ᠬᠠᠷᠠᠯᠲᠠ ᠶᠢ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠰᠤᠭᠠᠢ – ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠬᠤᠶᠠᠷᠲᠠ ᠥᠭᠦᠯᠡᠬᠦ ᠨᠢ
ᠨᠡᠶᠢᠲᠡᠯᠡᠭᠰᠡᠨ ᠴᠠᠭ᠄
2025/1/21
      ᠬᠠᠷᠠᠯᠲᠠ ᠪᠠᠷ ᠠᠵᠢᠯᠯᠠᠭ᠎ᠠ ᠪᠠᠨ ᠬᠥᠲᠥᠯᠥᠨ ᠳᠠᠭᠠᠭᠤᠯᠵᠤ ᠂ ᠲᠡᠮᠡᠴᠡᠯ ᠢᠶᠠᠷ ᠢᠷᠡᠭᠡᠳᠦᠢ ᠪᠠᠨ ᠴᠣᠭᠴᠠᠯᠠᠨ᠎ᠠ ᠃ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠨᠢ ᠥᠪᠥᠷ ᠮᠣᠩᠭᠤᠯ ᠤᠨ 2025 ᠣᠨ ᠤ ᠬᠥᠭᠵᠢᠯᠲᠡ ᠳᠤ ᠠᠵᠢᠯ ᠤᠨ ᠬᠠᠷᠠᠯᠲᠠ ᠶᠢ ᠲᠣᠳᠣᠷᠬᠠᠶᠢᠯᠠᠵᠤ ᠂ ᠡᠭᠦᠷᠭᠡ ᠶᠢᠨ ᠨᠠᠷᠢᠨ ᠲᠠᠩᠰᠠ ᠶᠢ ᠵᠢᠭᠰᠠᠭᠠᠵᠤ ᠂ ᠡᠯ᠎ᠡ ᠵᠦᠢᠯ ᠤᠨ ᠠᠷᠭ᠎ᠠ ᠬᠡᠮᠵᠢᠶ᠎ᠡ ᠨᠢ ᠴᠥᠮ ᠠᠩᠬᠠᠷᠴᠤ ᠪᠠᠶᠢᠭ᠎ᠠ ᠠᠰᠠᠭᠤᠳᠠᠯ ᠢ ᠣᠨᠣᠭᠠᠵᠤ ᠂ ᠢᠲᠡᠭᠡᠯ ᠵᠣᠷᠢᠭ ᠢ ᠳᠠᠮᠵᠢᠭᠤᠯᠤᠨ ᠂ ᠠᠮᠢᠵᠢᠷᠠᠯ ᠤᠨ ᠬᠦᠴᠦᠨ ᠢ ᠢᠯᠡᠷᠡᠭᠦᠯᠪᠡ ᠃ ᠬᠦᠴᠦᠯᠡᠨ ᠴᠢᠷᠮᠠᠶᠢᠵᠤ ᠪᠠᠶᠢᠭᠠᠳ ︽ᠪᠠᠷᠢᠯᠭ᠎ᠠ ᠶᠢᠨ ᠵᠢᠷᠤᠭ ︾ ᠢ ︽ᠪᠣᠳᠠᠲᠤ ᠵᠢᠷᠤᠭ ︾ ᠪᠣᠯᠭᠠᠨ ᠬᠤᠪᠢᠷᠠᠭᠤᠯᠬᠤ ᠳᠤ ᠂ ᠪᠦᠭᠦ ᠣᠷᠣᠨ ᠤ ᠡᠯ᠎ᠡ ᠱᠠᠲᠤᠨ ᠤ ᠬᠢᠨ ᠬᠠᠷᠠᠯᠲᠠ ᠪᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ ᠂ ᠬᠠᠷᠠᠯᠲᠠ ᠶᠢ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠵᠤ ᠂ ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠤᠷᠤᠭᠰᠢᠯᠠᠵᠤ ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ ᠂ ᠰᠢᠪᠲᠤᠯᠤᠯᠲᠠ ᠭᠠᠷᠭᠠᠬᠤ ᠬᠡᠷᠡᠭᠲᠡᠢ ᠃      ᠲᠠᠨᠢᠯᠲᠠ ᠬᠡᠳᠦᠢ ᠲᠣᠳᠣ ᠪᠤᠯᠬᠤ ᠲᠤᠲᠤᠮ ᠦᠢᠯᠡᠳᠦᠯᠭᠡ ᠲᠡᠳᠦᠢ ᠯᠠᠪᠳᠠᠭᠤᠨ ᠪᠠᠲᠤᠲᠠᠢ ᠪᠤᠯᠳᠠᠬ ᠃ ᠡᠨᠡ ᠵᠢᠯ ᠤᠨ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠢᠶᠠᠷ ᠨᠡᠮᠡᠭᠳᠡᠭᠦᠯᠦᠨ᠎ᠡ ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠎ᠡ ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠣᠷᠴᠢᠮ ᠢᠶᠠᠷ ᠨᠡᠮᠡᠭᠳᠡᠭᠦᠯᠦᠨ᠎ᠡ ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢ ᠪᠦᠷᠢᠳᠬᠡᠯ ᠤᠨ ᠠᠷᠭ᠎ᠠ ᠪᠠᠷ 4% ᠠᠴᠠ ᠳᠡᠭᠡᠭᠰᠢ ᠨᠡᠮᠡᠭᠳᠡᠭᠦᠯᠦᠨ᠎ᠡ ︔ ᠬᠤᠲᠠ ᠪᠠᠯᠭᠠᠰᠤᠨ ᠤ ᠠᠵᠢᠯ ᠣᠯᠣᠭᠰᠠᠳ ᠢ 18 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ ᠂ ᠬᠤᠲᠠ ᠪᠠᠯᠭᠠᠰᠤᠨ ᠤ ᠪᠦᠷᠢᠳᠬᠡᠭᠰᠡᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠨ᠎ᠠ ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠨ᠎ᠠ ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠢᠶᠠᠷ ᠪᠠᠶᠢᠯᠭᠠᠨ᠎ᠠ ︔ ᠤᠯᠤᠰ ᠠᠴᠠ ᠪᠠᠭᠤᠯᠭᠠᠭᠰᠠᠨ ︽ ᠠᠷᠪᠠᠨ ᠳᠥᠷᠪᠡᠳᠦᠭᠡᠷ ᠲᠠᠪᠤᠨ ᠵᠢᠯ ︾ ᠤᠨ ᠡᠨᠧᠷᠭᠢ ᠶᠢᠨ ᠬᠤᠷᠣᠭᠳᠠᠯ ᠤᠨ ᠡᠷᠴᠢᠮ ᠢ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ ᠃ ᠣᠷᠣᠨ ᠳᠠᠶᠠᠭᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ ᠂ ᠡᠷᠴᠢ ᠪᠠᠨ ᠴᠢᠩᠭᠠᠯᠠᠵᠤ ᠂ ᠪᠦᠭᠦ ᠬᠦᠴᠦᠨ ᠢᠶᠠᠷ ᠢᠶᠠᠨ ᠴᠢᠷᠮᠠᠶᠢᠵᠤ ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠵᠣᠷᠢᠭ ᠰᠠᠨᠠᠭᠠᠨ ᠤ ᠪᠠᠶᠢᠳᠠᠯ ᠪᠣᠯᠣᠨ ᠴᠢᠳᠠᠮᠠᠭᠠᠢ ᠬᠢᠵᠦ ᠰᠠᠶᠢᠲᠤᠷ ᠪᠦᠲᠦᠭᠡᠬᠦ ᠠᠵᠢᠯ ᠤᠨ ᠰᠤᠷᠲᠠᠯ ᠢᠶᠠᠷ ︽ᠲᠠᠪᠤᠨ ᠶᠡᠭᠡ ᠡᠭᠦᠷᠭᠡ ︾  ᠶᠢ ᠦᠷᠭᠦᠯᠵᠢᠯᠡᠨ ᠪᠡᠶᠡᠯᠡᠭᠦᠯᠵᠦ ᠂ ︽ᠵᠢᠷᠭᠤᠭᠠᠨ ᠢᠨᠵᠧᠨᠧᠷᠢᠩ ︾ ᠢ ᠦᠷᠭᠦᠯᠵᠢᠯᠡᠨ ᠬᠡᠷᠡᠭᠵᠢᠭᠦᠯᠵᠦ ᠂ ︽ ᠵᠢᠷᠭᠤᠭᠠᠨ ᠠᠵᠢᠯᠯᠠᠭ᠎ᠠ ︾ ᠶᠢ ᠭᠦᠨᠵᠡᠭᠡᠢ ᠥᠷᠨᠢᠭᠦᠯᠵᠦ ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠢ ᠃      ᠬᠥᠲᠥᠯᠪᠦᠷᠢ ᠶᠢ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠬᠥᠭᠵᠢᠭᠦᠯᠬᠦ ᠶᠠᠪᠤᠳᠠᠯ ᠮᠢᠩᠭ᠎ᠠ ᠲᠦᠮᠡᠨ ᠵᠦᠢᠯ ᠳᠤ ᠬᠤᠯᠪᠣᠭᠳᠠᠵᠤ ᠂ ᠬᠥᠭᠵᠢᠭᠦᠯᠬᠦ ᠨᠥᠬᠦᠴᠡᠯ ᠤᠳ ᠨᠢ ᠶᠡᠭᠡ ᠵᠥᠷᠢᠶ᠎ᠡ ᠲᠠᠢ ᠪᠠᠶᠢᠳᠠᠭ ᠂ ᠬᠠᠷᠠᠯᠲᠠ ᠪᠠᠨ ᠰᠠᠶᠢᠲᠤᠷ ᠣᠨᠢᠯᠠᠨ ᠬᠥᠭᠵᠢᠯᠲᠡ ᠶᠢ ᠠᠬᠢᠭᠤᠯᠬᠤ ᠭᠡᠪᠡᠯ ᠪᠣᠳᠠᠲᠠᠢ ᠠᠳᠬᠤᠵᠤ ᠂ ᠨᠠᠷᠢᠨ ᠠᠳᠬᠤᠵᠤ ᠂ ᠯᠠᠪᠳᠠᠭᠤᠨ ᠪᠠᠲᠤᠲᠠᠢ ᠠᠳᠬᠤᠬᠤ ᠬᠡᠷᠡᠭᠲᠡᠢ ᠂ ︽ᠬᠤᠭᠤᠰᠤᠨ ︾᠂ ︽ᠬᠡᠶᠢᠰᠪᠦᠷᠢ ︾᠂ ︽ᠪᠦᠳᠦᠭᠦᠯᠢᠭ ︾ ᠣᠷᠣᠵᠤ ᠪᠤᠯᠬᠤ ᠦᠭᠡᠢ ᠃ ᠡᠷᠡᠰ ᠭᠤᠶᠢᠪᠢᠰᠢ ᠦᠭᠡᠢ ᠪᠠᠷ ᠪᠡᠯᠡ ᠣᠷᠣᠭᠤᠯᠤᠯᠲᠠ ᠶᠢ ᠠᠳᠬᠤᠵᠤ ᠂ ᠠᠷᠭ᠎ᠠ ᠪᠦᠭᠦᠨ ᠢ ᠰᠦᠪᠡᠭᠴᠢᠯᠡᠨ ᠬᠡᠷᠡᠭᠯᠡᠭᠡ ᠶᠢ ᠬᠥᠭᠵᠢᠭᠡᠵᠦ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠪᠣᠶᠢᠵᠢᠭᠤᠯᠤᠨ ᠬᠥᠭᠵᠢᠭᠦᠯᠵᠦ ᠂ ᠳᠠᠪᠠᠭᠤᠯᠢᠭ ᠣᠨᠴᠠᠯᠢᠭᠲᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠵᠤ ᠂ ᠣᠳᠣᠬᠢᠴᠢᠯᠠᠭᠰᠠᠨ ᠰᠢᠨ᠎ᠡ ᠮᠠᠯᠵᠢᠬᠤ ᠲᠠᠷᠢᠶᠠᠯᠠᠬᠤ ᠣᠷᠣᠨ ᠢ ᠲᠦᠷᠭᠡᠨ ᠪᠦᠲᠦᠭᠡᠨ ᠪᠠᠶᠢᠭᠤᠯᠤᠭᠰᠠᠨ ᠴᠤ ᠲᠡᠷᠡ ᠂ ᠰᠣᠶᠣᠯ ᠵᠢᠭᠤᠯᠴᠢᠯᠠᠯ ᠤᠨ ᠦᠢᠯᠡᠰ ᠢ ᠲᠤᠯᠭᠠᠭᠤᠷᠢ ᠠᠵᠤ ᠦᠢᠯᠡᠰ ᠪᠣᠯᠭᠠᠨ ᠴᠣᠭᠴᠠᠯᠠᠵᠤ ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ ᠂ ᠬᠥᠭᠵᠢᠯᠲᠡ ᠶᠢᠨ ᠰᠢᠨ᠎ᠡ ᠣᠷᠣᠨ ᠵᠠᠢ ᠶᠢ ᠶᠡᠭᠡ ᠪᠠᠷ ᠥᠷᠭᠡᠳᠬᠡᠵᠦ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠡᠷᠡᠰ ᠪᠠᠲᠤ ᠴᠣᠭᠴᠠᠯᠠᠭᠰᠠᠨ ᠴᠤ ᠲᠡᠷᠡ ᠂ ᠡᠳᠡᠭᠡᠷ ᠠᠵᠢᠯ ᠢ ᠰᠠᠶᠢᠲᠤᠷ ᠬᠢᠵᠦ ᠯᠠᠪᠳᠠᠭᠤᠨ ᠪᠠᠲᠤᠲᠠᠢ ᠬᠢᠬᠦ ᠳᠤ ᠂ ᠡᠯ᠎ᠡ ᠱᠠᠲᠤ ᠡᠯ᠎ᠡ ᠭᠠᠵᠠᠷ ᠤᠨ ᠬᠢᠨ ᠡᠷᠬᠡᠪᠰᠢ ᠪᠣᠳᠠᠲᠠᠢ ᠳᠤ ᠰᠠᠭᠤᠷᠢᠯᠠᠨ ᠂ ᠢᠳᠡᠪᠬᠢᠲᠡᠢ ᠰᠦᠪᠡᠭᠴᠢᠯᠡᠵᠦ ᠂ ᠠᠵᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠂ ᠵᠦᠢᠯ ᠪᠦᠭᠦᠨ ᠢ ᠬᠤᠪᠢᠶᠠᠷᠢᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠤᠨᠢᠨ ᠳᠡᠭᠡᠷ᠎ᠡ ᠨᠢ ᠬᠦᠴᠦᠯᠡᠵᠦ ᠂ ᠬᠠᠷᠠᠯᠲᠠ ᠲᠠᠢ ᠪᠠᠷ ᠠᠬᠢᠭᠤᠯᠵᠤ ᠂ ᠭᠤᠣᠯᠳᠠᠯᠭ᠎ᠠ ᠲᠠᠢ ᠰᠢᠪᠲᠤᠯᠤᠯᠲᠠ ᠪᠠᠷ ᠪᠦᠬᠦᠯᠢ ᠴᠣᠭᠴᠠ ᠶᠢᠨ ᠳᠠᠪᠠᠯᠲᠠ ᠶᠢ ᠳᠠᠶᠢᠴᠢᠯᠠᠬᠤ ᠬᠡᠷᠡᠭᠲᠡᠢ ᠃      ᠶᠠᠮᠠᠷᠪᠠ ᠬᠦᠴᠢᠷ ᠠᠰᠠᠭᠤᠳᠠᠯ ᠢ ᠭᠠᠭᠴᠠ ᠬᠦ ᠪᠣᠳᠠᠲᠠᠢ ᠠᠵᠢᠯᠯᠠᠪᠠᠯ ᠰᠠᠶ᠋ᠢ ᠰᠢᠢᠳᠪᠦᠷᠢᠯᠡᠵᠦ ᠴᠢᠳᠠᠨ᠎ᠠ ︔ ᠠᠯᠢᠪᠠ ᠡᠭᠦᠷᠭᠡ ᠶᠢ ᠭᠠᠭᠴᠠ ᠬᠦ ᠪᠣᠳᠠᠲᠠᠢ ᠬᠢᠵᠦ ᠴᠢᠳᠠᠪᠠᠯ ᠰᠠᠶ᠋ᠢ ᠪᠡᠶᠡᠯᠡᠭᠦᠯᠵᠦ ᠴᠢᠳᠠᠨ᠎ᠠ ᠃ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ ᠂ ᠪᠠᠰᠠ ᠴᠤ ︽ ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠮᠥᠨ ᠃ ᠰᠢᠨ᠎ᠡ ᠨᠢᠭᠡᠨ ᠵᠢᠯ ᠳᠤ ᠡᠷᠴᠢ ᠵᠣᠷᠢᠭ ᠢᠶᠠᠨ ᠬᠥᠪᠴᠢᠯᠡᠨ ᠠᠶᠠᠨ ᠳᠠᠭᠠᠨ ᠳᠠᠭᠢᠨ ᠮᠣᠷᠳᠠᠵᠤ ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ ᠨᠢᠳᠦᠨ ᠡᠮᠦᠨᠡᠬᠢ ᠶᠢ ᠠᠳᠬᠤᠬᠤ ᠪᠠ ᠪᠠᠶᠢᠷᠢᠯᠠᠭᠤᠯᠬᠤ ᠂ ᠣᠳᠣᠬᠢ ᠶᠢ ᠠᠳᠬᠤᠬᠤ ᠪᠠ ᠢᠷᠡᠭᠡᠳᠦᠢ ᠶᠢ ᠲᠥᠯᠥᠪᠵᠢᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ ᠂ ᠠᠯᠢᠪᠠ ᠠᠰᠢᠭᠲᠠᠢ ᠴᠠᠭ ᠲᠣᠭᠢᠶᠠᠯ ᠢ ᠠᠮᠵᠢᠵᠤ ᠂ ᠠᠯᠢᠪᠠ ᠠᠰᠢᠭᠲᠠᠢ ᠨᠥᠬᠦᠴᠡᠯ ᠢ ᠠᠰᠢᠭᠯᠠᠵᠤ ᠂ ᠣᠨᠣᠴᠠᠲᠠᠢ ᠭᠡᠵᠦ ᠦᠵᠡᠪᠡᠯ ᠱᠠᠯᠠᠪᠳᠠᠨ ᠠᠵᠢᠯᠯᠠᠵᠤ ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢ ᠳᠠᠶᠢᠴᠢᠯᠠᠬᠤ ᠬᠡᠷᠡᠭᠲᠡᠢ ᠃ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠨᠢᠭᠡ ᠨᠢᠭᠡ ᠠᠯᠬᠤᠮ ᠢᠶᠠᠷ ᠬᠢᠵᠦ ᠂ ᠨᠢᠭᠡ ᠨᠢᠭᠡ ᠵᠠᠩᠭᠢᠯᠠᠭ᠎ᠠ ᠶᠢᠨ ᠴᠡᠭ ᠢᠶᠠᠷ ᠯᠠᠪᠳᠠᠭᠤᠨ ᠪᠠᠲᠤᠲᠠᠢ ᠠᠬᠢᠭᠤᠯᠵᠤ ᠂ ︽ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ︾ ᠲᠠᠯ᠎ᠠ ᠪᠠᠷ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠬᠤ ᠬᠡᠷᠡᠭᠲᠡᠢ ᠃      ᠡᠷᠴᠢ ᠵᠣᠷᠢᠭ ᠢᠶᠠᠨ ᠬᠥᠪᠴᠢᠯᠡᠵᠦ ᠂ ᠪᠦᠭᠦ ᠬᠦᠴᠦᠨ ᠢᠶᠠᠷ ᠢᠶᠠᠨ ᠴᠢᠷᠮᠠᠶᠢᠵᠤ ᠂ ᠪᠣᠳᠠᠲᠠᠢ ᠶᠢ ᠡᠷᠭᠢᠮᠯᠡᠭᠦ ᠰᠤᠷᠲᠠᠯ ᠢ ᠪᠠᠳᠠᠷᠠᠭᠤᠯᠵᠤ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠬᠤᠶᠠᠷ ᠬᠤᠷᠠᠯ ᠳᠤ ᠪᠦᠷᠢᠯᠳᠦᠭᠦᠯᠦᠭᠰᠡᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠦᠭᠦ ᠬᠦᠴᠦᠨ ᠢᠶᠠᠷ ᠢᠶᠠᠨ ᠲᠡᠮᠡᠴᠡᠯ ᠤᠨ ᠬᠠᠯᠠᠭᠤᠨ ᠰᠡᠳᠬᠢᠯᠭᠡ ᠪᠣᠯᠭᠠᠨ ᠬᠤᠪᠢᠷᠠᠭᠤᠯᠵᠤ ᠂ ᠬᠤᠶᠠᠷ ᠬᠤᠷᠠᠯ ᠠᠴᠠ ᠬᠥᠭᠵᠢᠭᠡᠭᠰᠡᠨ ᠢᠲᠡᠭᠡᠯ ᠵᠣᠷᠢᠭ ᠢ ᠠᠤᠭ᠎ᠠ ᠶᠡᠭᠡ ᠬᠦᠴᠦᠨ ᠴᠢᠳᠠᠯ ᠪᠣᠯᠭᠠᠨ ᠨᠢᠭᠲᠠᠷᠠᠭᠤᠯᠵᠤ ᠂ ᠬᠠᠷᠠᠯᠲᠠ ᠡᠭᠦᠷᠭᠡ ᠶᠢ ︽ᠴᠠᠭᠠᠰᠤᠨ ᠳᠡᠭᠡᠷ᠎ᠡ ︾ ᠠᠴᠠ ᠪᠣᠳᠠᠲᠠᠢ ᠳᠤ ᠨᠠᠶᠢᠳᠠᠪᠤᠷᠢᠵᠢᠭᠤᠯᠵᠤ ᠂ ᠲᠦᠷᠦ ᠶᠢᠨ ᠪᠣᠳᠣᠯᠭ᠎ᠠ ᠶᠢᠨ ᠠᠰᠢᠭ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠪᠠᠯ ᠂ ᠪᠢᠳᠡ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠱᠠᠲᠤ ᠥᠭᠰᠥᠨ ᠤᠷᠤᠭᠰᠢᠯᠠᠵᠤ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠵᠤ ᠴᠢᠳᠠᠬᠤ ᠨᠢ ᠯᠠᠪᠲᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号