ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/1/14
ᠡᠯ᠎ᠡ ᠡᠮ ᠤᠨ ᠵᠦᠢᠯ ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠵᠦ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ᠄  ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ ︿ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠢ ᠭᠦᠢᠴᠡᠳᠬᠡᠬᠦ ﹀ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ﹇ 2020 ﹈ 3 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠬᠠᠮᠤᠭ ᠤᠨ ᠰᠢᠯᠢᠳᠡᠭᠵᠢᠭᠦᠯᠬᠦ᠂ ᠠᠵᠢᠯ ᠶᠠᠪᠤᠳᠠᠯ ᠭᠦᠢᠴᠡᠳᠭᠡᠬᠦ ᠮᠠᠲ᠋ᠧᠷᠢᠶᠠᠯ ᠢ ᠬᠠᠮᠤᠭ ᠤᠨ ᠳᠥᠭᠦᠮᠴᠢᠯᠡᠬᠦ᠂ ᠠᠵᠢᠯ ᠶᠠᠪᠤᠳᠠᠯ ᠭᠦᠢᠴᠡᠳᠭᠡᠬᠦ ᠥᠪᠡᠷ ᠤᠨ ᠥᠷᠲᠡᠭ ᠢ ᠬᠠᠮᠤᠭ ᠤᠨ ᠳᠣᠣᠷ᠎ᠠ ᠪᠣᠯᠭᠠᠬᠤ ᠶᠢ ᠪᠡᠶᠡᠯᠡᠭᠦᠯᠬᠦ ᠶᠢᠨ ᠲᠤᠰᠠᠳᠠ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠴᠠᠭ ᠢ ᠪᠣᠭᠤᠨᠢᠰᠬᠠᠵᠤ᠂ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠦᠨ᠂ ᠥᠨᠳᠥᠷ ᠳᠠᠪᠲᠠᠮᠵᠢᠲᠤ ᠵᠦᠢᠯᠡᠰ ᠢ ᠭᠦᠢᠴᠡᠳᠭᠡᠬᠦ ᠳᠤ ᠠᠮᠠᠷ ᠭᠦᠢᠴᠡᠳᠭᠡᠬᠦ ᠳᠤ ᠳᠦᠭᠦᠮ ᠪᠠᠶᠢᠬᠤ ᠶᠢ ᠪᠡᠶᠡᠯᠡᠭᠦᠯᠵᠦ᠂ ᠡᠳᠦᠭᠡ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠬᠤ ᠴᠤᠪᠤᠷᠠᠯ ᠢ ᠰᠢᠯᠢᠳᠡᠭᠵᠢᠭᠦᠯᠬᠦ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄  ᠨᠢᠭᠡ᠂ ᠲᠣᠬᠢᠷᠠᠭᠤᠯᠤᠨ ᠬᠦᠷᠭᠡᠬᠦ ᠬᠡᠯᠡᠯᠴᠡᠭᠡᠷ ᠤᠨ ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢ ᠬᠦᠴᠦᠨ ᠦᠭᠡᠢ ᠪᠣᠯᠭᠠᠬᠤ  ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠰᠢᠰᠲ᠋ᠧᠮ ᠤᠨ ᠳᠣᠲᠣᠷ᠎ᠠ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠪᠠᠯ ︵ᠬᠦᠴᠦᠨ ᠦᠭᠡᠢ ᠪᠣᠯᠭᠠᠬᠤ︶ ᠳᠠᠷᠤᠢ ᠬᠤᠶᠠᠷ ᠲᠠᠯ᠎ᠠ ᠪᠠᠷ ᠢᠶᠠᠨ ᠨᠢᠭᠡᠨᠲᠡ ︵ᠬᠦᠴᠦᠨ ᠦᠭᠡᠢ ᠪᠣᠯᠭᠠᠬᠤ︶ ᠨᠠᠶᠢᠳᠠᠵᠤ ᠳᠣᠬᠢᠷᠠᠭᠤᠯᠤᠨ ᠬᠦᠷᠭᠡᠬᠦ ᠭᠡᠷ᠎ᠡ ᠲᠣᠭᠲᠠᠭᠰᠠᠨ ᠢᠶᠠᠷ ᠦᠵᠡᠵᠦ ᠂ ᠬᠤᠶᠠᠷ ᠲᠠᠯ᠎ᠠ ᠪᠠᠷ ᠢᠶᠠᠨ ᠡᠷᠬᠡᠪᠰᠢ ᠲᠣᠬᠢᠷᠠᠭᠤᠯᠤᠨ ᠬᠦᠷᠭᠡᠬᠦ ᠡᠭᠦᠷᠭᠡ ᠪᠠ ᠠᠮᠠᠯᠠᠯᠲᠠ ᠪᠠᠨ ᠤᠬᠠᠮᠰᠠᠷ ᠠᠴᠠ ᠪᠠᠨ ᠭᠦᠢᠴᠡᠳᠬᠡᠬᠦ ᠬᠡᠷᠡᠭᠲᠡᠢ᠃ 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠰᠢᠰᠲ᠋ᠧᠮ︾ ᠤᠨ ᠳᠣᠲᠣᠷ᠎ᠠ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠰᠢᠨ᠎ᠡ ᠪᠠᠷ ᠪᠠᠶᠢᠭᠤᠯᠤᠨ᠎ᠠ ︵ᠬᠦᠴᠦᠨ ᠥᠬᠡᠶ ᠪᠣᠯᠭᠠᠬᠤ︶᠂ ᠮᠠᠨ ᠤ ᠲᠥᠪ ᠠᠴᠠ ᠴᠠᠭᠠᠰᠤᠨ ᠬᠡᠪᠯᠡᠯ ᠪᠠ ᠡᠯᠧᠺᠲᠷᠣᠨ ᠬᠡᠪᠯᠡᠯ ᠤᠨ ᠨᠠᠶᠢᠳᠠᠵᠤ ᠳᠣᠭᠢᠷᠠᠭᠤᠯᠤᠨ ᠬᠦᠷᠭᠡᠬᠦ ᠬᠡᠯᠡᠯᠴᠡᠭᠡᠷ ᠢ ᠳᠠᠭᠢᠵᠤ ᠬᠤᠷᠢᠶᠠᠬᠤ ᠥᠬᠡᠶ᠂ ᠰᠢᠭᠤᠳ ᠰᠢᠰᠲ᠋ᠧᠮ ᠤᠨ ᠳᠣᠲᠣᠷ᠎ᠠ ᠬᠠᠷᠭᠤᠭᠤᠯᠤᠨ ᠪᠠᠶᠢᠴᠠᠭᠠᠵᠤ ᠂ ᠵᠠᠷᠴᠢᠮ ᠳᠡᠭᠡᠷ᠎ᠡ ᠪᠠᠨ 3 ᠠᠵᠢᠯᠯᠠᠬᠤ ᠡᠳᠦᠷ ᠲᠤ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠦᠨ᠎ᠡ᠃  ᠬᠤᠶᠠᠷ᠂ ᠰᠢᠰᠲ᠋ᠧᠮ ᠤᠨ ᠨᠢᠭᠡᠨᠲᠡ ᠪᠠᠶᠢᠭᠤᠯᠤᠭᠰᠠᠨ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠡᠮᠬᠢᠯᠡᠬᠦ  ᠦᠢᠯᠡᠳᠪᠦᠷᠢᠯᠡᠯ ᠤᠨ ᠠᠵᠤ ᠠᠬᠤᠶᠢᠯᠠᠯ ᠪᠠ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠪᠣᠳᠠᠲᠠᠶ ᠡᠵᠡᠩᠨᠡᠵᠦ ᠪᠠᠶᠢᠭ᠎ᠠ ᠦᠢᠯᠡᠳᠬᠦᠨ ᠤ ᠪᠠᠶᠢᠳᠠᠯ ᠢᠶᠠᠨ ᠦᠨᠳᠦᠰᠦᠯᠡᠨ᠂ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ ᠤᠨ ᠳᠣᠭᠢᠷᠠᠭᠤᠯᠤᠨ ᠬᠦᠷᠭᠡᠬᠦ ᠬᠠᠷᠢᠴᠠᠭ᠎ᠠ ︵ᠨᠢᠭᠡᠨᠲᠡ ᠬᠦᠴᠦᠨ ᠲᠠᠢ ᠪᠣᠯᠤᠭᠰᠠᠨ ᠪᠠ ᠬᠦᠴᠦᠨ ᠲᠠᠢ ᠪᠣᠯᠤᠭ᠎ᠠ ᠥᠬᠡᠶ ᠪᠠᠶᠢᠳᠠᠯ ᠢ ᠪᠠᠭᠲᠠᠭᠠᠨ᠎ᠠ︶ ᠶᠢᠨ ᠪᠠᠶᠢᠳᠠᠯ ᠢ ᠬᠢᠨᠠᠮᠠᠭᠠᠶ ᠡᠮᠬᠢᠯᠡᠨ᠎ᠡ ᠃ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠰᠢᠰᠲ᠋ᠧᠮ︾ ᠳᠠᠬᠢ ᠬᠦᠴᠦᠨ ᠥᠬᠡᠶ ᠬᠤᠯᠪᠣᠭ᠎ᠠ ᠶᠢ ᠦᠢᠯᠡᠳᠪᠦᠷᠢᠯᠡᠯ ᠤᠨ ᠠᠵᠤ ᠠᠬᠤᠶᠢᠯᠠᠯ ᠨᠢ ᠴᠠᠭ ᠲᠤᠬᠠᠶ ᠳᠤ ᠨᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠲᠠᠢ ᠬᠠᠷᠢᠯᠴᠠᠵᠤ ᠨᠤᠲᠠᠯᠠᠬᠤ ᠶᠢᠨ ᠬᠠᠮᠲᠤ᠂ 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ ︽ᠬᠦᠴᠦᠨ ᠥᠬᠡᠶ ᠪᠣᠯᠭᠠᠬᠤ︾ ᠭᠤᠶᠤᠴᠢᠯᠠᠯ ᠢ ᠰᠢᠢᠳᠪᠦᠷᠢᠯᠡᠵᠦ ᠂ ᠬᠦᠴᠦᠨ ᠥᠬᠡᠶ ᠪᠣᠯᠭᠠᠬᠤ ᠬᠡᠯᠡᠯᠴᠡᠭᠡᠷ ᠢ ᠲᠤᠰᠢᠶᠠᠬᠤ ᠴᠢᠬᠤᠯᠠ ᠥᠬᠡᠶ︔ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠰᠢᠰᠲ᠋ᠧᠮ︾ ᠳᠠᠬᠢ ᠪᠦᠲᠦᠮᠵᠢᠲᠡᠶ ᠬᠤᠯᠪᠣᠭ᠎ᠠ ᠶᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ 2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠠᠴᠠ ᠡᠮᠦᠨ᠎ᠡ ᠳᠣᠭᠢᠷᠠᠭᠤᠯᠤᠨ ᠬᠦᠷᠭᠡᠬᠦ ᠬᠡᠯᠡᠯᠴᠡᠭᠡᠷ ᠤᠨ ᠡᠯᠧᠺᠲᠷᠣᠨ ᠬᠡᠪᠯᠡᠯ ᠢ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠤᠨ ᠢᠮᠧᠯ ᠳᠤ ᠲᠤᠰᠢᠶᠠᠵᠤ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠨᠤᠲᠠᠯᠠᠨ᠎ᠠ ᠂ ᠬᠤᠭᠤᠴᠠᠭ᠎ᠠ ᠬᠡᠲᠦᠷᠡᠭᠡᠳ ᠨᠤᠲᠠᠯᠠᠭᠰᠠᠨ ᠦᠭᠡᠢ ᠵᠦᠢᠯᠡᠰ ᠢ ᠪᠦᠯᠦᠭ ᠢᠶᠠᠷ ᠨᠢ ︽ᠬᠦᠴᠦᠨ ᠥᠬᠡᠶ ᠪᠣᠯᠭᠠᠨ᠎ᠠ ︾ ᠃  ᠭᠤᠷᠪᠠ᠂ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠪᠠᠶᠢᠴᠠᠭᠠᠨ ᠦᠵᠡᠬᠦ  ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ        ᠰᠢᠰᠲ᠋ᠧᠮ︾ ᠢᠶᠠᠷ ᠳᠠᠮᠵᠢᠭᠤᠯᠤᠨ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠥᠪᠡᠷᠲᠡᠭᠡᠨ ᠪᠠᠶᠢᠴᠠᠭᠠᠨ ᠦᠵᠡᠵᠦ ᠪᠣᠯᠤᠨ᠎ᠠ᠂ ᠳᠣᠭᠢᠷᠠᠭᠤᠯᠤᠨ ᠬᠦᠷᠭᠡᠬᠦ ᠬᠠᠷᠢᠴᠠᠭ᠎ᠠ ᠳᠤ ᠠᠶᠢᠮᠠᠭ ᠬᠤᠲᠠ ᠶᠢᠨ ᠪᠠᠶᠢᠭᠤᠯᠤᠮᠵᠢ ᠨᠢᠭᠡᠨᠲᠡ ᠨᠤᠲᠠᠯᠠᠭᠰᠠᠨ ᠢᠶᠠᠷ ᠢᠯᠡᠷᠡᠵᠦ ᠪᠠᠶᠢᠪᠠᠯ ᠳᠣᠭᠢᠷᠠᠭᠤᠯᠤᠨ ᠬᠦᠷᠭᠡᠬᠦ ᠪᠣᠯᠤᠨ᠎ᠠ᠃  ᠳᠥᠷᠪᠡ᠂ ᠳᠠᠩᠰᠠᠨ ᠡᠷᠦᠬᠡ ᠶᠢᠨ ᠨᠢᠭᠤᠴᠠ ᠨᠣᠮᠧᠷ ᠢ ᠬᠠᠳᠠᠭᠠᠯᠠᠬᠤ  ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠲᠣᠰ ᠠᠵᠤ ᠠᠬᠤᠶᠢᠯᠠᠯ ᠤᠨ ᠢᠶᠠᠨ ︽ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠰᠢᠰᠲ᠋ᠧᠮ︾ ᠤᠨ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠢ ᠴᠢᠩᠭ᠎ᠠ ᠬᠠᠮᠢᠶᠠᠷᠴᠤ᠂ ᠲᠤᠰᠬᠠᠶ ᠬᠥᠮᠦᠨ ᠢᠶᠠᠷ ᠲᠣᠭᠲᠠᠭᠠᠨ ᠠᠵᠢᠯᠯᠠᠭᠤᠯᠵᠤ᠂ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠵᠠᠳᠠᠷᠠᠭᠰᠠᠨ ᠠᠴᠠ ᠪᠣᠯᠣᠭᠰᠠᠨ ᠠᠰᠠᠭᠤᠳᠠᠯ ᠢ ᠠᠵᠤ ᠠᠬᠤᠶᠢᠯᠠᠯ ᠥᠪᠡᠷᠲᠡᠭᠡᠨ ᠡᠭᠦᠷᠭᠡᠯᠡᠨ᠎ᠡ᠃  ᠬᠠᠷᠢᠯᠴᠠᠬᠤ ᠤᠲᠠᠰᠤ᠄ 0471 - 3908542  ᠢᠮᠧᠯ᠄ jcpsqybm@163.com                   ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ                2025 ᠣᠨ ᠤ 1 ᠳ᠋ᠦ᠋ᠭᠡᠷ ᠰᠠᠷ᠎ᠠ ᠶᠢᠨ 14 ᠤ ᠡᠳᠦᠷ 
 
ᠢᠷᠡᠯᠲᠡ᠄ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号