ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠠᠨᠠᠯ | ᠳᠤᠷᠠᠳᠤᠯᠭ᠎ᠠ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ 1 ᠰᠠᠷ᠎ᠠ ᠶᠢᠨ 15 ᠤ ᠡᠳᠦᠷ ᠤᠨ 12 ᠴᠠᠭ ᠪᠤᠯᠲᠠᠯ᠎ᠠ ᠂ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠬᠤᠷᠢᠶ᠎ᠠ ᠶᠢᠨ ᠭᠤᠷᠪᠠᠳᠤᠭᠠᠷ ᠬᠤᠷᠠᠯ ᠨᠡᠶᠢᠲᠡ 1087 ᠬᠤᠪᠢ ᠰᠠᠨᠠᠯ ᠳᠤᠷᠠᠳᠤᠯᠭ᠎ᠠ ᠬᠤᠷᠢᠶᠠᠨ ᠣᠯᠵᠠᠢ ᠃ ᠬᠢᠨᠠᠨ | ᠪᠠᠶᠢᠴᠠᠭᠠᠬᠤ ᠪᠠᠷ ᠳᠠᠮᠵᠢᠭᠠᠳ 821 ᠬᠤᠪᠢ ᠰᠠᠨᠠᠯ ᠳᠤᠷᠠᠳᠤᠯᠭ᠎ᠠ ᠶᠢ ᠳᠠᠩᠰᠠᠯᠠᠵᠤ ᠂ 143 ᠬᠤᠪᠢ ᠰᠠᠨᠠᠯ | ᠳᠤᠷᠠᠳᠤᠯᠭ᠎ᠠ ᠶᠢ ᠨᠡᠶᠢᠯᠡᠭᠦᠯᠵᠦ ᠂ 123 ᠬᠤᠪᠢ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ᠮᠡᠳᠡᠭᠡ ᠵᠠᠩᠭᠢ ᠶᠢ | ᠳᠠᠮᠵᠢᠭᠤᠯᠬᠤ ᠪᠠᠷ ᠪᠠᠶᠢᠨ᠎ᠠ ᠃ | ᠲᠤᠰ ᠤᠳᠠᠭ᠎ᠠ ᠶᠢᠨ ᠬᠤᠷᠠᠯ ᠳᠡᠭᠡᠷ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠢᠭᠡ ᠭᠤᠣᠯ ᠰᠢᠵᠢᠮ ᠢ | ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ︽ | ᠲᠠᠪᠤᠨ ᠶᠡᠭᠡ ᠡᠭᠦᠷᠭᠡ ︾ ᠶᠢ ᠭᠦᠨᠵᠡᠭᠡᠢ ᠨᠠᠶᠢᠳᠠᠪᠤᠷᠢᠵᠢᠭᠤᠯᠬᠤ ᠂ ︽ ᠵᠢᠷᠭᠤᠭᠠᠨ ᠢᠨᠵᠧᠨᠧᠷᠢᠩ ︾ ᠢ ᠦᠷᠭᠦᠯᠵᠢᠯᠡᠨ | ᠬᠡᠷᠡᠭᠵᠢᠭᠦᠯᠬᠦ ᠂ ︽ ᠵᠢᠷᠭᠤᠭᠠᠨ ᠠᠵᠢᠯᠯᠠᠭ᠎ᠠ ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠲᠣᠭᠤᠷᠢᠨ ᠳᠤ ᠰᠠᠨᠠᠯ | ᠳᠤᠷᠠᠳᠤᠯᠭ᠎ᠠ ᠶᠢ ᠢᠳᠡᠪᠬᠢᠲᠡᠢ ᠠᠰᠢᠭᠯᠠᠨ ᠠᠷᠭ᠎ᠠ ᠤᠬᠠᠭᠠᠨ ᠳᠡᠪᠰᠢᠭᠦᠯᠦᠨ ᠵᠠᠰᠠᠭ ᠲᠤ ᠲᠤᠰᠠᠯᠠᠵᠤ ᠂ ᠬᠠᠮᠲᠤ ᠶᠢᠨ | ᠲᠠᠨᠢᠯᠲᠠ ᠶᠢ ᠨᠢᠭᠲᠠᠷᠠᠭᠤᠯᠪᠠ ᠃ ᠡᠭᠦᠨ ᠤ ᠳᠣᠲᠣᠷ᠎ᠠ ᠭᠡᠰᠢᠭᠦᠳ ᠤᠨ ᠰᠠᠨᠠᠯ ᠳᠤᠷᠠᠳᠤᠯᠭ᠎ᠠ 601 ᠬᠤᠪᠢ ᠪᠠᠶᠢᠵᠤ ᠂ | 73.20% ᠢ ᠡᠵᠡᠯᠡᠪᠡ ︔ ᠡᠯ᠎ᠡ ᠠᠷᠠᠳᠴᠢᠯᠠᠭᠰᠠᠨ ᠨᠠᠮ ᠪᠦᠯᠦᠭ ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠂ | ᠤᠯᠤᠰ ᠲᠦᠷᠦ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠪᠠ ᠡᠲᠡᠭᠡᠳ ᠢᠯᠭᠠᠯ ᠤᠨ ᠰᠠᠨᠠᠯ ᠳᠤᠷᠠᠳᠤᠯᠭ᠎ᠠ 220 | ᠬᠤᠪᠢ ᠪᠠᠶᠢᠵᠤ ᠂ 26.80% ᠢ ᠡᠵᠡᠯᠡᠪᠡ ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 152 ᠬᠤᠪᠢ | ᠪᠠᠶᠢᠵᠤ ᠂ 18.51% ᠶᠢ ᠡᠵᠡᠯᠡᠪᠡ ︔ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 91 ᠬᠤᠪᠢ ᠪᠠᠶᠢᠵᠤ ᠂ 11. | 09% ᠶᠢ ᠡᠵᠡᠯᠡᠪᠡ ︔ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 124 ᠬᠤᠪᠢ ᠪᠠᠶᠢᠵᠤ ᠂ 15.10% ᠢ | ᠡᠵᠡᠯᠡᠪᠡ ︔ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ | ᠴᠢᠬᠤᠯᠠ ᠰᠠᠭᠤᠷᠢᠨ ᠢ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 112 ᠬᠤᠪᠢ ᠪᠠᠶᠢᠵᠤ ᠂ 13. | 64% ᠶᠢ ᠡᠵᠡᠯᠡᠪᠡ ︔ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ | ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ 93 ᠬᠤᠪᠢ ᠪᠠᠶᠢᠵᠤ ᠂ 11.33% ᠶᠢ ᠡᠵᠡᠯᠡᠪᠡ ︔ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠠᠯ᠎ᠠ ᠪᠠᠷ ᠬᠢ ᠰᠠᠨᠠᠯ ᠳᠤᠷᠠᠳᠤᠯᠭ᠎ᠠ | 185 ᠬᠤᠪᠢ ᠪᠠᠶᠢᠵᠤ ᠂ 22.53% ᠶᠢ ᠡᠵᠡᠯᠡᠪᠡ ︔ ᠪᠤᠰᠤᠳ ᠲᠠᠯ᠎ᠠ ᠪᠠᠷ ᠬᠢ ᠰᠠᠨᠠᠯ ᠳᠤᠷᠠᠳᠤᠯᠭ᠎ᠠ 64 ᠬᠤᠪᠢ | ᠪᠠᠶᠢᠵᠤ ᠂ 7.80% ᠢ ᠡᠵᠡᠯᠡᠪᠡ ᠃ | ᠲᠤᠰ ᠤᠳᠠᠭ᠎ᠠ ᠶᠢᠨ ᠬᠤᠷᠠᠯ ᠳᠡᠭᠡᠷ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠬᠥᠭᠵᠢᠯᠲᠡ ᠶᠢᠨ | ᠬᠡᠷᠡᠭᠴᠡᠭᠡ ᠂ ᠠᠷᠠᠳ ᠤᠨ ᠬᠦᠰᠡᠯ ᠡᠷᠡᠮᠡᠯᠵᠡᠯ ᠢ ᠴᠢᠩᠭ᠎ᠠ ᠠᠩᠬᠠᠷᠴᠤ ᠂ ᠰᠠᠨᠠᠯ ᠳᠤᠷᠠᠳᠤᠯᠭ᠎ᠠ ᠶᠢᠨ ᠰᠡᠳᠦᠪ ᠢ | ᠰᠣᠩᠭᠤᠬᠤ ᠳᠠᠭᠠᠨ ᠠᠩᠬᠠᠷᠤᠯ ᠢᠶᠠᠨ ᠨᠡᠩ ᠲᠥᠪᠯᠡᠷᠡᠭᠦᠯᠵᠦ ᠂ ᠪᠠᠶᠢᠴᠠᠭᠠᠨ ᠰᠤᠳᠤᠯᠤᠯᠲᠠ ᠨᠡᠩ ᠭᠦᠨᠵᠡᠭᠡᠶᠢᠷᠡᠵᠦ ᠂ | ᠠᠷᠭ᠎ᠠ ᠤᠬᠠᠭᠠᠨ ᠳᠡᠪᠰᠢᠭᠦᠯᠬᠦ ᠲᠡᠭᠡᠨ ᠪᠣᠳᠠᠲᠠᠢ ᠶᠢ ᠨᠡᠩ ᠡᠷᠬᠢᠮᠯᠡᠨ ᠂ ᠰᠠᠨᠠᠯ ᠳᠤᠷᠠᠳᠤᠯᠭ᠎ᠠ ᠶᠢᠨ ᠪᠦᠲᠦᠴᠡ ᠤᠯᠠᠮ | ᠨᠢᠭᠡ ᠠᠯᠬᠤᠮ ᠰᠢᠯᠢᠳᠡᠭᠵᠢᠵᠦ ᠂ ᠰᠠᠨᠠᠯ ᠳᠤᠷᠠᠳᠤᠯᠭ᠎ᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠤᠯᠠᠮ ᠨᠢᠭᠡ | ᠠᠯᠬᠤᠮ ᠳᠡᠭᠡᠭᠰᠢᠯᠡᠪᠡ ᠃ ᠶᠡᠭᠡ ᠬᠤᠷᠠᠯ ᠲᠡᠭᠦᠰᠦᠭᠰᠡᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠤᠯᠤᠰ | ᠲᠥᠷᠥ ᠶᠢᠨ ᠵᠥᠪᠯᠡᠯᠭᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠲᠠᠢ | ᠬᠠᠮᠲᠤᠷᠠᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ ᠂ ᠳᠠᠩᠰᠠᠯᠠᠭᠰᠠᠨ ᠰᠠᠨᠠᠯ | ᠳᠤᠷᠠᠳᠤᠯᠭ᠎ᠠ ᠶᠢ ᠬᠠᠮᠢᠶ᠎ᠠ ᠪᠦᠬᠦᠢ ᠨᠢᠭᠡᠴᠢ ᠳᠤ ᠲᠤᠰᠢᠶᠠᠨ ᠥᠭᠴᠦ ᠰᠢᠢᠳᠪᠦᠷᠢᠯᠡᠭᠦᠯᠬᠦ ᠪᠣᠯᠣᠨ᠎ᠠ ᠃ ᠲᠤᠰ | ᠤᠳᠠᠭ᠎ᠠ ᠶᠢᠨ ᠶᠡᠭᠡ ᠬᠤᠷᠠᠯ ᠤᠨ ᠰᠠᠨᠠᠯ ᠳᠤᠷᠠᠳᠤᠯᠭ᠎ᠠ ᠳᠤᠷᠠᠳᠬᠤ ᠴᠠᠭ ᠤᠨ ᠬᠢᠵᠠᠭᠠᠷ ᠥᠩᠭᠡᠷᠡᠭᠰᠡᠨ ᠤ ᠳᠠᠷᠠᠭ᠎ᠠ | ᠭᠥᠯᠢᠶᠡᠨ ᠠᠪᠤᠭᠰᠠᠨ ᠰᠠᠨᠠᠯ ᠳᠤᠷᠠᠳᠤᠯᠭ᠎ᠠ ᠶᠢ ᠡᠩ ᠤᠨ ᠦᠶ᠎ᠡ ᠶᠢᠨ ᠰᠠᠨᠠᠯ ᠳᠤᠷᠠᠳᠤᠯᠭ᠎ᠠ ᠪᠤᠯᠭᠠᠵᠤ ᠴᠠᠭ ᠲᠤᠬᠠᠢ | ᠳᠤᠨᠢ ᠰᠢᠢᠳᠪᠦᠷᠢᠯᠡᠬᠦ ᠪᠣᠯᠣᠨ᠎ᠠ ᠃ | |