ᠳᠡᠷᠭᠡᠳᠡᠬᠢ ᠡᠶᠢᠮᠦᠷᠬᠦᠦ ︽ᠰᠠᠶᠢᠨ︾ ᠡᠮ ᠤᠨ ᠳᠡᠯᠭᠡᠭᠦᠷ ᠢ ᠰᠡᠷᠡᠮᠵᠢᠯᠡ︕
ᠨᠡᠶᠢᠲᠡᠯᠡᠭᠰᠡᠨ ᠴᠠᠭ᠄
2024/9/25
  ᠣᠶᠢᠷ᠎ᠠ ᠳᠤ᠂ ᠶᠠᠩ ᠠᠨᠢᠶ᠎ᠠ ᠰᠠᠭᠤᠭᠠᠯᠢ ᠲᠣᠭᠤᠷᠢᠭ ᠲᠤ ᠬᠥᠮᠦᠨ ᠣᠯᠵᠤ ᠦᠵᠡᠪᠡᠯ ᠣᠶᠢᠷ᠎ᠠ ᠬᠠᠪᠢ ᠳᠤ ᠨᠢᠭᠡᠨ ᠣᠨᠴᠠᠭᠠᠢ ︽ᠰᠠᠶᠢᠨ ︾ ᠡᠮ ᠤᠨ ᠳᠡᠯᠭᠡᠭᠦᠷ ᠢ ᠰᠢᠨ᠎ᠡ ᠪᠠᠷ ᠨᠡᠭᠡᠭᠡᠵᠦ᠂ ᠲᠡᠳᠡᠨ ᠤ ᠳᠡᠯᠭᠡᠭᠦᠷ ᠤᠨ ᠶᠠᠭᠤᠮ᠎ᠠ ᠪᠦᠷ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠵᠤ ᠪᠣᠯᠤᠨ᠎ᠠ᠂ ᠤᠤᠭᠤᠵᠤ ᠪᠠᠷᠠᠬᠤ ᠦᠭᠡᠢ ᠡᠮ ᠢ ᠪᠠᠰᠠ ᠬᠤᠷᠢᠶᠠᠨ ᠠᠪᠤᠨ᠎ᠠ ᠭᠡᠵᠦ ᠲᠠᠨᠢᠯᠴᠠᠭᠤᠯᠬᠤ ᠪᠠᠶᠢᠪᠠ ᠃ ᠶᠠᠩ ᠠᠨᠢᠶ᠎ᠠ ᠡᠩ ᠤᠨ ᠦᠶ᠎ᠡ ᠳᠤ ᠳ᠋ᠭᠧᠯᠧᠢᠰ ᠤᠨ ᠳᠠᠩ ᠦᠨ᠎ᠡ ᠨᠢ 130 ᠲᠥᠭᠦᠷᠢᠭ ᠪᠣᠯᠪᠠᠴᠤ ᠵᠥᠪᠬᠡᠨ 72% ᠢ ᠳᠠᠩᠰᠠ ᠲᠠᠶᠢᠯᠵᠤ᠂ 36.4 ᠲᠦᠭᠦᠷᠢᠭ ᠢ ᠥᠪᠡᠷ ᠢᠶᠠᠨ ᠲᠤᠰᠢᠶᠠᠬᠤ ᠬᠡᠷᠡᠭᠲᠡᠶ ᠪᠠᠶᠢᠵᠠᠢ᠂ ᠡᠨᠡ ᠳᠡᠯᠭᠡᠭᠦᠷ ᠤᠨ ᠳᠠᠩ ᠦᠨ᠎ᠡ ᠨᠢ 150 ᠲᠥᠭᠦᠷᠢᠭ ᠪᠠᠶᠢᠵᠤ 80% ᠶᠢ ᠳᠠᠩᠰᠠ ᠲᠠᠶᠢᠯᠬᠤ ᠪᠦᠭᠡᠳ ᠵᠥᠪᠬᠡᠨ ᠥᠪᠡᠷᠲᠡᠭᠡᠨ 30 ᠲᠥᠭᠦᠷᠢᠭ ᠲᠤᠰᠢᠶᠠᠪᠠᠯ ᠪᠣᠯᠴᠢᠬᠠᠨ᠎ᠠ᠂ ᠲᠡᠷᠡ ᠮᠥᠷᠲᠡᠭᠡᠨ 10 ᠬᠠᠶᠢᠷᠴᠠᠭ ᠠᠪᠤᠪᠠᠯ ᠪᠠᠰᠠ 1 ᠬᠠᠶᠢᠷᠴᠠᠭ ᠬᠦᠷᠭᠡᠵᠦ᠂ ᠨᠤᠭᠤᠯᠤᠨ ᠪᠣᠳᠣᠭᠠᠳ ᠨᠢᠭᠡ ᠬᠠᠶᠢᠷᠴᠠᠭ ᠢᠯᠡᠭᠦᠦ ᠥᠭᠳᠡᠭ᠃  ᠭᠡᠲᠡᠯ᠎ᠡ ᠡᠨᠡ ᠳᠠᠩᠰᠠ ᠶᠢ ᠦᠨᠡᠬᠡᠷ ᠢᠩᠭᠢᠵᠦ ᠪᠣᠳᠣᠨ᠎ᠠ ᠤᠤ︖ ᠡᠨᠡ ᠪᠣᠯ ᠦᠨᠡᠬᠡᠷ ᠨᠢᠭᠡᠨ ︽ᠰᠠᠶᠢᠨ︾ ᠡᠮ ᠤᠨ ᠳᠡᠯᠭᠡᠭᠦᠷ ᠮᠥᠨ ᠦᠦ︖  ᠨᠠᠷᠢᠪᠴᠢᠯᠠᠨ ᠪᠣᠳᠣᠵᠤ ᠦᠵᠡᠪᠡᠯ᠂ ᠡᠨᠡ ᠡᠮ ᠤᠨ ᠲᠡᠯᠭᠡᠭᠦᠷ ᠲᠤ ᠶᠠᠳᠠᠬᠤ ᠳᠤ ᠪᠠᠨ ᠲᠤᠤᠷᠠᠬᠢ ᠠᠰᠠᠭᠤᠳᠠᠯ ᠤᠳ ᠤᠷᠤᠰᠢᠵᠤ ᠪᠠᠶᠢᠨ᠎ᠠ᠄  ︵1︶ ᠡᠮ ᠬᠡᠷᠡᠭᠯᠡᠬᠦ ᠠᠮᠤᠷ ᠲᠦᠪᠰᠢᠨ ᠤ ᠳᠠᠯᠳᠠ ᠭᠡᠮ᠃ ᠶᠠᠩ ᠠᠨᠢᠶ᠎ᠠ ᠶᠢᠨ ᠬᠤᠳᠠᠯᠳᠤᠨ ᠠᠪᠤᠭᠰᠠᠨ ᠡᠨᠡ ᠬᠦ ᠳ᠋ᠭᠧᠯᠧᠢᠰ ᠨᠢ ᠪᠦᠷ ᠵᠣᠷ ᠤᠨ ᠡᠮ ᠪᠣᠯᠤᠨ᠎ᠠ᠂ ᠵᠣᠷ ᠤᠨ ᠡᠮ ᠨᠢ ᠡᠩ ᠤᠨ ᠪᠠᠶᠢᠳᠠᠯ ᠳᠤ ᠨᠡᠯᠢᠶᠡᠳ ᠴᠢᠩᠭ᠎ᠠ ᠡᠮ ᠤᠨ ᠵᠦᠢ ᠶᠢᠨ ᠦᠢᠯᠡᠳᠦᠯ ᠲᠠᠢ ᠪᠠᠶᠢᠵᠤ᠂ ᠨᠡᠯᠢᠶᠡᠳ ᠶᠡᠭᠡ ᠡᠷᠡᠭᠦᠯ ᠪᠤᠰᠤ ᠲᠤᠰᠬᠠᠯ ᠤᠨ ᠲᠦᠭᠰᠢᠭᠦᠷᠢ ᠣᠷᠣᠰᠢᠵᠤ ᠮᠡᠳᠡᠨ᠎ᠡ᠂ ᠡᠰᠡᠬᠦᠯ᠎ᠡ ᠡᠪᠡᠳᠴᠢᠲᠡᠨ ᠤ ᠪᠣᠳᠠᠲᠠᠶ ᠡᠪᠡᠳᠴᠢᠨ ᠤ ᠪᠠᠶᠢᠳᠠᠯ᠂ ᠪᠡᠶ᠎ᠡ ᠶᠢᠨ ᠪᠠᠶᠢᠳᠠᠯ᠂ ᠬᠠᠷᠰᠢᠮᠠᠲᠠᠭᠠᠶ ᠲᠡᠤᠬᠡ ᠵᠡᠷᠭᠡ ᠬᠦᠴᠦᠨ ᠵᠦᠢᠯ ᠢ ᠦᠨᠳᠦᠰᠦᠯᠡᠨ ᠬᠤᠪᠢ ᠪᠡᠶ᠎ᠡ ᠶᠢᠨ ᠡᠮ ᠤᠨ ᠲᠣᠬᠢᠷᠠᠭᠤᠯᠤᠯᠲᠠ ᠪᠠ ᠬᠢᠨᠠᠨ ᠬᠡᠮᠵᠢᠯᠲᠡ ᠬᠢᠵᠦ᠂ ᠵᠣᠬᠢᠰ ᠦᠭᠡᠢ ᠪᠠᠷ ᠬᠡᠷᠡᠭᠯᠡᠬᠦ ᠳᠤ ᠨᠡᠯᠢᠶᠡᠳ ᠶᠡᠭᠡ ᠲᠦᠭᠰᠢᠭᠦᠷᠢ ᠣᠷᠣᠰᠢᠵᠤ ᠮᠡᠳᠡᠨ᠎ᠡ᠃ ᠵᠣᠷ ᠤᠨ ᠡᠮ ᠬᠤᠳᠠᠯᠳᠤᠨ ᠠᠪᠬᠤ ᠳᠤ ᠵᠠᠪᠠᠯ ᠤᠷᠢᠳ ᠢᠶᠠᠷ ᠡᠮᠴᠢ ᠪᠠᠷ ᠲᠠᠮᠵᠢᠭᠤᠯᠤᠨ ᠵᠣᠷ ᠪᠢᠴᠢᠵᠦ ᠥᠭᠬᠦ ᠬᠡᠷᠡᠭᠲᠡᠢ᠂ ᠢᠩᠭᠢᠪᠡᠯ ᠰᠠᠶ᠋ᠢ ᠡᠮ ᠬᠡᠷᠡᠭᠯᠡᠬᠦ ᠠᠶᠤᠯᠭᠦᠢ ᠴᠢᠨᠠᠷ ᠪᠠ ᠪᠦᠲᠦᠮᠵᠢᠲᠦ ᠴᠢᠨᠠᠷ ᠢ ᠪᠠᠲᠤᠯᠠᠵᠤ᠂ ᠠᠳᠡᠭᠦᠷᠡᠨ ᠬᠡᠷᠡᠭᠯᠡᠵᠦ ᠳᠤᠷ᠎ᠠ ᠲᠠᠪᠠ ᠪᠠᠷ ᠬᠡᠷᠡᠭᠯᠡᠬᠦ ᠶᠠᠪᠤᠳᠠᠯ ᠭᠠᠷᠬᠤ ᠠᠴᠠ ᠵᠠᠶᠢᠯᠠᠰᠬᠢᠬᠤ ᠶᠤᠮ᠃  ︵2︶ ︽ᠪᠤᠴᠠᠯᠲᠠ ᠶᠢᠨ ᠡᠮ︾ ᠤᠨ ᠲᠦᠭᠰᠢᠭᠦᠷᠢ᠃ ᠡᠮ ᠤᠨ ᠳᠡᠯᠭᠡᠭᠦᠷ ᠤᠷᠢᠳ ᠢᠶᠠᠷ ᠬᠡᠮᠵᠢᠶ᠎ᠡ ᠠᠴᠠ ᠪᠠᠨ ᠬᠡᠲᠦᠷᠡᠲᠡᠯ᠎ᠡ ᠡᠮ ᠨᠠᠶᠢᠷᠠᠭᠤᠯᠤᠭᠠᠳ ᠳᠠᠷᠠᠭ᠎ᠠ ᠨᠢ ᠬᠤᠷᠢᠶᠠᠨ ᠠᠪᠴᠢᠷᠠᠪᠠᠯ᠂ ᠬᠤᠷᠢᠶᠠᠨ ᠠᠪᠴᠢᠷᠠᠭᠰᠠᠨ ᠡᠮ ᠤᠨ ᠵᠦᠢᠯ ᠨᠢ ᠯᠠᠪᠲᠠᠢ ᠪᠣᠷᠤᠯᠠᠭᠤᠯᠭ᠎ᠠ ᠶᠢᠨ ᠭᠦᠢᠯᠭᠡᠭᠡᠨ ᠤ ᠭᠤᠭᠴᠤᠭ᠎ᠠ ᠳᠤ ᠳᠠᠬᠢᠨ ᠣᠷᠣᠬᠤ ᠪᠣᠯᠣᠨ᠎ᠠ᠂ ᠲᠡᠭᠡᠪᠡᠯ ᠬᠡᠷᠡᠭᠯᠡᠭᠴᠢᠳ ᠲᠣᠰ ᠳᠡᠯᠭᠡᠭᠦᠷ ᠠᠴᠠ ᠬᠤᠳᠠᠯᠳᠤᠨ ᠠᠪᠤᠭᠰᠠᠨ ᠨᠢ ︽ᠪᠤᠴᠠᠯᠲᠠ ᠶᠢᠨ ᠡᠮ︾ ᠪᠠᠶᠢᠵᠤ ᠮᠡᠳᠡᠨ᠎ᠡ᠃ ᠪᠤᠴᠠᠯᠲᠠ ᠶᠢᠨ ᠡᠮ ᠤᠨ ᠬᠤᠣᠷ ᠬᠥᠨᠥᠭᠡᠯ ᠨᠢ ᠮᠠᠰᠢ ᠣᠯᠠᠨ ᠪᠠᠶᠢᠳᠠᠭ᠃ ︽ᠬᠠᠭᠤᠷᠮᠠᠭ ᠡᠮ︾ ︵ᠵᠠᠷᠢᠮ ᠡᠮ ᠤᠨ ᠫᠠᠨᠽᠠᠴᠢᠨ ᠵᠢᠩᠬᠢᠨᠢ ᠡᠮ ᠢᠶᠠᠨ ᠲᠠᠷᠠᠬᠠᠢ ᠪᠤᠲᠠᠷᠬᠠᠢ ᠡᠮ ᠬᠡᠷᠡᠭᠯᠡᠵᠦ ᠪᠠᠶᠢᠭ᠎ᠠ ᠵᠢᠵᠢᠭ ᠡᠮᠨᠡᠯᠭᠡ ᠶᠢᠨ ᠭᠠᠵᠠᠷ ᠲᠤ ᠬᠤᠳᠠᠯᠳᠤᠨ ᠥᠭᠴᠦ ᠮᠡᠳᠡᠨ᠎ᠡ᠂ ᠵᠠᠷᠢᠮ ᠡᠮ ᠤᠨ ᠫᠠᠨᠽᠠᠴᠢᠨ ᠵᠢᠩᠬᠢᠨᠢ ᠡᠮ ᠢᠶᠠᠨ ᠲᠠᠷᠠᠬᠠᠢ ᠪᠤᠲᠠᠷᠬᠠᠢ ᠡᠮ ᠬᠡᠷᠡᠭᠯᠡᠵᠦ ᠪᠠᠶᠢᠭ᠎ᠠ ᠵᠢᠵᠢᠭ ᠡᠮᠨᠡᠯᠭᠡ ᠶᠢᠨ ᠭᠠᠵᠠᠷ ᠲᠤ ᠬᠤᠳᠠᠯᠳᠤᠨ ᠥᠭᠴᠦ᠂ ᠳᠠᠬᠢᠭᠠᠳ ᠵᠢᠩᠬᠢᠨᠢ ᠡᠮ ᠤᠨ ᠬᠠᠶᠢᠷᠴᠠᠭ ᠲᠤ ᠬᠠᠭᠤᠷᠮᠠᠭ ᠡᠮ ᠬᠢᠵᠦ ᠡᠮ ᠤᠨ ᠳᠡᠯᠭᠡᠭᠦᠷ ᠲᠤ ᠬᠤᠳᠠᠯᠳᠤᠨ᠎ᠠ︶᠂ ︽ᠬᠤᠭᠤᠴᠠᠭ᠎ᠠ ᠥᠩᠭᠡᠷᠡᠭᠰᠡᠨ ᠡᠮ︾ ︵ᠡᠮ ᠤᠨ ᠬᠦᠴᠦᠨ ᠲᠠᠢ ᠬᠤᠭᠤᠴᠠᠭ᠎ᠠ ᠶᠢ ᠡᠮ ᠤᠨ ᠬᠠᠪᠲᠠᠭᠠᠢ ᠳᠡᠭᠡᠷ᠎ᠡ ᠰᠢᠭᠤᠳ ᠳᠠᠷᠤᠮᠠᠯᠯᠠᠳᠠᠭ ᠦᠭᠡᠢ ᠶᠤᠮ︶ ︽ᠬᠤᠭᠤᠴᠠᠭ᠎ᠠ ᠥᠩᠭᠡᠷᠡᠭᠰᠡᠨ ᠡᠮ︾ ︵ᠡᠮ ᠤᠨ ᠬᠦᠴᠦᠨ ᠲᠠᠢ ᠬᠤᠭᠤᠴᠠᠭ᠎ᠠ ᠶᠢ ᠡᠮ ᠤᠨ ᠬᠠᠪᠲᠠᠭᠠᠢ ᠳᠡᠭᠡᠷ᠎ᠡ ᠰᠢᠭᠤᠳ ᠳᠠᠷᠤᠮᠠᠯᠯᠠᠳᠠᠭ ᠦᠭᠡᠢ᠃ ᠮᠠᠰᠢ ᠣᠯᠠᠨ ᠡᠮ ᠤᠨ ᠫᠠᠨᠽᠠᠴᠢᠨ ᠬᠤᠭᠤᠴᠠᠭ᠎ᠠ  ᠨᠢ ᠥᠩᠭᠡᠷᠡᠭᠰᠡᠨ ᠪᠤᠶᠤ ᠬᠤᠭᠤᠴᠠᠭ᠎ᠠ ᠨᠢ ᠥᠩᠭᠡᠷᠡᠭᠰᠡᠨ ᠡᠮ ᠤᠨ ᠵᠦᠢᠯ ᠢ ᠤᠤᠯ ᠤᠨ ᠪᠣᠭᠤᠳᠠᠯ ᠠᠴᠠ ᠪᠠᠨ ᠰᠠᠯᠭᠠᠨ ᠭᠠᠷᠭᠠᠵᠤ᠂ ᠳᠠᠬᠢᠨ ᠰᠢᠨ᠎ᠡ ᠡᠮ ᠤᠨ ᠬᠠᠶᠢᠷᠴᠠᠭ ᠲᠤ ᠰᠠᠪᠠᠯᠠᠳᠠᠭ︶᠂ ︽ᠪᠤᠷᠤᠭᠤ ᠡᠮ︾ ︵ᠡᠮ ᠤᠨ ᠫᠠᠨᠽᠠᠴᠢᠨ ︽ᠪᠤᠴᠠᠯᠲᠠ ᠶᠢᠨ ᠡᠮ︾   ᠢ ᠵᠠᠳᠠᠯᠵᠤ ᠳᠠᠬᠢᠨ ᠵᠣᠬᠢᠶᠠᠨ ᠪᠠᠶᠢᠭᠤᠯᠬᠤ ᠶᠠᠪᠤᠴᠠ ᠳᠤ᠂ ᠡᠮ ᠤᠨ ᠬᠡᠮᠵᠢᠶ᠎ᠡ ᠬᠡᠪ ᠪᠠᠷᠢᠮᠵᠢᠶ᠎ᠠ᠂ ᠡᠮ ᠤᠨ ᠵᠦᠢᠯ ᠤᠨ ᠲᠥᠷᠥᠯ ᠵᠦᠢᠯ   ᠢ ᠬᠤᠳᠬᠤᠯᠳᠤᠭᠤᠯᠳᠠᠭ︶ ᠵᠡᠷᠭᠡ ᠨᠢ ᠬᠥᠩᠭᠡᠨ ᠪᠣᠯ ᠡᠪᠡᠳᠴᠢᠨ ᠤ ᠪᠠᠶᠢᠳᠠᠯ   ᠢ ᠰᠠᠭᠠᠲᠠᠭᠠᠵᠤ᠂ ᠬᠦᠨᠳᠦ ᠪᠣᠯ ᠬᠥᠮᠥᠨ ᠤ ᠠᠮᠢ ᠨᠠᠰᠤ ᠳᠤ ᠠᠶᠤᠯ ᠤᠴᠠᠷᠠᠭᠤᠯᠳᠠᠭ᠃  ︵3︶ ᠡᠮ ᠤᠨ ᠵᠦᠢᠯ ᠤᠨ ᠦᠨ᠎ᠡ ᠨᠢ ᠬᠡᠶᠢᠰᠪᠦᠷᠢ ᠥᠨᠳᠥᠷ ᠪᠠᠶᠢᠬᠤ᠃ ᠶᠠᠩ ᠠᠨᠢᠶ᠎ᠠ ᠶᠢᠨ ᠬᠤᠳᠠᠯᠳᠤᠨ ᠠᠪᠤᠭᠰᠠᠨ ᠡᠨᠡ ᠬᠦ ᠬᠡᠪ ᠪᠠᠷᠢᠮᠵᠢᠶ᠎ᠠ ᠨᠠᠷᠠᠲᠤ ᠲᠡᠮᠳᠡᠭᠲᠦ ᠶᠢᠨ ᠳ᠋ᠭᠧᠯᠧᠢᠰ ᠪᠣᠯ ᠬᠥᠬᠡᠭᠴᠢᠨ ᠲᠥᠷᠥᠯ ᠤᠨ ᠡᠮ ᠪᠣᠯᠣᠨ᠎ᠠ᠂ ᠡᠮᠴᠢᠯᠡᠭᠡᠨ ᠤ ᠳᠠᠭᠠᠳᠬᠠᠯ ᠤᠨ ᠳ᠋ᠦᠩᠨᠡᠨ ᠪᠤᠳᠤᠭᠰᠠᠨ ᠳᠤᠮᠳᠠᠴᠢ ᠦᠨ᠎ᠡ ᠨᠢ 130 ᠲᠥᠭᠦᠷᠢᠭ ᠣᠷᠴᠢᠮ ᠪᠠᠶᠢᠵᠤ᠂ ᠲᠣᠰ ᠡᠮ ᠤᠨ ᠳᠡᠯᠭᠡᠭᠦᠷ ᠤᠨ 150 ᠲᠥᠭᠦᠷᠢᠭ ᠤᠨ ᠬᠤᠳᠠᠯᠳᠤᠬᠤ ᠦᠨ᠎ᠡ ᠨᠢ ᠵᠠᠬ᠎ᠠ ᠳᠡᠯᠭᠡᠭᠦᠷ ᠤᠨ ᠦᠨ᠎ᠡ ᠠᠴᠠ 15% ᠪᠠᠷ ᠥᠨᠳᠥᠷ ᠪᠠᠶᠢᠳᠠᠭ᠃ ᠬᠠᠶᠢᠷᠴᠠᠭ ᠪᠦᠷᠢ ᠨᠢ ᠡᠩ ᠤᠨ ᠦᠨ᠎ᠡ ᠠᠴᠠ ᠪᠠᠨ 20 ᠲᠥᠭᠦᠷᠢᠭ ᠢᠯᠡᠭᠦᠦ᠂ 10 ᠬᠠᠶᠢᠷᠴᠠᠭ ᠨᠢ 200 ᠲᠥᠭᠦᠷᠢᠭ ᠢᠯᠡᠭᠦᠦ᠂ ᠡᠶᠢᠮᠦ ᠠᠴᠠ ᠬᠦᠷᠭᠡᠭᠰᠡᠨ ᠬᠠᠶᠢᠷᠴᠠᠭ ᠤᠨ ᠵᠣᠭᠤᠰ ᠤᠨ ᠲᠤᠭ᠎ᠠ ᠨᠢ 200 ᠲᠥᠭᠦᠷᠢᠭ ᠲᠠᠢ ᠲᠡᠩᠴᠡᠨ᠎ᠡ᠃  ︵4︶ ᠬᠡᠷᠡᠭᠴᠡᠭᠡ ᠠᠴᠠ ᠬᠡᠲᠦᠷᠡᠭᠰᠡᠨ ᠬᠡᠷᠡᠭᠯᠡᠭᠡ ᠶᠢ ᠪᠤᠷᠤᠭᠤ ᠪᠠᠷ ᠵᠢᠯᠤᠭᠤᠳᠬᠤ᠃ ︽ᠡᠮ ᠤᠨ ᠵᠦᠢᠯ ᠤᠨ ᠡᠵᠡᠩᠨᠡᠯᠲᠡ ᠪᠠ ᠬᠡᠷᠡᠭᠯᠡᠯᠲᠡ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠵᠡᠷᠭᠡ ᠳᠤ ᠲᠣᠳᠣᠷᠬᠠᠢ ᠲᠣᠭᠲᠠᠭᠠᠭᠰᠠᠨ ᠨᠢ᠂ ᠬᠡᠷᠡᠭᠯᠡᠭᠴᠢᠳ ᠢ ᠥᠳᠥᠭᠡᠨ ᠡᠮ ᠬᠡᠲᠦ ᠬᠤᠳᠠᠯᠳᠤᠨ ᠠᠪᠤᠭᠤᠯᠬᠤ᠂ ᠵᠦᠢ ᠵᠣᠬᠢᠰ ᠦᠭᠡᠢ ᠪᠠᠷ ᠡᠮ ᠬᠡᠷᠡᠭᠯᠡᠬᠦ ᠵᠢᠴᠢ ᠡᠮ ᠪᠦᠷᠢᠯᠭᠡᠬᠦ ᠠᠴᠠ ᠰᠡᠷᠭᠡᠶᠢᠯᠡᠬᠦ ᠶᠢᠨ ᠲᠥᠯᠥᠭᠡ᠂ ᠡᠮ ᠤᠨ ᠵᠦᠢᠯ ᠢ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠬᠤᠳᠠᠯᠳᠤᠨ ᠠᠪᠬᠤ ᠬᠡᠯᠪᠡᠷᠢ ᠪᠠᠷ ᠵᠣᠷ ᠤᠨ ᠡᠮ ᠵᠢᠴᠢ ᠬᠥᠬᠡ ᠲᠥᠷᠥᠯ ᠤᠨ ᠵᠣᠷ ᠤᠨ ᠪᠤᠰᠤ ᠡᠮ ᠢ ᠪᠣᠷᠣᠯᠠᠭᠤᠯᠬᠤ ᠶᠢ ᠠᠬᠢᠭᠤᠯᠵᠤ ᠪᠣᠯᠬᠤ ᠦᠭᠡᠢ᠃ ᠲᠤᠰ ᠡᠮ ᠤᠨ ᠳᠡᠯᠭᠡᠭᠦᠷ ᠦᠨ᠎ᠡ ᠲᠥᠯᠥᠪᠦᠷᠢ ᠦᠭᠡᠢ ᠪᠠᠷ ᠪᠡᠯᠡᠭ ᠬᠦᠷᠭᠡᠬᠦ ᠬᠡᠯᠪᠡᠷᠢ ᠪᠠᠷ ᠬᠡᠷᠡᠭᠯᠡᠭᠴᠢᠳ ᠢ ᠥᠳᠥᠭᠡᠵᠦ ᠪᠠᠶᠢᠭᠠᠳ ᠬᠡᠷᠡᠭᠴᠡᠭᠡ ᠠᠴᠠ ᠢᠯᠡᠳᠲᠡ ᠬᠡᠲᠦᠷᠡᠭᠰᠡᠨ ᠡᠮ ᠤᠨ ᠵᠦᠢᠯ ᠢ ᠶᠡᠭᠡ ᠬᠡᠮᠵᠢᠶ᠎ᠡ ᠪᠠᠷ ᠬᠤᠳᠠᠯᠳᠤᠨ ᠠᠪᠤᠭᠤᠯᠬᠤ ᠨᠢ ᠲᠣᠭᠲᠠᠭᠠᠯ ᠢ ᠵᠥᠷᠢᠴᠡᠭᠰᠡᠨ ᠪᠠᠶᠢᠨ᠎ᠠ᠃  ︵5︶ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠤᠬᠠᠭᠠᠯᠠᠨ ᠠᠪᠬᠤ᠃ ᠳ᠋ᠭᠧᠯᠧᠢᠰ ᠪᠣᠯ ᠬᠥᠬᠡᠭᠴᠢᠨ ᠲᠥᠷᠥᠯ ᠤᠨ ᠡᠮ ᠮᠥᠨ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠪᠣᠯ ︽ᠬᠤᠪᠢ ᠬᠥᠮᠥᠨ ᠤᠷᠢᠳ ᠢᠶᠠᠷ 10% ᠶᠢ ᠥᠪᠡᠷᠲᠡᠭᠡᠨ ᠬᠠᠷᠢᠭᠤᠴᠠᠵᠤ᠂ ᠲᠠᠩᠰᠠ ᠲᠠᠶᠢᠯᠬᠤ ᠬᠠᠷᠢᠴᠠᠯ ᠢ 80% ᠪᠠᠷ ᠪᠤᠳᠤᠨ᠎ᠠ︾ ︵ᠳᠠᠷᠤᠢ 72%︶᠂ ᠭᠡᠪᠡᠴᠦ ᠲᠣᠰ ᠡᠮ ᠤᠨ ᠳᠡᠯᠭᠡᠭᠦᠷ ᠨᠢ ᠲᠡᠭᠦᠨ ᠢ ᠬᠥᠬᠡ ᠲᠥᠷᠥᠯ ᠤᠨ ᠡᠮ ᠤᠨ ᠵᠦᠢᠯ ᠢᠶᠠᠷ ᠰᠣᠯᠢᠭᠠᠳ᠂ ᠲᠠᠩᠰᠠ ᠲᠠᠶᠢᠯᠬᠤ ᠬᠡᠪᠴᠢᠶᠡᠨ ᠳᠤ ᠪᠥᠬᠦ ᠲᠤᠭ᠎ᠠ ᠪᠠᠷ ᠣᠷᠣᠭᠤᠯᠤᠭᠰᠠᠨ ᠪᠥᠭᠡᠳ 80% ᠶᠢᠨ ᠬᠠᠷᠢᠴᠠᠯ ᠢᠶᠠᠷ ᠲᠠᠩᠰᠠ ᠳᠡᠶᠢᠯᠵᠦ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠢᠯᠡᠭᠦᠦ 12 ᠲᠥᠭᠦᠷᠢᠭ ᠤᠬᠠᠭᠠᠯᠠᠨ ᠠᠪᠴᠠᠢ᠃ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠢ ᠪᠣᠯ ᠲᠥᠷᠥᠯ ᠬᠤᠪᠢᠶᠠᠨ ᠬᠠᠮᠢᠶᠠᠷᠴᠤ ᠪᠠᠶᠢᠳᠠᠭ᠂ ᠬᠥᠬᠡ ᠲᠥᠷᠥᠯ ᠤᠨ ᠡᠮ ᠤᠨ ᠵᠦᠢᠯ ᠢ ᠪᠥᠬᠦ ᠲᠤᠭ᠎ᠠ᠂ ᠬᠥᠬᠡᠭᠴᠢᠨ ᠲᠥᠷᠥᠯ ᠤᠨ ᠡᠮ ᠤᠨ ᠵᠦᠢᠯ ᠢ ᠬᠠᠷᠢᠴᠠᠯ ᠶᠣᠰᠣᠭᠠᠷ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠪᠤᠰᠤᠳ ᠡᠮ ᠤᠨ ᠵᠦᠢᠯ ᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠦᠭᠡᠢ᠃ ᠲᠤᠰ ᠡᠮ ᠤᠨ ᠳᠡᠯᠭᠡᠭᠦᠷ ᠨᠢ ︽ᠲᠡᠳᠡᠨ ᠤ ᠳᠡᠯᠭᠡᠭᠦᠷ ᠤᠨ ᠶᠠᠭᠤᠮ᠎ᠠ ᠪᠦᠬᠦᠨ ᠢ ᠴᠥᠮ ᠡᠮ ᠡᠮᠴᠢᠯᠡᠭᠡᠨ ᠤ ᠳᠠᠭᠠᠳᠬᠠᠯ ᠤᠨ ᠳᠠᠩᠰᠠᠨ ᠠᠴᠠ ᠳᠡᠶᠢᠯᠵᠦ ᠪᠣᠯᠣᠨ᠎ᠠ︾ ᠭᠡᠵᠦ ᠵᠠᠷᠯᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠤᠨ ᠳᠠᠭᠠᠳᠬᠠᠯ ᠤᠨ ᠬᠠᠤᠯᠢ︾ ︽ᠡᠮᠴᠢᠯᠡᠭᠡᠨ ᠤ ᠪᠠᠲᠤᠯᠠᠭ᠎ᠠ   ᠶᠢᠨ ᠰᠠᠭᠤᠷᠢ ᠮᠥᠩᠭᠦᠨ ᠤ ᠬᠡᠷᠡᠭᠯᠡᠯᠲᠡ ᠶᠢ ᠬᠢᠨᠠᠨ ᠬᠠᠮᠢᠶᠠᠷᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠵᠥᠷᠢᠴᠡᠵᠡᠢ᠃  ᠰᠡᠭᠦᠯᠡᠷ ᠨᠢ ᠶᠠᠩ ᠠᠨᠢᠶ᠎ᠠ ᠡᠨᠡ ᠬᠦ ︽ᠰᠠᠶᠢᠨ︾ ᠡᠮ ᠤᠨ ᠳᠡᠯᠭᠡᠭᠦᠷ ᠤᠨ ᠡᠮ ᠢ ᠤᠤᠭᠤᠭᠰᠠᠨ ᠠᠴᠠ ᠴᠢᠰᠤᠨ ᠰᠢᠬᠢᠷ ᠢ ᠬᠢᠵᠠᠭᠠᠷᠯᠠᠵᠤ ᠳᠡᠶᠢᠯᠦᠭᠰᠡᠨ ᠦᠭᠡᠢ ᠠᠴᠠ ᠡᠪᠡᠳᠴᠢᠨ ᠤ ᠪᠠᠶᠢᠳᠠᠯ ᠳᠠᠬᠢᠨ ᠳᠠᠪᠲᠠᠨ ᠡᠭᠦᠰᠴᠦ᠂ ᠠᠷᠭ᠎ᠠ ᠪᠤᠰᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠳᠤ ᠣᠴᠢᠵᠤ ᠡᠮᠨᠡᠭᠦᠯᠦᠭᠡᠳ ᠰᠠᠶ᠋ᠢ ᠡᠪᠡᠳᠴᠢᠨ ᠤ ᠪᠠᠶᠢᠳᠠᠯ ᠢᠶᠠᠨ ᠲᠣᠭᠲᠠᠪᠤᠷᠢᠵᠢᠭᠤᠯᠪᠠ᠃ ᠡᠩ ᠤᠨ ᠪᠠᠶᠢᠳᠠᠯ ᠳᠤ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠦᠭᠰᠡᠨ ᠵᠠᠷᠤᠳᠠᠯ ᠢ ᠨᠢᠭᠡᠳᠦᠯᠲᠡᠢ ᠲᠥᠯᠥᠪᠯᠡᠨ ᠳᠠᠩᠰᠠᠨ ᠠᠴᠠ ᠲᠠᠶᠢᠯᠤᠨ᠎ᠠ᠂ ᠡᠭᠦᠨ ᠤ ᠳ᠋ᠦᠩ ᠳᠤ ᠶᠠᠩ ᠠᠨᠢᠶ᠎ᠠ ᠶᠢᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠤᠭ᠎ᠠ ᠬᠡᠮᠵᠢᠶ᠎ᠡ ᠶᠢ ᠴᠥᠮ ᠡᠨᠡ ᠬᠦ ︽ᠰᠠᠶᠢᠨ︾ ᠡᠮ ᠤᠨ ᠳᠡᠯᠭᠡᠭᠦᠷ ᠲᠤ ᠵᠠᠷᠤᠭᠠᠳ ᠪᠠᠷᠠᠴᠢᠬᠠᠭᠰᠠᠨ ᠪᠣᠯᠬᠤᠷ ᠥᠪᠡᠷ ᠤᠨ ᠨᠢᠭᠡ ᠰᠠᠷ᠎ᠠ ᠶᠢᠨ ᠠᠵᠢᠯ ᠠᠴᠠ ᠪᠠᠭᠤᠭᠰᠠᠨ ᠴᠠᠯᠢᠩ ᠢᠶᠠᠷ ᠢᠶᠠᠨ ᠡᠭᠦᠳᠡᠨ ᠡᠮᠨᠡᠯᠭᠡ   ᠶᠢᠨ ᠵᠠᠷᠤᠳᠠᠯ ᠢ ᠲᠥᠯᠥᠬᠦ ᠯᠡ ᠬᠡᠷᠡᠭᠲᠡᠢ ᠪᠣᠯᠵᠠᠢ᠃ ᠶᠠᠩ ᠠᠨᠢᠶ᠎ᠠ ᠪᠠᠰᠠ ᠦᠯᠡᠳᠡᠭᠰᠡᠨ ᠡᠮ ᠢᠶᠠᠨ ᠪᠦᠬᠦᠨ ᠢ ︽ᠰᠠᠶᠢᠨ︾ ᠡᠮ ᠤᠨ ᠳᠡᠯᠭᠡᠭᠦᠷ ᠲᠤ ᠪᠤᠴᠠᠭᠠᠵᠤ ᠥᠭᠬᠦ ᠶᠢ ᠪᠤᠳᠤᠭᠰᠠᠨ ᠳᠤ ᠡᠮ ᠤᠨ ᠳᠡᠯᠭᠡᠭᠦᠷ ᠨᠢᠭᠡᠨᠲᠡ ᠪᠢᠲᠡᠭᠦᠮᠵᠢᠯᠡᠭᠳᠡᠭᠰᠡᠨ ᠢ ᠣᠯᠵᠤ ᠮᠠᠲᠠᠵᠠᠢ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠥᠪᠡᠷᠲᠡᠭᠡᠨ ᠴᠦ ᠳᠠᠭᠠᠳᠬᠠᠯ ᠢ ᠮᠡᠬᠡᠯᠡᠬᠦ ᠠᠵᠢᠯᠯᠠᠭ᠎ᠠ ᠳᠤ ᠣᠷᠣᠯᠴᠠᠭᠰᠠᠨ ᠲᠦᠭᠰᠢᠭᠦᠷᠢ ᠶᠢ ᠨᠡᠬᠡᠮᠵᠢᠯᠡᠵᠦ ᠮᠡᠳᠡᠨ᠎ᠡ᠃  ᠡᠶᠢᠮᠦ ᠠᠴᠠ᠂ ᠦᠵᠡᠬᠦ ᠳᠤ ᠭᠠᠵᠠᠷ ᠪᠣᠯᠭᠠᠨ ᠳᠤ ᠳᠠᠭᠠᠳᠬᠠᠯ ᠳᠤ ᠣᠷᠣᠯᠴᠠᠭᠰᠠᠳ ᠤᠨ ᠲᠥᠯᠥᠭᠡ ᠪᠣᠳᠣᠯᠬᠢᠯᠠᠳᠠᠭ ᠡᠨᠡ ᠬᠦ ︽ᠰᠠᠶᠢᠨ︾ ᠡᠮ ᠤᠨ ᠳᠡᠯᠭᠡᠭᠦᠷ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠢᠳᠡᠭᠳᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠳᠠᠭᠠᠳᠬᠠᠯ ᠳᠤ ᠣᠷᠣᠯᠴᠠᠭᠰᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠴᠢᠨᠠᠭᠰᠢᠯᠠᠪᠠᠯ ᠳᠠᠭᠠᠳᠬᠠᠯ ᠳᠤ ᠣᠷᠣᠯᠴᠠᠭᠰᠠᠳ ᠢ ᠥᠳᠥᠭᠡᠨ ᠳᠠᠭᠠᠳᠬᠠᠯ ᠢ ᠮᠡᠬᠡᠯᠡᠨ ᠬᠢᠬᠠᠬᠤ ᠠᠵᠢᠯᠯᠠᠭ᠎ᠠ ᠳᠤ ᠣᠷᠣᠯᠴᠠᠭᠤᠯᠵᠤ᠂ ᠬᠠᠤᠯᠢ ᠴᠠᠭᠠᠵᠠ ᠶᠢᠨ ᠲᠦᠭᠰᠢᠭᠦᠷᠢ ᠳᠤ ᠤᠴᠠᠷᠠᠭᠤᠯᠵᠤ ᠪᠠᠶᠢᠨ᠎ᠠ᠃ ᠬᠡᠷᠪᠡ ᠲᠠᠨ ᠤ ᠳᠡᠷᠭᠡᠳᠡ ᠪᠠᠰᠠ ᠡᠶᠢᠮᠦᠷᠬᠦᠦ          ︽ᠰᠠᠶᠢᠨ︾ ᠡᠮ ᠤᠨ ᠳᠡᠯᠭᠡᠭᠦᠷ ᠪᠠᠶᠢᠪᠠᠯ᠂ ᠳᠡᠭᠡᠷ᠎ᠡ ᠳᠤᠷᠠᠳᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠨᠠᠷᠢᠨ ᠢᠯᠭᠠᠬᠤ ᠬᠡᠷᠡᠭᠲᠡᠢ᠃ ᠡᠮ ᠤᠨ ᠳᠡᠯᠭᠡᠭᠦᠷ ᠲᠣᠭᠲᠠᠭᠠᠯ ᠠᠴᠠ ᠵᠥᠷᠢᠴᠡᠭᠰᠡᠨ ᠢ ᠣᠯᠵᠤ ᠮᠡᠳᠡᠪᠡᠯ᠂ ᠤᠲᠠᠰᠤ ᠪᠠᠷ ᠢᠯᠡᠴᠢᠯᠡᠨ ᠮᠡᠳᠡᠭᠦᠯᠦᠭᠡᠷᠡᠢ᠃ ᠪᠢᠳᠡ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠪᠠᠶᠢᠴᠠᠭᠠᠨ ᠲᠣᠳᠣᠯᠠᠭᠰᠠᠨ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠪᠠᠷ ᠵᠣᠬᠢᠬᠤ ᠬᠡᠮᠵᠢᠶᠡᠨ ᠤ ᠱᠠᠩᠨᠠᠯ ᠣᠯᠭᠤᠨ᠎ᠠ᠃  ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ  ᠬᠢᠨ ᠢᠮᠠᠭᠲᠠ ᠮᠡᠬᠡᠯᠡᠨ ᠬᠢᠬᠠᠬᠤ ᠪᠠ ᠳᠠᠭᠠᠳᠬᠠᠯ ᠢ ᠮᠡᠬᠡᠯᠡᠬᠦ ᠳᠤ ︽ᠥᠴᠥᠬᠡᠨ ᠴᠦ ᠢᠯᠳᠠᠷ ᠬᠠᠶᠠᠬᠤ ᠦᠭᠡᠢ︾ ᠪᠠᠶᠢᠵᠤ᠂ ᠲᠣᠮᠣ ᠳ᠋ᠠᠶᠢᠲ᠋ᠠ ᠪᠠᠷ ᠰᠢᠭᠰᠢᠨ ᠪᠠᠶᠢᠴᠠᠭᠠᠬᠤ ᠠᠷᠭ᠎ᠠ ᠪᠠᠷᠢᠯ ᠢ ᠦᠷᠭᠦᠯᠵᠢᠯᠡᠨ ᠬᠡᠷᠡᠭᠯᠡᠵᠦ᠂ ᠬᠢᠨᠠᠯᠲᠠ ᠲᠠᠯᠪᠢᠵᠤ ᠪᠠᠶᠢᠴᠠᠭᠠᠬᠤ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠴᠢᠩᠭ᠎ᠠ ᠪᠥᠭᠡᠳ ᠬᠦᠨᠳᠦ ᠪᠠᠷ ᠴᠣᠬᠢᠯᠲᠠ ᠥᠭᠭᠦᠨ᠎ᠡ᠃ ᠡᠭᠦᠨ ᠤ ᠵᠡᠷᠭᠡ ᠳᠤ᠂ ᠪᠢᠳᠡ ᠪᠠᠰᠠ ᠥᠷᠭᠡᠨ ᠣᠯᠠᠨ ᠳᠠᠭᠠᠳᠬᠠᠯ ᠳᠤ ᠣᠷᠣᠯᠴᠠᠭᠴᠢ ᠢᠳᠡᠪᠬᠢᠲᠡᠢ ᠪᠠᠷ ᠬᠥᠳᠡᠯᠦᠯᠴᠡᠵᠦ᠂ ᠪᠢᠳᠡᠨ ᠲᠠᠢ ᠬᠠᠮᠲᠤ ᠪᠠᠷ ᠳᠠᠭᠠᠳᠬᠠᠯ ᠳᠤ ᠣᠷᠣᠯᠴᠠᠭᠰᠠᠨ ᠪᠥᠬᠦ ᠬᠥᠮᠥᠰ ᠤᠨ ︽ᠡᠪᠡᠳᠴᠢᠨ ᠦᠵᠡᠭᠦᠯᠬᠦ ᠵᠣᠭᠤᠰ︾ ︽ᠠᠮᠢ ᠠᠪᠤᠷᠠᠬᠤ ᠵᠣᠭᠤᠰ︾ ᠢ ᠰᠠᠶᠢᠲᠤᠷ ᠰᠠᠬᠢᠨ ᠬᠠᠮᠠᠭᠠᠯᠠᠬᠤ ᠶᠢ ᠤᠷᠢᠶᠠᠯᠠᠵᠤ ᠪᠠᠶᠢᠨ᠎ᠠ᠃ ᠲᠠᠨ ᠤ ᠳᠡᠮᠵᠢᠯᠭᠡ ᠪᠠᠷ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠷᠡᠭᠦᠯᠵᠦ᠂ ᠢᠯᠭᠠᠨ ᠲᠣᠳᠣᠯᠠᠵᠤ ᠳᠡᠶᠢᠯᠬᠦ ᠶᠢ ᠢᠲᠡᠭᠡᠵᠦ ᠪᠠᠶᠢᠨ᠎ᠠ᠂ ᠲᠠᠨ ᠤ ᠰᠢᠳᠤᠷᠭᠤ ᠰᠡᠳᠬᠢᠯᠭᠡ ᠡᠯ᠎ᠡ ᠲᠥᠷᠥᠯ ᠤᠨ ᠡᠮ ᠤᠨ ᠳᠡᠯᠭᠡᠭᠦᠷ ᠤᠨ ᠡᠷᠦᠢ ᠬᠤᠷᠤᠢ ᠦᠭᠡᠢ ᠦᠵᠡᠭᠳᠡᠯ ᠢ ᠤᠬᠠᠮᠰᠠᠷ ᠠᠴᠠ ᠪᠠᠨ ᠡᠰᠡᠷᠭᠦᠴᠡᠨ ᠢᠯᠡᠴᠢᠯᠡᠵᠦ᠂ ᠲᠠᠨ ᠤ ᠬᠠᠷᠢᠭᠤᠴᠠᠯᠭᠠᠲᠤ ᠰᠡᠳᠬᠢᠯᠭᠡ ᠯᠠᠪᠲᠠᠢ ᠪᠥᠬᠦ ᠣᠷᠣᠨ ᠤ ᠬᠤᠶᠠᠷ ᠮᠢᠩᠭᠠᠨ ᠲᠦᠮᠡᠨ ᠳᠠᠭᠠᠳᠬᠠᠯ ᠳᠤ ᠣᠷᠣᠯᠴᠠᠭᠰᠠᠳ ᠲᠤ ᠨᠠᠩ ᠬᠦᠴᠦᠲᠡᠢ ᠡᠷᠡᠭᠦᠯ ᠮᠡᠨᠳᠦ ᠶᠢᠨ ᠪᠠᠲᠤᠯᠠᠭ᠎ᠠ ᠣᠯᠭᠤᠬᠤ ᠪᠣᠯᠣᠨ᠎ᠠ︕  ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠢᠯᠡᠴᠢᠯᠡᠨ ᠮᠡᠳᠡᠭᠦᠯᠬᠦ ᠤᠲᠠᠰᠤ᠄ 0471 — 6606324 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号