ᠠᠷᠠᠳ ᠲᠤ ᠠᠰᠢᠭ ᠬᠦᠷᠲᠡᠭᠡᠬᠦ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2025/1/13
  ᠡᠪᠡᠳᠴᠢᠲᠡᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠠᠵᠢᠯ ᠲᠥᠷᠥᠯ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠤᠰᠠᠳᠠ ᠂ 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠥᠪᠥᠷ ᠮᠣᠩᠭᠤᠯ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠢᠨ᠎ᠡ ᠪᠦᠯᠦᠭ ᠤᠳᠠᠭ᠎ᠠ ᠶᠢ ᠳᠠᠷᠠᠭᠠᠯᠠᠨ ᠬᠡᠷᠡᠭᠵᠢᠭᠦᠯᠬᠦ᠂ ᠬᠡᠯᠡᠯᠴᠡᠭᠡᠷ ᠤᠨ ᠬᠤᠭᠤᠴᠠᠭ᠎ᠠ ᠨᠢ ᠲᠤᠯᠵᠤ ᠦᠷᠭᠦᠯᠵᠢᠯᠡᠭᠦᠯᠬᠦ ᠵᠢᠴᠢ ᠰᠢᠯᠵᠢᠯᠲᠡ ᠶᠢᠨ ᠬᠤᠭᠤᠴᠠᠭᠠᠨ ᠳᠤ ᠬᠤᠳᠠᠯᠳᠤᠨ ᠠᠪᠬᠤ ᠠᠵᠢᠯ ᠢ ᠭᠦᠨᠵᠡᠭᠡᠶ ᠠᠬᠢᠭᠤᠯᠪᠠ ᠃ ᠡᠭᠦᠨ ᠳᠤ ᠤᠯᠤᠰ ᠠᠴᠠ ᠡᠮ ᠤᠨ ᠵᠦᠢᠯ ᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠣᠯᠣᠳᠤᠭᠠᠷ ᠪᠦᠯᠦᠭ ᠵᠡᠷᠭᠡ ᠳᠥᠷᠪᠡᠨ ᠪᠦᠯᠦᠭ ᠤᠳᠠᠭ᠎ᠠ ᠵᠢᠴᠢ ᠮᠤᠵᠢ ᠶᠢᠨ ᠱᠠᠲᠤᠨ ᠤ ᠬᠤᠯᠪᠣᠭᠠᠯᠠᠨ ᠬᠡᠮᠵᠢᠶ᠎ᠡ ᠲᠠᠢ ᠬᠤᠳᠠᠯᠳᠤᠨ ᠠᠪᠬᠤ ᠵᠢᠷᠭᠤᠭᠠᠨ ᠮᠤᠵᠢ ᠬᠤᠶᠠᠷ ᠣᠷᠣᠨ᠂ ᠨᠠᠢᠮᠠᠨ ᠮᠤᠵᠢ ᠬᠤᠶᠠᠷ ᠣᠷᠣᠨ᠂ ᠪᠥᠬᠦ ᠤᠯᠤᠰ ᠤᠨ ᠬᠢᠲᠠᠳ ᠪᠡᠯᠡᠨ ᠡᠮ ᠢ ᠲᠥᠪᠯᠡᠷᠡᠭᠦᠯᠦᠨ ᠬᠤᠳᠠᠯᠳᠤᠨ ᠠᠪᠬᠤ ᠭᠤᠷᠪᠠᠨ ᠪᠦᠯᠦᠭ ᠤᠳᠠᠭ᠎ᠠ ᠶᠢᠨ ᠬᠡᠯᠡᠯᠴᠡᠭᠡᠷ ᠤᠨ ᠬᠤᠭᠤᠴᠠᠭ᠎ᠠ ᠨᠢ ᠲᠤᠯᠵᠤ ᠦᠷᠭᠦᠯᠵᠢᠯᠡᠭᠦᠯᠬᠦ ᠠᠵᠢᠯ ᠢ ᠵᠣᠬᠢᠶᠠᠨ ᠪᠠᠶᠢᠭᠤᠯᠪᠠ ︔ ᠡᠭᠦᠨ ᠤ ᠬᠠᠮᠲᠤ᠂ ᠨᠢᠭᠡ ᠤᠳᠠᠭᠠᠨ ᠤ ᠬᠡᠷᠡᠭᠯᠡᠭᠡᠨ ᠤ ᠴᠢᠨᠠᠷᠲᠠᠢ ᠬᠠᠮᠠᠷ ᠢᠶᠠᠷ ᠣᠷᠣᠭᠤᠯᠬᠤ ᠬᠤᠳᠣᠭᠤᠳᠤ ᠶᠢᠨ ᠭᠤᠤᠷᠰᠤ ᠵᠡᠷᠭᠡ 9 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠰᠣᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠂ᠵᠢᠷᠦᠬᠡ ᠯᠣᠭᠰᠢᠭᠤᠯᠤᠭᠴᠢ ᠵᠡᠷᠭᠡ 8 ᠲᠦᠷᠦᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠥᠪᠯᠡᠯᠴᠡᠭᠡᠷ ᠤᠨ ᠬᠤᠭᠤᠴᠠᠭ᠎ᠠ ᠨᠢ ᠲᠤᠯᠵᠤ ᠦᠷᠭᠦᠯᠵᠢᠯᠡᠭᠦᠯᠬᠦ ᠠᠵᠢᠯ ᠵᠢᠴᠢ ᠲᠢᠲᠢᠮ ᠰᠤᠳᠠᠯ ᠤᠨ ᠡᠮ ᠤᠨ ᠪᠥᠮᠪᠥᠭᠡᠯᠢᠭ ᠤᠭᠤᠲᠠ ᠵᠡᠷᠭᠡ 9 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠢᠯᠵᠢᠯᠲᠡ ᠶᠢᠨ ᠬᠤᠭᠤᠴᠠᠭᠠᠨ ᠳᠤ ᠬᠤᠳᠠᠯᠳᠤᠨ ᠠᠪᠬᠤ ᠠᠵᠢᠯ ᠢ ᠵᠡᠷᠭᠡ ᠪᠠᠷ ᠥᠷᠨᠢᠭᠦᠯᠪᠡ᠃  ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢᠨ ᠭᠦᠨᠵᠡᠭᠡᠶ ᠠᠭᠢᠬᠤ ᠶᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠨᠢᠭᠡᠨᠲᠡ 1011 ᠵᠦᠢᠯ ᠤᠨ ᠡᠮ ᠤᠨ ᠵᠦᠢᠯ ᠂ 65 ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠳᠤ ᠴᠢᠰᠤᠨ ᠳᠠᠷᠤᠯᠲᠠ ᠥᠨᠳᠥᠷ᠂ ᠣᠶᠤᠨ ᠮᠡᠳᠡᠷᠡᠯ ᠤᠨ ᠲᠥᠷᠥᠯ ᠤᠨ ᠡᠪᠡᠳᠴᠢᠨ᠂ ᠬᠠᠪᠤᠳᠠᠷ ᠢ ᠡᠰᠡᠷᠭᠦᠴᠡᠬᠦ ᠵᠡᠷᠭᠡ ᠣᠯᠠᠨ ᠡᠮᠴᠢᠯᠡᠭᠡᠨ ᠤ ᠬᠦᠷᠢᠶ᠎ᠡ ᠴᠠᠷᠠᠭ᠎ᠠ ᠶᠢ ᠬᠠᠮᠤᠷᠴᠤ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠬᠢᠮᠡᠯ ᠲᠠᠯᠠᠰᠲᠤ ᠂ ᠵᠢᠷᠦᠬᠡᠨ ᠤ ᠰᠤᠳᠠᠯ ᠤᠨ ᠲᠡᠯᠡᠭᠦᠷ᠂ ᠶᠠᠰᠤᠨ ᠤ ᠰᠠᠯᠠᠭ᠎ᠠ ᠵᠡᠷᠭᠡ ᠣᠯᠠᠨ ᠵᠦᠢᠯ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠪᠠᠭᠲᠠᠭᠠᠵᠤ ᠂ ᠤᠯᠠᠮ ᠠᠴᠠ ᠤᠯᠠᠮ ᠣᠯᠠᠨ ᠥᠨᠳᠥᠷ ᠦᠨ᠎ᠡ ᠪᠦᠬᠦᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠨᠡᠷᠡᠰ ᠲᠤ ᠣᠷᠣᠭᠤᠯᠪᠠ ᠃ ᠬᠡᠪᠴᠢᠶᠡᠵᠢᠭᠦᠯᠦᠨ ᠬᠤᠳᠠᠯᠳᠤᠨ ᠠᠪᠬᠤ ᠪᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢᠨ ᠬᠢᠨ ᠬᠤᠳᠠᠯᠳᠤᠨ ᠠᠪᠬᠤ ᠥᠪᠡᠷ ᠤᠨ ᠥᠷᠲᠡᠭ ᠢᠶᠠᠨ ᠠᠯᠬᠤᠮ ᠠᠯᠬᠤᠮ ᠢᠶᠠᠷ ᠪᠠᠭᠤᠷᠠᠭᠤᠯᠵᠤ᠂ ᠡᠮᠴᠢᠯᠡᠭᠡᠨ ᠤ ᠬᠡᠷᠡᠭᠯᠡᠭᠡᠨ ᠤ ᠲᠥᠷᠥᠯ ᠵᠦᠢᠯ ᠢ ᠨᠠᠩ ᠪᠠᠶᠠᠯᠢᠭᠵᠢᠭᠤᠯᠤᠨ᠂ ᠨᠠᠩ ᠣᠯᠠᠨ ᠡᠪᠡᠳᠴᠢᠲᠡᠨ ᠢ ᠴᠢᠨᠠᠷ ᠰᠠᠶᠢᠲᠠᠶ ᠰᠠᠶᠢᠨ ᠦᠨ᠎ᠡ ᠪᠠᠷ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠴᠤ ᠳᠡᠶᠢᠯᠬᠦ ᠪᠠ ᠬᠡᠷᠡᠭᠯᠡᠵᠦ ᠳᠡᠶᠢᠯᠬᠦ ᠪᠣᠯᠭᠠᠨ᠎ᠠ ᠃  ᠲᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠨᠢ ᠡᠪᠡᠳᠴᠢᠲᠡᠨ ᠢᠶᠠᠷ ᠦᠷᠭᠦᠯᠵᠢᠯᠡᠨ ᠭᠤᠤᠯ ᠪᠣᠯᠭᠠᠵᠤ᠂ ᠡᠮ ᠬᠡᠷᠡᠭᠯᠡᠬᠦ ᠠᠮᠤᠷ ᠲᠦᠪᠰᠢᠨ ᠢᠶᠠᠷ ᠰᠠᠭᠤᠷᠢ ᠪᠣᠯᠭᠠᠨ᠂ ᠡᠮᠴᠢᠯᠡᠭᠡᠨ ᠤ ᠵᠠᠷᠤᠳᠠᠯ ᠢ ᠪᠠᠭᠤᠷᠠᠭᠤᠯᠬᠤ ᠪᠠᠷ ᠬᠠᠷᠠᠯᠲᠠ ᠪᠣᠯᠭᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ᠂ ᠤᠯᠤᠰ ᠵᠢᠴᠢ ᠮᠤᠵᠢ ᠶᠢᠨ ᠬᠤᠭᠤᠷᠤᠨᠳᠤ ᠬᠤᠯᠪᠣᠭᠠᠯᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠠᠵᠢᠯ ᠢ ᠦᠷᠭᠦᠯᠵᠢᠯᠡᠨ ᠠᠬᠢᠭᠤᠯᠵᠤ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠬᠤ ᠲᠣᠭᠲᠠᠯᠴᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠨᠠᠩ ᠣᠯᠠᠨ ᠬᠡᠮᠵᠢᠶᠡᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠮᠴᠢᠯᠡᠭᠡᠨ ᠤ ᠪᠠᠶᠢᠭᠤᠯᠤᠮᠵᠢ ᠳᠤ ᠨᠠᠶᠢᠳᠠᠪᠤᠷᠢᠵᠢᠭᠤᠯᠵᠤ᠂ ᠶᠠᠰᠤ ᠴᠢᠨᠠᠷ ᠰᠢᠯᠢᠳᠡᠭ ᠦᠨ᠎ᠡ ᠨᠢ ᠬᠢᠮᠳᠠ ᠳᠣᠲᠣᠷ᠎ᠠ ᠠᠴᠠ ᠰᠣᠩᠭᠤᠨ ᠭᠠᠷᠭᠠᠭᠰᠠᠨ ᠦᠢᠯᠡᠳᠭᠦᠨ ᠢ ᠨᠠᠩ ᠣᠯᠠᠨ ᠣᠯᠠᠨ ᠲᠦᠮᠡᠨ ᠳᠤ ᠬᠦᠷᠲᠡᠭᠡᠬᠦ ᠶᠢ ᠦᠨᠡᠨ ᠬᠦ ᠪᠠᠲᠤᠯᠠᠨ᠎ᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号