10 ᠬᠤᠪᠢ ᠰᠠᠨᠠᠯ ᠵᠥᠪᠯᠡᠯᠭᠡ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠶᠡᠭᠡ ᠬᠤᠷᠠᠯ ᠤᠨ ᠰᠠᠨᠠᠯ ᠵᠥᠪᠯᠡᠯᠭᠡ ᠪᠠᠷ ᠲᠣᠭᠲᠠᠭᠠᠵᠠᠢ
ᠨᠡᠶᠢᠲᠡᠯᠡᠭᠰᠡᠨ ᠴᠠᠭ᠄
2025/1/20
    1 ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠭᠤᠷᠪᠠᠳᠤᠭᠠᠷ ᠤᠳᠠᠭ᠎ᠠ ᠶᠢᠨ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠦᠯᠦᠯᠲᠡ ᠶᠢ ᠪᠠᠲᠤᠯᠠᠵᠤ ᠂ ᠮᠡᠳᠡᠭᠦᠯᠦᠯᠲᠡ ᠶᠢ ᠪᠦᠭᠦ ᠲᠥᠯᠥᠭᠡᠯᠡᠭᠴᠢᠳ ᠲᠤ ᠳᠠᠷᠤᠮᠠᠯᠯᠠᠨ ᠲᠠᠷᠬᠠᠭᠠᠬᠤ ᠪᠠᠷ ᠲᠣᠭᠲᠠᠪᠠ ᠃    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢᠳ ᠦᠨᠳᠦᠰᠦᠨ ᠬᠠᠤᠯᠢ ᠂ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠪᠡ ᠃ ᠶᠡᠭᠡ ᠬᠤᠷᠠᠯ ᠠᠴᠠ ᠲᠣᠭᠲᠠᠭᠠᠭᠰᠠᠨ ᠰᠠᠨᠠᠯ ᠵᠥᠪᠯᠡᠯᠭᠡ ᠳᠤᠷᠠᠳᠬᠤ ᠬᠠᠮᠤᠭ ᠡᠴᠦᠰ ᠤᠨ ᠬᠢᠵᠠᠭᠠᠷᠯᠠᠬᠤ ᠴᠠᠭ ︵ 1 ᠰᠠᠷ᠎ᠠ ᠶᠢᠨ 15 ᠤ 12 ᠴᠠᠭ ︶ ᠪᠤᠯᠳᠠᠯ᠎ᠠ ᠶᠡᠭᠡ ᠬᠤᠷᠠᠯ ᠠᠴᠠ ᠨᠡᠶᠢᠲᠡ 12 ᠬᠤᠪᠢ ᠰᠠᠨᠠᠯ ᠵᠥᠪᠯᠡᠯᠭᠡ ᠶᠢ ᠭᠥᠯᠢᠶᠡᠨ ᠠᠪᠴᠠᠢ ᠃    ᠬᠤᠷᠠᠯ ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠵᠥᠪᠯᠡᠯ ᠡᠯ᠎ᠡ ᠵᠦᠢᠯ ᠤᠨ ᠰᠠᠨᠠᠯ ᠵᠥᠪᠯᠡᠯᠭᠡ ᠶᠢ ᠨᠠᠷᠢᠨ ᠬᠢᠨᠠᠮᠠᠭᠠᠢ ᠬᠢᠨᠠᠨ ᠪᠠᠶᠢᠴᠠᠭᠠᠵᠤ ᠂ ᠲᠡᠭᠦᠨ ᠤ ᠳᠣᠲᠣᠷᠠᠬᠢ 11 ᠰᠠᠨᠠᠯ ᠵᠥᠪᠯᠡᠯᠭᠡ ᠨᠢ ᠰᠠᠨᠠᠯ ᠵᠥᠪᠯᠡᠯᠭᠡ ᠶᠢᠨ ᠦᠨᠳᠦᠰᠦᠨ ᠱᠠᠭᠠᠷᠳᠠᠯᠭ᠎ᠠ ᠳᠤ ᠨᠡᠶᠢᠴᠡᠨ᠎ᠡ ᠭᠡᠵᠦ ᠦᠵᠡᠪᠡ ᠃ ᠲᠤᠰ 11 ᠬᠤᠪᠢ ᠰᠠᠨᠠᠯ ᠵᠥᠪᠯᠡᠯᠭᠡ ᠶᠢᠨ ᠳᠣᠲᠣᠷᠠᠬᠢ 2 ᠬᠤᠪᠢ ᠰᠠᠨᠠᠯ ᠵᠥᠪᠯᠡᠯᠭᠡ ᠶᠢᠨ ᠰᠣᠩᠭᠤᠭᠰᠠᠨ ᠰᠡᠳᠦᠪ ᠨᠢ ᠠᠳᠠᠯᠢ ᠪᠣᠯᠬᠤᠷ ᠨᠢᠭᠡ ᠰᠠᠨᠠᠯ ᠵᠥᠪᠯᠡᠯᠭᠡ ᠪᠣᠯᠭᠠᠨ ᠰᠢᠢᠳᠪᠦᠷᠢᠯᠡᠵᠦ ᠂ ᠨᠡᠶᠢᠲᠡ 10 ᠬᠤᠪᠢ ᠰᠠᠨᠠᠯ ᠵᠥᠪᠯᠡᠯᠭᠡ ᠶᠢ ᠲᠣᠭᠲᠠᠭᠠᠪᠠ ᠂ ᠴᠥᠮ ᠬᠠᠤᠯᠢ ᠲᠣᠭᠲᠠᠭᠠᠬᠤ ᠲᠠᠯ᠎ᠠ ᠶᠢᠨ  ᠰᠠᠨᠠᠯ ᠵᠥᠪᠯᠡᠯᠭᠡ ᠪᠣᠯᠣᠨ᠎ᠠ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号