2024 ᠣᠨ ᠤ 9 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮ | ᠡᠮᠨᠡᠯᠭᠡ ᠬᠤᠳᠠᠯᠳᠤᠨ ᠠᠪᠬᠤ ᠲᠥᠪ ᠬᠥᠬᠡᠬᠤᠲᠠ ᠳᠤ ᠪᠥᠬᠦ ᠣᠷᠣᠨ ᠤ ᠡᠮ ᠤᠨ ᠵᠦᠢᠯ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠶᠢ ᠬᠠᠷᠭᠤᠭᠤᠯᠤᠨ ᠪᠠᠶᠢᠴᠠᠭᠠᠬᠤ ᠪᠣᠯᠪᠠᠰᠤᠷᠠᠯ ᠤᠨ ᠠᠩᠭᠢ ᠶᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ | ᠬᠠᠮᠢᠶᠠᠷᠤᠯᠲᠠ ᠵᠢᠴᠢ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠳ ᠪᠠ ᠡᠮᠴᠢᠯᠡᠭᠡᠨ ᠤ | ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠨᠡᠶᠢᠲᠡ 136 ᠬᠥᠮᠦᠨ ᠬᠤᠷᠠᠯ ᠳᠤ | ᠣᠷᠣᠯᠴᠠᠵᠠᠶ᠃ | | | | | | ᠲᠣᠰ ᠤᠳᠠᠭᠠᠨ ᠤ ᠪᠣᠯᠪᠠᠰᠤᠷᠠᠯ ᠤᠨ ᠠᠩᠭᠢ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠤᠨ | ᠵᠦᠢᠯ ᠤᠨ ᠬᠤᠷᠣᠭᠳᠠᠯ ᠮᠠᠲ᠋ᠧᠷᠢᠶᠠᠯ ᠤᠨ ᠦᠨ᠎ᠡ ᠶᠢᠨ ᠵᠠᠰᠠᠯᠲᠠ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ | ᠨᠢᠭᠡ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠵᠢᠴᠢ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠦᠨ᠎ᠡ ᠶᠢᠨ ᠵᠠᠰᠠᠯᠲᠠ ᠶᠢᠨ ᠲᠥᠷᠥ ᠶᠢᠨ ᠪᠣᠳᠣᠯᠭ᠎ᠠ ᠵᠢᠴᠢ ᠱᠠᠭᠠᠷᠳᠠᠯᠭ᠎ᠠ ᠳᠤ | ᠪᠣᠯᠪᠠᠰᠤᠷᠠᠯ ᠬᠢᠪᠡ︔ ᠬᠤᠶᠠᠷ ᠲᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠦᠨ᠎ᠡ ᠶᠢ ᠬᠢᠨᠠᠨ ᠬᠡᠮᠵᠢᠬᠦ ᠲᠤᠬᠠᠶᠢᠯᠠᠭᠰᠠᠨ ᠠᠵᠢᠯ ᠤᠨ ᠶᠠᠪᠤᠴᠠ ᠶᠢ ᠲᠠᠶᠢᠯᠪᠤᠷᠢᠯᠠᠪᠠ︔ ᠭᠤᠷᠪᠠ ᠳᠤ᠂ ᠠᠶᠢᠮᠠᠭ | ᠬᠤᠲᠠ ᠵᠢᠴᠢ ᠡᠮᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠦᠨ᠎ᠡ ᠶᠢ ᠬᠢᠨᠠᠨ ᠬᠡᠮᠵᠢᠬᠦ ᠠᠵᠢᠯ ᠤᠨ ᠬᠠᠮᠢᠶ᠎ᠠ | ᠪᠥᠬᠦᠶ ᠲᠤᠷᠰᠢᠯᠭ᠎ᠠ ᠶᠢᠨ ᠲᠤᠬᠠᠶ ᠲᠠᠨᠢᠯᠴᠠᠭᠤᠯᠪᠠ︔ ᠲᠦᠷᠪᠡ ᠳᠤ᠂ ᠠᠵᠢᠯ ᠤᠨ ᠠᠰᠠᠭᠤᠳᠠᠯ ᠵᠢᠴᠢ | ᠲᠥᠯᠥᠪᠯᠡᠭᠡ ᠶᠢ ᠪᠦᠬᠦ ᠲᠠᠯ᠎ᠠ ᠪᠠᠷ ᠡᠮᠬᠢᠯᠡᠬᠦ ᠶᠢᠨ ᠬᠠᠮᠲᠤ᠂ ᠠᠶᠢᠮᠠᠭ ᠬᠤᠳᠠ ᠪᠣᠯᠤᠨ ᠡᠮᠴᠢᠯᠡᠭᠡᠨ ᠤ | ᠪᠠᠶᠢᠭᠤᠯᠤᠮᠵᠢ ᠲᠠᠢ ᠲᠤᠬᠠᠢ ᠶᠢᠨ ᠲᠠᠯᠠᠪᠤᠷ ᠲᠤ ᠨᠢ ᠨᠢᠭᠤᠷᠳᠠᠨ ᠶᠠᠷᠢᠯᠴᠠᠵᠤ᠂ ᠠᠵᠢᠯ ᠤᠨ ᠳᠤᠮᠳᠠ ᠣᠷᠣᠰᠢᠵᠤ | ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠵᠢᠭᠠᠨ ᠵᠢᠯᠣᠭᠤᠳᠪᠠ᠃ | ᠲᠣᠰ ᠤᠳᠠᠭᠠᠨ ᠤ ᠪᠣᠯᠪᠠᠰᠤᠷᠠᠯ ᠳᠤ ᠪᠥᠬᠦ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠤᠨ ᠦᠨ᠎ᠡ ᠶᠢᠨ ᠵᠠᠰᠠᠯᠲᠠ ᠶᠢᠨ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠵᠤ᠂ ᠬᠠᠮᠢᠶ᠎ᠠ ᠪᠥᠬᠦᠶ ᠡᠩᠨᠡᠭᠡ ᠶᠢᠨ ᠣᠨᠣᠯ ᠤᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ | ᠴᠢᠳᠠᠪᠤᠷᠢ ᠶᠢ ᠳᠡᠭᠡᠭᠰᠢᠯᠡᠭᠦᠯᠦᠨ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠦᠨ᠎ᠡ ᠶᠢᠨ ᠵᠠᠰᠠᠯᠲᠠ ᠶᠢᠨ ᠠᠵᠢᠯ ᠢ ᠰᠠᠶᠢᠲᠤᠷ ᠬᠢᠬᠦ ᠳᠤ ᠬᠦᠴᠦᠲᠡᠶ ᠲᠤᠯᠭᠠᠭᠤᠷᠢᠯᠠᠯ ᠬᠠᠩᠭᠠᠪᠠ᠃ | |