᠤᠯᠤᠨ᠎ᠠ ᠃ ᠬᠡᠷᠪᠡ ᠡᠮ ᠨᠠᠶᠢᠷᠠᠬᠤ ᠬᠠᠮᠤᠭ ᠪᠠᠭ᠎ᠠ ᠨᠢᠭᠡᠴᠢ ᠶᠢᠨ ᠡᠮᠴᠢᠯᠡᠭᠡᠨ ᠤ ᠳᠠᠭᠠᠳᠬᠠᠯ ᠤᠨ ᠺᠣᠳ᠋ ᠲᠠᠢ ᠦᠢᠯᠡᠳᠬᠦᠨ ᠪᠠᠶᠢᠬᠤ ᠦᠭᠡᠶ ᠪᠣᠯ ᠳᠠᠷᠤᠶ ᠲᠦᠷᠭᠡᠨ ᠤᠯᠤᠰ ᠤᠨ ᠬᠥᠳᠡᠯᠦᠩᠭᠦᠶ ᠮᠡᠳᠡᠭᠡ ᠵᠠᠩᠭᠢ ᠶᠢ ᠬᠠᠮᠠᠭᠠᠯᠠᠬᠤ ᠲᠠᠪᠴᠠᠩ ᠢᠶᠠᠷ ᠳᠠᠮᠵᠢᠨ ᠭᠤᠶᠤᠴᠢᠯᠠᠬᠤ ᠬᠡᠷᠡᠭᠲᠡᠶ᠃  ︵ᠬᠤᠶᠠᠷ︶ ᠭᠤᠶᠤᠴᠢᠯᠠᠨ ᠮᠡᠳᠡᠭᠦᠯᠦᠭᠰᠡᠨ ᠦᠷ᠎ᠡ ᠳ᠋ᠦᠩ ᠢ ︽ᠥᠪᠡᠷᠲᠡᠭᠡᠨ ᠵᠠᠰᠠᠬᠤ ᠣᠷᠣᠨ ᠤ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠤᠪᠢᠶᠠᠷᠢ ᠰᠢᠰᠲ᠋ᠧᠮ — ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ — ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ — ᠡᠮ ᠤᠨ ᠵᠦᠢᠯ ᠤᠨ ᠭᠤᠶᠤᠴᠢᠯᠠᠨ ᠮᠡᠳᠡᠭᠦᠯᠦᠯᠲᠡ ᠶᠢᠨ ᠨᠡᠶᠢᠲᠡᠯᠡᠯ ︾ ᠳᠤ ᠨᠡᠶᠢᠲᠡᠯᠡᠵᠦ᠂ ᠨᠡᠶᠢᠲᠡᠯᠡᠬᠦ ᠪᠠᠷ ᠳᠡᠮᠵᠢᠨ ᠣᠨᠳᠣᠤ ᠰᠠᠨᠠᠯ ᠥᠬᠡᠶ ᠪᠣᠯᠤᠭᠰᠠᠨ ᠤ ᠳᠠᠷᠠᠭ᠎ᠠ ᠦᠷ᠎ᠡ ᠳ᠋ᠦᠩ ᠢ ᠨᠡᠶᠢᠲᠡᠯᠡᠬᠦ ᠶᠢᠨ ᠬᠠᠮᠲᠤ ᠪᠥᠬᠦ ᠣᠷᠣᠨ ᠤ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠤᠨ᠎ᠠ᠃  ︵ᠭᠤᠷᠪᠠ︶ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ᠶᠢᠨ ᠶᠤᠰᠤᠭᠠᠷ ᠰᠦᠯᠵᠢᠶᠡᠨ ᠳᠤ ᠣᠷᠤᠭᠤᠯᠤᠭᠰᠠᠨ ᠦᠭᠡᠢ ᠮᠠᠨ ᠤ ᠣᠷᠣᠨ ᠤ ᠲᠠᠷᠢᠯᠭ᠎ᠠ ᠶᠢᠨ ᠡᠮ ᠤᠨ ᠲᠥᠷᠥᠯ ᠤᠨ ᠡᠮ ᠤᠨ ᠵᠦᠢᠯ ᠢ 8 ᠳ᠋ᠤᠭᠠᠷ ᠰᠠᠷ᠎ᠠ ᠶᠢᠨ 30 ᠤ ᠡᠳᠦᠷ ᠠᠴᠠ ᠠᠷᠠᠯᠵᠢᠶᠠᠯᠠᠬᠤ ᠬᠢᠷᠢ ᠬᠡᠮ ᠢ ᠨᠢ ᠨᠢᠭᠡᠳᠦᠯᠲᠡᠢ ᠲᠦᠷ ᠵᠣᠭᠰᠣᠭᠠᠨ᠎ᠠ᠃  ᠭᠤᠷᠪᠠ᠂ ᠦᠨ᠎ᠡ ᠶᠢᠨ ᠱᠠᠭᠠᠷᠳᠠᠯᠭ᠎ᠠ  ︵ᠨᠢᠭᠡ︶ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ᠶᠢᠨ ᠰᠦᠯᠵᠢᠶᠡᠨ ᠳᠤ ᠣᠷᠤᠭᠤᠯᠬᠤ ᠦᠨ᠎ᠡ ᠨᠢ ᠣᠳᠣᠬᠠᠨ ᠤ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠣᠷᠤᠭᠤᠯᠤᠭᠰᠠᠨ ᠦᠨ᠎ᠡ ᠶᠢᠨ ᠳᠣᠲᠣᠷ᠎ᠠ ᠪᠣᠭᠤᠳᠠᠯᠯᠠᠭᠰᠠᠨ ᠲᠤᠭ᠎ᠠ ᠬᠡᠮᠵᠢᠶ᠎ᠡ ᠪᠠᠷ ᠬᠤᠪᠢᠶᠠᠬᠤ ᠶᠢᠨ ᠬᠠᠮᠲᠤ᠂ ᠣᠯᠠᠨ ᠪᠣᠭᠤᠳᠠᠯᠯᠠᠭᠰᠠᠨ ᠦᠢᠯᠡᠳᠭᠦᠨ ᠢ ᠰᠣᠯᠢᠵᠤ ᠪᠤᠳᠤᠭᠰᠠᠨ ᠤ ᠳᠠᠷᠠᠭᠠᠬᠢ ᠬᠠᠮᠤᠭ ᠤᠨ ᠳᠣᠤᠷ᠎ᠠ ᠦᠨ᠎ᠡ ᠪᠣᠯᠤᠨ᠎ᠠ᠃  ︵ᠬᠤᠶᠠᠷ︶ ᠬᠠᠮᠤᠭ ᠤᠨ ᠪᠠᠭ᠎ᠠ ᠨᠠᠶᠢᠷᠠᠯᠭ᠎ᠠ ᠶᠢᠨ ᠨᠢᠭᠡᠴᠢ ᠶᠢᠨ ᠰᠦᠯᠵᠢᠶᠡᠨ ᠳᠤ ᠣᠷᠤᠭᠤᠯᠤᠭᠰᠠᠨ ᠦᠨ᠎ᠡ ᠳᠤ ᠰᠡᠭᠦᠯ ᠤᠨ 2 ᠣᠷᠣᠨᠲᠤ ᠲᠤᠭ᠎ᠠ ᠶᠢ ᠨᠢᠭᠡᠳᠦᠯᠲᠡᠶ ᠦᠯᠡᠳᠡᠭᠡᠨ᠎ᠡ᠂ ᠡᠭᠦᠨ ᠳᠤ᠄ ᠭᠠᠭᠴᠠ ᠰᠠᠯᠪᠤᠷᠢ ᠶᠢᠨ ᠰᠦᠯᠵᠢᠶᠡᠨ ᠳᠤ ᠣᠷᠤᠭᠤᠯᠤᠭᠰᠠᠨ ᠦᠨ᠎ᠡ ᠨᠢ 2 ᠲᠥᠭᠦᠷᠢᠭ ᠠᠴᠠ ᠥᠨᠳᠥᠷ ᠪᠢᠰᠢ ᠪᠠᠶᠢᠪᠠᠯ 3 ᠳ᠋ᠤᠭᠠᠷ ᠣᠷᠤᠨᠲᠤ ᠲᠤᠭ᠎ᠠ ᠨᠢ ᠰᠢᠭᠤᠳ ᠣᠷᠣᠨ ᠳᠠᠪᠰᠢᠨ᠎ᠠ ︔ ᠭᠠᠭᠴᠠ ᠰᠠᠯᠪᠤᠷᠢ ᠶᠢᠨ ᠰᠦᠯᠵᠢᠶᠡᠨ ᠳᠤ ᠣᠷᠤᠭᠤᠯᠤᠭᠰᠠᠨ ᠦᠨ᠎ᠡ ᠨᠢ 2 ᠲᠥᠭᠦᠷᠢᠭ ᠠᠴᠠ ᠥᠨᠳᠥᠷ ᠪᠠᠶᠢᠪᠠᠯ 3 ᠳ᠋ᠤᠭᠠᠷ ᠣᠷᠣᠨᠲᠤ ᠲᠤᠭ᠎ᠠ ᠨᠢ ᠰᠢᠭᠤᠳ ᠰᠡᠭᠦᠯ ᠬᠠᠶᠠᠨ᠎ᠠ᠃  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ2024 ᠣᠨ ᠤ 8 ᠳ᠋ᠤᠭᠠᠷ ᠰᠠᠷ᠎ᠠ ᠶᠢᠨ 6 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号