ᠥᠪᠥᠷ ᠡᠮ ᠬᠤᠳᠠᠯᠳᠤᠨ ᠠᠪᠬᠤ ᠲᠥᠪ ᠦᠰᠦᠭ ﹇ 2024﹈ 192 ᠳ᠋ᠤᠭᠠᠷ ᠲᠣᠭᠠᠲᠤ | ᠡᠯ᠎ᠡ ᠬᠤᠯᠪᠣᠭᠳᠠᠯ ᠪᠥᠬᠦᠶ ᠨᠢᠭᠡᠴᠢ ᠳᠤ᠄ | ︽ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ | ᠪᠠ ᠦᠷᠡᠵᠢᠯ ᠤᠨ ᠳᠠᠭᠠᠳᠬᠠᠯ ᠤᠨ ᠡᠮ ᠤᠨ ᠵᠦᠢᠯ ᠤᠨ ᠭᠠᠷᠴᠠᠭ ︵2023 ᠣᠨ︶ ᠢ ᠬᠡᠷᠡᠭᠵᠢᠭᠦᠯᠬᠦ ᠲᠤᠬᠠᠶ | ᠮᠡᠳᠡᠭᠳᠡᠯ︾ ︵ᠥᠪᠥᠷ ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2023﹈ 22 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠤᠯᠤᠰ ᠤᠨ ᠬᠡᠯᠡᠯᠴᠡᠭᠡᠷ ᠤᠨ ᠡᠮ ᠤᠨ ᠵᠦᠢᠯ ᠪᠣᠯᠬᠤ ᠮᠠᠰᠲ᠋ᠧᠨ᠋ᠲ᠋ᠠᠨ | ᠦᠷᠡᠯ ᠵᠡᠷᠭᠡ ᠶᠢᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠡᠶᠢᠲᠡᠯᠡᠪᠡ᠃ | ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ | ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ | ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ — ︽ᠬᠥᠳᠡᠯᠦᠩᠭᠦᠶ | ᠲᠣᠬᠢᠷᠠᠭᠤᠯᠤᠯᠲᠠ ᠬᠠᠮᠢᠶᠠᠷᠤᠯᠲᠠ︾ ᠳᠤ ᠨᠡᠪᠲᠡᠷᠡᠵᠦ ᠬᠤᠯᠪᠣᠭᠳᠠᠯ ᠪᠥᠬᠦᠶ ᠠᠵᠤ ᠠᠬᠤᠶᠢᠯᠠᠯ ᠵᠢᠴᠢ ᠡᠮ ᠤᠨ | ᠵᠦᠢᠯ ᠤᠨ ᠮᠡᠳᠡᠭᠡ ᠵᠠᠩᠭᠢ ᠶᠢᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠭᠡᠷᠡᠢ᠃ ᠬᠢᠨᠠᠨ | ᠬᠠᠷᠭᠤᠭᠤᠯᠤᠭᠠᠳ ᠪᠠᠲᠤᠯᠠᠭᠳᠠᠭᠰᠠᠨ ᠡᠮ ᠤᠨ ᠵᠦᠢᠯ ᠢ ᠬᠤᠳᠠᠯᠳᠤᠨ ᠠᠪᠬᠤ ᠰᠢᠰᠲ᠋ᠧᠮ ᠳᠤ ᠣᠷᠤᠭᠤᠯᠤᠨ᠎ᠠ᠃ ᠡᠯ᠎ᠡ | ᠨᠢᠭᠡᠴᠢ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠠᠵᠢᠯ ᠢ | ᠥᠷᠨᠢᠭᠦᠯᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠶ᠃ | ᠬᠠᠷᠢᠯᠴᠠᠬᠤ ᠬᠡᠯᠪᠡᠷᠢ᠄ ᠵᠠᠩ ᠪᠠᠭᠰᠢ 0471 - 4904007 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ | 2024 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ | |