ᠬᠡᠳᠦ ᠳᠠᠭᠤᠨ ᠮᠡᠰᠡ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/1/15
        ᠥᠪᠥᠷ ᠡᠮ ᠬᠤᠳᠠᠯᠳᠤᠨ ᠠᠪᠬᠤ ᠲᠥᠪ ᠦᠰᠦᠭ ﹇ 2025 ﹈ 5 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ︽ ᠬᠡᠲᠦ ᠳᠠᠭᠤᠨ ᠮᠠᠰᠢᠨ ᠪᠠ ᠤᠷᠢᠳᠴᠢᠯᠠᠨ ᠳᠦᠭᠦᠷᠭᠡᠬᠦ ᠬᠡᠯᠪᠡᠷᠢ ᠶᠢᠨ ᠳᠠᠮᠵᠢᠭᠤᠯᠤᠭᠴᠢ ᠬᠤᠭᠤᠯᠠᠶᠢᠲᠤ ᠤᠬᠢᠶᠠᠭᠤᠷ ᠵᠡᠷᠭᠡ ᠬᠤᠶᠠᠷ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠭᠤᠸᠠᠩᠳᠦ᠋ᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠠᠬᠢᠳᠠᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠠᠴᠠ ᠡᠳᠦᠭᠡ ᠬᠡᠲᠦ ᠳᠠᠭᠤᠨ ᠮᠡᠰᠡ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠪᠠᠷ ᠪᠣᠯᠪᠠ ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄  ᠨᠢᠭᠡ᠂ ᠪᠠᠶᠢᠭᠤᠯᠤᠮᠵᠢ ᠶᠢᠨ ᠬᠡᠪᠴᠢᠶ᠎ᠡ  ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠪᠠᠨ ᠨᠢᠭᠡᠨᠲᠡ ᠮᠡᠳᠡᠭᠦᠯᠦᠨ ᠬᠦᠷᠭᠡᠭᠰᠡᠨ ᠡᠮ ᠡᠮᠨᠡᠯᠭᠡ ᠶᠢᠨ ᠪᠠᠶᠢᠭᠤᠯᠤᠮᠵᠢ᠃  ᠬᠤᠶᠠᠷ᠂ ᠲᠠᠭᠯᠠᠨ ᠮᠡᠳᠡᠭᠦᠯᠬᠦ ᠠᠷᠭ᠎ᠠ ᠬᠡᠯᠪᠡᠷᠢ  ᠲᠣᠰ ᠤᠳᠠᠭᠠᠨ ᠤ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠨᠢ ︽ᠭᠤᠸᠠᠩᠳᠦ᠋ᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ — ᠨᠢᠭᠡᠴᠢ ᠶᠢᠨ ᠨᠡᠪᠲᠡᠷᠡᠯ — ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶᠠᠷᠤᠯᠲᠠ — ᠬᠤᠪᠢᠶᠠᠷᠢ ᠬᠡᠮᠵᠢᠶᠡᠨ ᠤ ᠬᠠᠮᠢᠶᠠᠷᠤᠯᠲᠠ︾ ᠳᠤ ᠨᠡᠪᠲᠡᠷᠡᠵᠦ ︵ᠰᠦᠯᠵᠢᠶᠡᠨ ᠬᠠᠶ᠋ᠢᠭ᠄ https://igi.hsa.gd.gov.cn/ggfw/hsa-local/web/hallEnter/#/Index ︶ ᠬᠠᠮᠢᠶ᠎ᠠ ᠪᠦᠬᠦᠢ ᠠᠵᠢᠯᠯᠠᠭᠠᠨ ᠢ ᠭᠦᠢᠴᠡᠳᠬᠡᠨ᠎ᠡ᠃  ᠭᠤᠷᠪᠠ᠂ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠳᠦᠷᠢᠮ  ᠲᠣᠰ ᠤᠳᠠᠭᠠᠨ ᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠠᠷ ᠰᠣᠩᠭᠤᠭᠳᠠᠭᠰᠠᠨ ᠦᠢᠯᠡᠳᠬᠦᠨ ᠪᠠ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠭᠡᠵᠦ ᠬᠤᠶᠠᠷ ᠲᠥᠷᠥᠯ ᠳᠤ ᠬᠤᠪᠢᠶᠠᠵᠤ᠂ ᠡᠮᠴᠢᠯᠡᠭᠡᠨ ᠤ ᠪᠠᠶᠢᠭᠤᠯᠤᠮᠵᠢ ᠨᠢ ᠬᠤᠳᠠᠯᠳᠤᠨ ᠠᠪᠬᠤ ᠠᠳᠠᠯᠢ ᠲᠥᠷᠥᠯ ᠬᠡᠯᠪᠡᠷᠢ ᠠᠳᠠᠯᠢ ᠲᠥᠷᠥᠯ ᠢᠯᠭᠠᠯ ᠲᠠᠢ ᠶᠢ ᠨᠢᠭᠡ ᠳᠠᠩᠰᠠᠯᠠᠭᠤᠯᠤᠭᠰᠠᠨ ᠦᠨᠡᠮᠯᠡᠯ ᠢᠶᠠᠷ ᠨᠢᠭᠡᠴᠢ ᠪᠣᠯᠭᠠᠨ ᠳᠣᠤᠷᠠᠬᠢ ᠲᠦᠷᠢᠮ ᠶᠣᠰᠣᠭᠠᠷ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠭᠦᠢᠴᠡᠳᠬᠡᠨ᠎ᠡ᠃  ︵ᠨᠢᠭᠡ︶ ᠰᠣᠩᠭᠤᠭᠳᠠᠭᠰᠠᠨ ᠦᠢᠯᠡᠳᠬᠦᠨ ᠨᠢ ᠡᠮᠴᠢᠯᠡᠭᠡᠨ ᠤ ᠪᠠᠶᠢᠭᠤᠯᠤᠮᠵᠢ ᠶᠢᠨ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶ᠎ᠡ ᠶᠢ 100% ᠪᠠᠷ ᠲᠠᠭᠯᠠᠨ ᠮᠡᠳᠡᠭᠦᠯᠵᠦ᠂ ᠰᠢᠰᠲ᠋ᠧᠮ ᠠᠴᠠ ᠡᠯ᠎ᠡ ᠰᠣᠩᠭᠤᠭᠳᠠᠭᠰᠠᠨ ᠦᠢᠯᠡᠳᠬᠦᠨ ᠢ ᠥᠪᠡᠷᠲᠡᠭᠡᠨ ᠬᠤᠪᠢᠶᠠᠷᠢᠯᠠᠨ᠎ᠠ᠃  ︵ᠬᠤᠶᠠᠷ︶ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠢ ᠡᠮᠴᠢᠯᠡᠭᠡᠨ ᠤ ᠪᠠᠶᠢᠭᠤᠯᠤᠮᠵᠢ ᠠᠴᠠ ᠳᠣᠤᠷᠠᠬᠢ ᠲᠣᠭᠲᠠᠭᠠᠯ ᠶᠣᠰᠣᠭᠠᠷ ᠬᠤᠳᠠᠯᠳᠤᠨ ᠠᠪᠴᠤ ᠬᠡᠷᠡᠭᠯᠡᠨ᠎ᠡ᠃  1. ᠠᠳᠠᠯᠢ ᠨᠢᠭᠡᠨ ᠡᠮᠴᠢᠯᠡᠭᠡᠨ ᠤ ᠪᠠᠶᠢᠭᠤᠯᠤᠮᠵᠢ ᠴᠢᠰᠤᠨ ᠰᠤᠳᠠᠯ ᠤᠨ ᠳ᠋ᠢᠶᠠᠮᠧᠲᠷ ᠤᠨ ᠬᠡᠲᠦ ᠳᠠᠭᠤᠨ ᠮᠡᠰᠡ  ᠨᠢ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶ᠎ᠡ ᠨᠢ 10 ᠪᠣᠶᠤ 10 ᠠᠴᠠ ᠠᠷᠪᠢᠨ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠠᠴᠠ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠤ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶᠡᠨ ᠤ 70% ᠪᠠᠷ ᠰᠣᠩᠭᠤᠵᠤ ᠪᠣᠯᠬᠤ ᠪᠥᠭᠡᠳ ᠪᠠᠰᠠ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠤ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶᠡᠨ ᠤ 100% ᠪᠠᠷ ᠰᠣᠩᠭᠤᠵᠤ ᠪᠣᠯᠤᠨ᠎ᠠ᠃  2. ᠠᠳᠠᠯᠢ ᠨᠢᠭᠡᠨ ᠡᠮᠴᠢᠯᠡᠭᠡᠨ ᠤ ᠪᠠᠶᠢᠭᠤᠯᠤᠮᠵᠢ ᠴᠢᠰᠤᠨ ᠰᠤᠳᠠᠯ ᠤᠨ ᠳ᠋ᠢᠶᠠᠮᠧᠲᠷ ᠤᠨ ᠬᠡᠲᠦ ᠳᠠᠭᠤᠨ ᠮᠡᠰᠡ  ᠨᠢ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶ᠎ᠡ ᠨᠢ 10 ᠠᠴᠠ ᠴᠥᠬᠡᠨ ᠪᠠᠶᠢᠪᠠᠯ᠂ ᠡᠮᠴᠢᠯᠡᠭᠡᠨ ᠤ ᠪᠠᠶᠢᠭᠤᠯᠤᠮᠵᠢ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠢᠶᠠᠨ ᠰᠣᠩᠭᠤᠭᠰᠠᠨ ᠤ ᠳᠠᠷᠠᠭ᠎ᠠ ᠲᠡᠭᠦᠨ ᠤ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶᠡᠨ ᠤ 70% ᠪᠠᠷ ᠰᠣᠩᠭᠤᠵᠤ ᠪᠣᠯᠣᠨ᠎ᠠ ᠃  ︵ᠭᠤᠷᠪᠠ︶ ᠡᠮᠴᠢᠯᠡᠭᠡᠨ ᠤ ᠪᠠᠶᠢᠭᠤᠯᠤᠮᠵᠢ ᠨᠢ ᠲᠦᠷᠦᠭᠦᠤ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶ᠎ᠡ ᠶᠢᠨ ᠨᠠᠷᠢᠨ ᠬᠦᠰᠦᠨᠦᠭᠲᠦ ᠶᠢ ᠲᠠᠭᠯᠠᠨ ᠮᠡᠳᠡᠭᠦᠯᠵᠦ᠂ ᠨᠡᠷ᠎ᠡ ᠮᠡᠳᠡᠭᠦᠯᠦᠭᠰᠡᠨ ᠥᠬᠡᠶ᠂ ᠦᠨ᠎ᠡ ᠮᠡᠳᠡᠭᠦᠯᠦᠭᠰᠡᠨ ᠥᠬᠡᠶ᠂ ᠦᠨ᠎ᠡ ᠶᠢᠨ ᠮᠡᠳᠡᠭᠦᠯᠦᠯᠲᠡ ᠬᠦᠴᠦᠨ ᠥᠬᠡᠶ ᠂ ᠰᠣᠩᠭᠤᠭᠳᠠᠭᠰᠠᠨ ᠥᠬᠡᠶ ᠵᠢᠴᠢ ᠰᠣᠩᠭᠤᠭᠳᠠᠭᠰᠠᠨ ᠬᠢᠵᠠᠭᠠᠷ ᠲᠠᠢ ᠦᠢᠯᠡᠳᠭᠦᠨ ᠤ ᠦᠯᠡᠳᠡᠪᠦᠷᠢ 30% ᠶᠢᠨ ᠬᠠᠷᠢᠴᠠᠯ ᠤᠨ ᠰᠣᠩᠭᠤᠭᠰᠠᠨ ᠲᠦᠷᠦᠭᠦᠦ ᠵᠢᠯ ᠤᠨ ᠤᠷᠢᠳᠴᠢᠯᠠᠨ ᠬᠤᠳᠠᠯᠳᠤᠨ ᠠᠪᠤᠭᠰᠠᠨ ᠬᠡᠮᠵᠢᠶ᠎ᠡ ᠶᠢ ᠬᠤᠪᠢᠶᠠᠷᠢᠯᠠᠨ ᠲᠣᠬᠢᠷᠠᠭᠤᠯᠬᠤ ᠬᠡᠮᠵᠢᠶ᠎ᠡ ᠳᠤ ᠣᠷᠤᠭᠤᠯᠬᠤ ᠶᠢ ᠡᠮᠴᠢᠯᠡᠭᠡᠨ ᠤ ᠪᠠᠶᠢᠭᠤᠯᠤᠮᠵᠢ ᠶᠢᠨ ᠴᠢᠰᠤᠨ ᠰᠤᠳᠠᠯ ᠤᠨ ᠠᠳᠠᠯᠢ ᠳ᠋ᠢᠶᠠᠮᠧᠲᠷ ᠤᠨ ᠰᠣᠩᠭᠤᠭᠳᠠᠭᠰᠠᠨ ᠦᠢᠯᠡᠳᠬᠦᠨ ᠠᠴᠠ ᠰᠣᠩᠭᠤᠨ ᠬᠤᠪᠢᠶᠠᠷᠢᠯᠠᠨ᠎ᠠ ᠃  ᠨᠡᠷ᠎ᠡ ᠦᠭᠡ ᠶᠢᠨ ᠲᠠᠶᠢᠯᠪᠤᠷᠢᠯᠠᠯᠲᠠ᠄  1. ᠰᠣᠩᠭᠤᠭᠳᠠᠭᠰᠠᠨ ᠦᠢᠯᠡᠳᠬᠦᠨ ᠭᠡᠳᠡᠭ ᠨᠢ ᠰᠣᠩᠭᠤᠭᠳᠠᠬᠤ ᠬᠢᠷᠢ ᠭᠡᠮ ᠢ ᠣᠯᠤᠭᠰᠠᠨ ᠦᠢᠯᠡᠳᠬᠦᠨ ᠢ ᠵᠢᠭᠠᠵᠤ ᠪᠤᠶ᠃ ᠰᠣᠩᠭᠤᠭᠳᠠᠭᠰᠠᠨ ᠦᠢᠯᠡᠳᠬᠦᠨ ᠤ ᠶᠡᠷᠦᠩᠬᠡᠶ ᠬᠡᠷᠡᠭᠯᠡᠭᠡᠨ ᠤ ᠬᠡᠮᠵᠢᠶ᠎ᠡ ᠶᠢᠨ ︵ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠴᠤ ᠬᠡᠷᠡᠭᠡᠯᠡᠬᠦ ᠪᠠᠷ ᠰᠣᠩᠭᠤᠭᠰᠠᠨ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠤ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢ ᠪᠠᠭᠲᠠᠭᠠᠨ᠎ᠠ︶ ᠬᠤᠳᠠᠯᠳᠤᠨ ᠠᠪᠬᠤ ᠲᠥᠷᠥᠯ ᠵᠦᠢᠯ ᠤᠨ ᠶᠡᠷᠦᠩᠬᠡᠶ ᠬᠡᠷᠡᠭᠯᠡᠬᠦ ᠬᠡᠮᠵᠢᠶ᠎ᠡ ᠳᠠᠬᠢ ᠡᠵᠡᠯᠡᠬᠦ ᠬᠠᠷᠢᠴᠠᠯ ᠢ 70% ᠠᠴᠠ ᠳᠣᠤᠷ᠎ᠠ ᠪᠠᠶᠢᠯᠭᠠᠵᠤ ᠪᠣᠯᠬᠤ ᠦᠭᠡᠶ᠃  2. ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠭᠡᠳᠡᠭ ᠨᠢ ᠰᠣᠩᠭᠤᠭᠳᠠᠬᠤ ᠬᠢᠵᠠᠭᠠᠷ ᠲᠠᠢ ᠬᠢᠷᠢ ᠬᠡᠮ ᠣᠯᠤᠭᠰᠠᠨ ᠦᠢᠯᠡᠳᠬᠦᠨ ᠢ ᠵᠢᠭᠠᠵᠤ ᠪᠤᠶ᠃ ᠰᠣᠩᠭᠤᠭᠳᠠᠭᠰᠠᠨ ᠬᠢᠵᠠᠭᠠᠷ ᠲᠠᠢ ᠦᠢᠯᠡᠳᠬᠦᠨ ᠤ ᠨᠡᠮᠡᠭᠳᠡᠯ ᠤᠨ ᠬᠡᠰᠡᠭ ︵ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠠᠴᠠ ᠬᠡᠲᠦᠷᠡᠭᠰᠡᠨ ᠬᠡᠰᠡᠭ︶ ᠬᠢᠭᠡᠳ ᠰᠣᠩᠭᠤᠭᠳᠠᠭᠰᠠᠨ ᠪᠤᠰᠤ ᠦᠢᠯᠡᠳᠬᠦᠨ ᠤ ᠨᠡᠶᠢᠲᠡ ᠬᠡᠷᠡᠭᠯᠡᠬᠦ ᠬᠡᠮᠵᠢᠶ᠎ᠡ ᠨᠢ ᠬᠤᠳᠠᠯᠳᠤᠨ ᠠᠪᠬᠤ ᠲᠥᠷᠥᠯ ᠵᠦᠢᠯ ᠤᠨ ᠶᠡᠷᠦᠩᠬᠡᠢ ᠬᠡᠷᠡᠭᠯᠡᠬᠦ ᠬᠡᠮᠵᠢᠶᠡᠨ ᠤ 30% ᠠᠴᠠ ᠬᠡᠲᠦᠷᠡᠬᠦᠯᠵᠦ ᠪᠣᠯᠬᠤ ᠥᠬᠡᠢ᠃  3. ᠲᠦᠷᠦᠭᠦᠦ ᠵᠢᠯ ᠤᠨ ᠤᠷᠢᠳᠴᠢᠯᠠᠨ ᠬᠤᠳᠠᠯᠳᠤᠨ ᠠᠪᠬᠤ ᠬᠡᠮᠵᠢᠶ᠎ᠡ ᠭᠡᠳᠡᠭ ᠨᠢ ᠡᠮᠴᠢᠯᠡᠭᠡᠨ ᠤ ᠪᠠᠶᠢᠭᠤᠯᠤᠮᠵᠢ ᠶᠢᠨ 2024 ᠣᠨ ᠤ 10 ᠳ᠋ᠤᠭᠠᠷ ᠰᠠᠷ᠎ᠠ ᠳᠤ ᠭᠤᠸᠠᠩᠳᠦ᠋ᠩ ᠮᠤᠵᠢ ᠶᠢᠨ ᠡᠯᠰᠡᠨ ᠬᠤᠳᠠᠯᠳᠤᠨ ᠠᠪᠬᠤ ᠬᠤᠪᠢᠶᠠᠷᠢ ᠰᠢᠰᠲ᠋ᠧᠮ ᠳᠤ ᠲᠠᠭᠯᠠᠨ ᠮᠡᠳᠡᠭᠦᠯᠦᠭᠰᠡᠨ ᠢᠷᠡᠬᠦ ᠨᠢᠭᠡ ᠵᠢᠯ ᠤᠨ ᠬᠤᠳᠠᠯᠳᠤᠨ ᠠᠪᠬᠤ ᠬᠡᠷᠡᠭᠴᠡᠭᠡ ᠶᠢᠨ ᠬᠡᠮᠵᠢᠶ᠎ᠡ ᠶᠢ ᠵᠢᠭᠠᠨ᠎ᠠ᠃  4. ᠴᠢᠰᠤᠨ ᠰᠤᠳᠠᠯ ᠤᠨ ᠠᠳᠠᠯᠢ ᠳ᠋ᠢᠶᠠᠮᠧᠲᠷ ᠭᠡᠳᠡᠭ ᠨᠢ ᠬᠡᠲᠦ ᠳᠠᠭᠤᠨ ᠮᠡᠰᠡ ᠶᠢ 1 ᠲᠥᠷᠥᠯ᠂ 2 ᠲᠥᠷᠥᠯ᠂ 3 ᠲᠥᠷᠥᠯ ᠭᠡᠵᠦ ᠬᠤᠪᠢᠶᠠᠷᠢᠯᠠᠭᠰᠠᠨ ᠪᠣᠢ ᠪᠦᠬᠦᠢ ᠦᠢᠯᠡᠳᠬᠦᠨ ᠢ ᠴᠥᠮ ᠴᠢᠰᠤᠨ ᠰᠤᠳᠠᠯ ᠤᠨ ᠠᠳᠠᠯᠢ ᠳ᠋ᠢᠶᠠᠮᠧᠲᠷ ᠢᠶᠠᠷ ᠦᠵᠡᠬᠦ ︵3mm︶ ᠦᠢᠯᠡᠳᠬᠦᠨ ᠢ ᠵᠢᠭᠠᠨ᠎ᠠ ︔ ᠬᠡᠲᠦ ᠲᠠᠭᠤᠨ ᠮᠡᠰᠡ ᠶᠢ 4 ᠲᠥᠷᠥᠯ᠂ 5 ᠲᠥᠷᠥᠯ᠂ 6 ᠲᠥᠷᠥᠯ ᠭᠡᠵᠦ ᠬᠤᠪᠢᠶᠠᠷᠢᠯᠠᠭᠰᠠᠨ ᠪᠣᠢ ᠪᠦᠬᠦᠢ ᠦᠢᠯᠡᠳᠬᠦᠨ ᠢ ᠴᠥᠮ ᠴᠢᠰᠤᠨ ᠰᠤᠳᠠᠯ ᠤᠨ ᠠᠳᠠᠯᠢ ᠳ᠋ᠢᠶᠠᠮᠧᠲᠷ ᠢᠶᠠᠷ ᠦᠵᠡᠬᠦ ︵5mm︶ ᠦᠢᠯᠡᠳᠬᠦᠨ ᠢ ᠵᠢᠭᠠᠨ᠎ᠠ ︔ ᠬᠡᠲᠦ ᠲᠠᠭᠤᠨ ᠮᠡᠰᠡ ᠶᠢ 7 ᠲᠥᠷᠥᠯ᠂ 8 ᠲᠥᠷᠥᠯ ᠭᠡᠵᠦ ᠬᠤᠪᠢᠶᠠᠷᠢᠯᠠᠭᠰᠠᠨ ᠪᠣᠢ ᠪᠦᠬᠦᠢ ᠦᠢᠯᠡᠳᠬᠦᠨ ᠢ ᠴᠥᠮ ᠴᠢᠰᠤᠨ ᠰᠤᠳᠠᠯ ᠤᠨ ᠠᠳᠠᠯᠢ ᠳ᠋ᠢᠶᠠᠮᠧᠲᠷ ᠢᠶᠠᠷ ᠦᠵᠡᠬᠦ ︵7mm︶ ᠦᠢᠯᠡᠳᠬᠦᠨ ᠢ ᠵᠢᠭᠠᠨ᠎ᠠ ᠃   ᠳᠥᠷᠪᠡ᠂ ᠴᠠᠭ ᠤᠨ ᠲᠣᠬᠢᠷᠠᠭᠤᠯᠤᠯᠲᠠ  2025 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠠᠴᠠ 20 ᠤ ᠡᠳᠦᠷ ᠤᠨ 17 ᠴᠠᠭ ᠪᠣᠯᠲᠠᠯ᠎ᠠ᠃  ᠲᠠᠪᠤ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠮᠤᠵᠢ ᠶᠢᠨ ᠬᠤᠭᠤᠷᠤᠨᠳᠤ ᠬᠤᠯᠪᠣᠭᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠳᠦᠷᠢᠮ ᠶᠣᠰᠣᠭᠠᠷ ᠦᠯᠡᠳᠡᠭᠰᠡᠨ ᠬᠡᠮᠵᠢᠶ᠎ᠡ ᠶᠢ ᠡᠵᠡᠨ ᠮᠡᠳᠡᠨ ᠰᠣᠩᠭᠤᠬᠤ ᠱᠠᠭᠠᠷᠳᠠᠯᠭ᠎ᠠ ᠲᠠᠢ ᠨᠠᠶᠢᠳᠠᠪᠤᠷᠢᠵᠢᠭᠤᠯᠵᠤ᠂ ᠵᠥᠪᠳᠡᠯᠴᠡᠨ ᠬᠤᠳᠠᠯᠳᠤᠨ ᠠᠪᠬᠤ ᠦᠢᠯᠡᠳᠬᠦᠨ ᠪᠣᠯᠤᠨ ᠬᠤᠳᠠᠯᠳᠤᠨ ᠠᠪᠬᠤ ᠬᠡᠮᠵᠢᠶ᠎ᠡ ᠶᠢ ᠴᠥᠮ ᠡᠮᠴᠢᠯᠡᠭᠡᠨ ᠤ ᠪᠠᠶᠢᠭᠤᠯᠤᠮᠵᠢ ᠠᠴᠠ ᠨᠤᠲᠠᠯᠠᠨ ᠲᠣᠭᠲᠠᠭᠠᠬᠤ ᠬᠡᠷᠡᠭᠲᠡᠶ᠃  ︵ᠬᠤᠶᠠᠷ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠠᠳᠠᠯᠢ ᠲᠥᠷᠥᠯ ᠤᠨ ᠦᠨ᠎ᠡ ᠶᠢᠨ ᠵᠦᠢ ᠵᠣᠬᠢᠰᠲᠠᠶ ᠳᠣᠲᠣᠷ᠎ᠠ ᠠᠴᠠ ᠰᠣᠩᠭᠤᠵᠤ ᠭᠠᠷᠭᠠᠭᠰᠠᠨ ᠦᠢᠯᠡᠳᠬᠦᠨ ᠢ ᠰᠣᠩᠭᠤᠭᠤᠯᠬᠤ ᠬᠡᠷᠡᠭᠲᠡᠶ᠃ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠨᠢᠭᠤᠴᠠ ᠨᠣᠮᠧᠷ ᠪᠠ ᠲᠠᠩᠰᠠᠨ ᠨᠣᠮᠧᠷ ᠤᠨ ᠬᠠᠮᠢᠶᠠᠷᠤᠯᠲᠠ ᠪᠠᠨ ᠴᠢᠩᠭᠠᠳᠬᠠᠯᠭᠠᠵᠤ ᠂ ᠠᠵᠢᠯ ᠢ ᠰᠠᠶᠢᠨ ᠮᠡᠳᠡᠬᠦ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ᠂ ᠪᠤᠰᠤᠳ ᠬᠥᠮᠦᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠠᠰᠢᠭᠯᠠᠨ ᠬᠤᠳᠠᠯ ᠢᠶᠠᠷ ᠮᠡᠳᠡᠭᠦᠯᠬᠦ᠂ ᠪᠤᠷᠤᠭᠤ ᠮᠡᠳᠡᠭᠦᠯᠬᠦ᠂ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢ ᠥᠭᠡᠷᠡᠴᠢᠯᠡᠨ ᠮᠡᠳᠡᠭᠦᠯᠬᠦ ᠵᠡᠷᠭᠡ ︽ ᠪᠣᠳᠠᠲᠠᠶ ᠪᠢᠰᠢ ︾ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠬᠤ ᠬᠡᠷᠡᠭᠲᠡᠶ᠃  ︵ᠭᠤᠷᠪᠠ︶ ᠡᠯ᠎ᠡ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢᠶᠠᠨ ᠳᠠᠭᠤᠰᠬᠠᠭᠰᠠᠨ ᠤ ᠳᠠᠷᠠᠭ᠎ᠠ᠂ ᠲᠣᠭᠲᠠᠭᠰᠠᠨ ᠴᠠᠭ ᠲᠤ ᠰᠢᠰᠲ᠋ᠧᠮ ᠠᠴᠠ ᠳᠠᠮᠵᠢᠭᠤᠯᠤᠨ ᠭᠠᠷᠭᠠᠬᠤ ᠶᠢᠨ ᠬᠠᠮᠲᠤ ︽ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠮᠠᠯᠠᠯᠲᠠ ᠶᠢᠨ ᠪᠢᠴᠢᠭ︾ ᠢ ᠳᠠᠷᠤᠮᠠᠯᠯᠠᠵᠤ᠂ ᠲᠣᠰ ᠨᠢᠭᠡᠴᠢ ᠶᠢᠨ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠰᠢᠷᠪᠢᠯᠲᠡ ᠶᠢᠨ ᠬᠡᠪᠯᠡᠯ ᠤᠨ ᠪᠢᠴᠢᠭ ᠮᠠᠲ᠋ᠧᠷᠢᠶᠠᠯ ᠢ ᠰᠢᠰᠲ᠋ᠧᠮ ᠳᠤ ᠳᠠᠮᠵᠢᠭᠤᠯᠬᠤ ᠬᠡᠷᠡᠭᠲᠡᠶ᠃  ᠬᠠᠷᠢᠯᠴᠠᠬᠤ ᠤᠲᠠᠰᠤ᠄ 0471 – 4907213          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ        2025 ᠣᠨ ᠤ 1 ᠳ᠋ᠤᠭᠡᠷ ᠰᠠᠷ᠎ᠠ ᠶᠢᠨ 15 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号