ᠰᠢᠨᠬᠤᠸᠠ ᠬᠤᠷᠢᠶ᠎ᠠ ᠶᠢᠨ ᠴᠠᠩᠴᠦ᠋ᠨ ᠤ 2 ᠰᠠᠷ᠎ᠠ ᠶᠢᠨ 8 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠂ ᠭᠢᠷᠢᠨ ᠮᠤᠵᠢ ᠨᠠᠮ ᠤᠨ ᠲᠥᠪ | ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠤᠯᠤᠰ ᠤᠨ ︽ᠲᠠᠪᠤᠨ | ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ ᠂ | ᠬᠥᠭᠵᠢᠭᠦᠯᠦᠯᠲᠡ ᠶᠢᠨ ᠵᠣᠭᠰᠣᠴᠠ ᠪᠠᠨ ᠴᠢᠨᠠᠷ ᠰᠠᠶᠢᠲᠠᠢ ᠬᠥᠭᠵᠢᠯᠲᠡ ᠳᠡᠭᠡᠷ᠎ᠡ ᠲᠠᠯᠪᠢᠬᠤ ᠶᠢ ᠪᠠᠷᠢᠮᠲᠠᠯᠠᠵᠤ ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ ᠂ ᠥᠭᠡᠷᠡᠴᠢᠯᠡᠯᠲᠡ ᠨᠡᠭᠡᠭᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ ᠂ ᠠᠵᠠ ᠲᠣᠭᠢᠶᠠᠯ ᠢ ᠠᠳᠬᠤᠨ ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ ᠂ | ᠵᠣᠷᠢᠭᠲᠠᠢ ᠪᠠᠷ ᠰᠢᠨ᠎ᠡ ᠶᠢ ᠡᠭᠦᠳᠴᠦ ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ | ᠴᠢᠬᠤᠯᠠᠴᠢᠯᠠᠪᠠ ᠃ | | | | | | 2 ᠰᠠᠷ᠎ᠠ ᠶᠢᠨ 8 ᠤ ᠦᠳᠡ ᠶᠢᠨ ᠡᠮᠦᠨ᠎ᠡ ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ | ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠳᠠ ᠳᠤ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠴᠢᠬᠤᠯᠠ ᠶᠠᠷᠢᠶ᠎ᠠ ᠲᠠᠯᠪᠢᠪᠠ ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 2 ᠰᠠᠷ᠎ᠠ ᠶᠢᠨ 8 ᠤ ᠦᠳᠡ ᠶᠢᠨ ᠡᠮᠦᠨ᠎ᠡ ᠂ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠢᠷᠢᠨ | ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ ᠃ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠴᠢᠶᠠᠩ ᠬᠠᠷᠢᠭᠤ ᠮᠡᠳᠡᠭᠦᠯᠦᠯᠲᠡ ᠬᠢᠵᠦ ᠂ ᠮᠤᠵᠢ ᠶᠢᠨ | ᠳᠠᠷᠤᠭ᠎ᠠ ᠬᠤ᠋ ᠢᠦᠢ ᠲᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠂ ᠭᠢᠷᠢᠨ ᠤ | ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ ᠂ ᠲᠠᠷᠠᠭᠠᠴᠢ ᠶᠢᠨ ᠠᠯᠬᠤᠮ ᠤᠨ ᠠᠵᠢᠯ ᠳᠤ | ᠱᠠᠭᠠᠷᠳᠠᠯᠭ᠎ᠠ ᠳᠤᠷᠠᠳᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠ ᠠᠵᠤ | ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ | ᠰᠠᠭᠤᠷᠢ ᠶᠢ ᠪᠠᠲᠤ ᠰᠠᠬᠢᠵᠤ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠂ ᠳᠠᠪᠠᠭᠤᠯᠢᠭ ᠠᠵᠤ | ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ ᠂ ᠭᠢᠷᠢᠨ ᠤ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠵᠤ | ᠦᠢᠯᠡᠰ ᠤᠨ ᠰᠢᠨ᠎ᠡ ᠡᠭᠦᠳᠦᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠰᠢᠨᠵᠢᠯᠡᠬᠦ ᠤᠬᠠᠭᠠᠨ ᠤ | ᠰᠤᠳᠤᠯᠭᠠᠨ ᠤ ᠡᠬᠢ ᠪᠠᠶᠠᠯᠢᠭ ᠪᠠ ᠬᠦᠴᠦᠨ ᠢ ᠨᠡᠶᠢᠳᠬᠡᠵᠦ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ ᠂ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠵᠦ ᠂ ᠨᠢᠭᠡ | ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠲᠦᠷᠦᠯ ᠳᠤ ᠰᠢᠨ᠎ᠡ ᠰᠢᠪᠲᠤᠯᠤᠯᠲᠠ | ᠭᠠᠷᠭᠠᠬᠤ ᠪᠠᠷ ᠴᠢᠷᠮᠠᠶᠢᠵᠤ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ | ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠠᠬᠢᠭᠤᠯᠬᠤ ᠬᠡᠷᠡᠭᠲᠡᠢ ᠃ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ ᠂ ᠮᠥᠰᠥ ᠴᠠᠰᠤ ᠂ ᠪᠠᠶᠢᠭᠠᠯᠢ ᠶᠢᠨ ᠥᠩᠭᠡ ᠦᠵᠡᠮᠵᠢ ᠂ ᠦᠨᠳᠦᠰᠦᠲᠡᠨ ᠤ ᠵᠠᠩ ᠦᠶᠯᠡ ᠵᠡᠷᠭᠡ | ᠣᠨᠴᠠᠯᠢᠭᠲᠤ ᠡᠬᠢ ᠪᠠᠶᠠᠯᠢᠭ ᠢ ᠠᠰᠢᠭᠯᠠᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠬᠡᠷᠡᠭᠲᠡᠢ ᠃ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ ᠂ ᠴᠠᠩᠴᠦ᠋ᠨ ᠤ ᠣᠳᠣᠬᠢᠴᠢᠯᠠᠭᠰᠠᠨ ᠬᠤᠳᠠ ᠶᠢᠨ | ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠵᠡᠭᠦᠨ ᠬᠤᠶᠢᠲᠤ ᠣᠷᠣᠨ ᠤ ᠪᠤᠰᠤᠳ ᠮᠤᠵᠢ ᠯᠤᠭ᠎ᠠ | ᠬᠠᠮᠵᠢᠯᠴᠠᠨ ᠬᠥᠳᠡᠯᠦᠯᠴᠡᠬᠦ ᠶᠢ ᠴᠢᠬᠤᠯᠠᠴᠢᠯᠠᠵᠤ ᠂ ᠠᠭᠤᠰᠤᠯᠴᠠᠨ ᠬᠥᠭᠵᠢᠬᠦ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠵᠦ | ᠵᠢᠭᠠᠵᠤ ᠭᠠᠷᠭᠠᠪᠠ ᠃ | ᠰᠢ ᠶᠢᠨ ᠫᠢᠩ ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ | ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠤᠶᠢᠯ ᠤᠨ ᠴᠢᠬᠤᠯᠠ ᠶᠤᠮ ᠃ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠵᠠᠭᠠᠷᠯᠠᠵᠤ ᠪᠠᠶᠢᠭ᠎ᠠ | ᠲᠦᠭᠵᠢᠷᠡᠯ ᠴᠡᠭ ᠬᠤᠷᠢᠭ᠎ᠠ ᠴᠡᠭ ᠪᠣᠯᠣᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ ᠂ ᠥᠭᠡᠷᠡᠴᠢᠯᠡᠯᠲᠡ ᠶᠢᠨ ᠵᠥᠪᠯᠡᠬᠦ ᠰᠡᠳᠦᠪ ᠢ ᠲᠣᠬᠢᠷᠠᠭᠤᠯᠵᠤ ᠂ ᠥᠭᠡᠷᠡᠴᠢᠯᠡᠯᠲᠡ ᠶᠢᠨ | ᠲᠥᠰᠥᠯ ᠢ ᠪᠦᠷᠢᠯᠳᠦᠭᠦᠯᠵᠦ ᠂ ᠭᠦᠨ ᠳᠠᠪᠬᠤᠷᠭ᠎ᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ ᠂ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠢ ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠦ ᠲᠡᠷᠡ ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠤ ᠲᠡᠷᠡ ᠂ ᠴᠥᠮ ᠲᠦᠷᠦ ᠶᠢᠨ ᠪᠣᠳᠣᠯᠭ᠎ᠠ | ᠲᠣᠭᠲᠠᠭᠠᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠬᠤ ᠶᠢ ᠴᠢᠬᠤᠯᠠᠴᠢᠯᠠᠵᠤ ᠂ | ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠥᠭᠡᠳ ᠥᠪᠡᠷᠮᠢᠴᠡ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ ᠂ | ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠢ ᠪᠤᠯᠭᠠᠵᠤ ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ | ᠪᠠᠶᠢᠭᠤᠯᠤᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠠᠷᠢᠶᠠᠯᠠᠩ ᠤᠨ ᠲᠣᠮᠣ | ᠮᠤᠵᠢ ᠂ ᠠᠮᠤ ᠪᠤᠳᠠᠭᠠᠨ ᠤ ᠲᠣᠮᠣ ᠮᠤᠵᠢ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ ᠃ ᠭᠢᠷᠢᠨ ᠤ ᠬᠢᠨ | ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ ᠂ ᠲᠠᠷᠢᠶᠠᠯᠠᠩ ᠢ | ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠪᠠᠶᠢᠭᠤᠯᠤᠯ ᠢ | ᠲᠡᠭᠦᠯᠳᠡᠷᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ ᠂ ᠪᠣᠬᠢᠷᠳᠤᠯ ᠦᠭᠡᠢ ᠲᠠᠷᠢᠶᠠᠯᠠᠩ ᠂ ᠶᠠᠰᠤ | ᠴᠢᠨᠠᠷ ᠤᠨ ᠲᠠᠷᠢᠶᠠᠯᠠᠩ ᠂ ᠲᠥᠷᠥᠯ ᠲᠡᠮᠳᠡᠭᠲᠦ ᠲᠠᠷᠢᠶᠠᠯᠠᠩ ᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ ᠃ | ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ ᠂ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠡᠳ᠋ᠰᠢᠭᠦᠯᠬᠦ ᠪᠠ ᠢᠳᠡᠭᠡᠨ ᠢ ᠨᠠᠷᠢᠯᠢᠭ ᠡᠳ᠋ᠰᠢᠭᠦᠯᠬᠦ ᠶᠢ ᠴᠢᠩᠭᠠᠳᠬᠠᠵᠤ ᠂ ︽ᠲᠠᠷᠢᠮᠠᠯ ᠨᠢ ᠡᠬᠢᠨ ᠳᠤ | ᠪᠦᠲᠦᠭᠡᠭᠳᠡᠬᠦᠨ ᠨᠢ ᠰᠡᠭᠦᠯ ᠳᠤ︾ ᠂ ︽ᠮᠠᠯ ᠨᠢ ᠡᠬᠢᠨ ᠳᠤ ᠮᠢᠬ᠎ᠠ ᠨᠢ ᠰᠡᠭᠦᠯ ᠳᠤ︾ ᠂ ︽ᠲᠠᠷᠢᠶᠠᠯᠠᠩ ᠨᠢ ᠡᠬᠢᠨ ᠳᠤ | ᠠᠵᠤ ᠦᠢᠯᠡᠳᠪᠦᠷᠢ ᠨᠢ ᠰᠡᠭᠦᠯ ᠳᠤ︾ ᠪᠤᠯᠬᠤ ᠠᠵᠢᠯ ᠢ ᠭᠦᠢᠴᠡᠳ ᠪᠥᠭᠡᠳ ᠠᠮᠢᠳᠤᠯᠢᠭ ᠬᠢᠵᠦ ᠂ ᠤᠯᠠᠨ ᠡᠰᠢᠴᠢᠯᠡᠭᠰᠡᠨ | ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ ᠂ | ᠠᠵᠤ ᠦᠢᠯᠡᠰ ᠤᠨ ᠬᠥᠭᠵᠢᠯᠲᠡ ᠂ ᠤᠯᠠᠨ ᠨᠡᠶᠢᠲᠡ ᠶᠢᠨ ᠦᠢᠯᠡᠴᠢᠯᠡᠭᠡ ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠤᠬᠠᠭᠠᠯᠠᠨ ᠲᠥᠯᠥᠪᠯᠡᠵᠦ ᠂ ᠦᠢᠯᠡᠰ ᠢ ᠮᠠᠨᠳᠤᠭᠤᠯᠬᠤ ᠂ ᠰᠢᠶᠠᠨ ᠢ | ᠬᠦᠴᠦᠷᠬᠡᠭᠵᠢᠭᠦᠯᠬᠦ ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ ᠂ ᠬᠤᠳᠠ | ᠬᠥᠳᠡᠭᠡ ᠶᠢᠨ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ | ᠰᠢᠨ᠎ᠡ ᠶᠢ ᠡᠭᠦᠳᠴᠦ ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢᠨ ᠲᠦᠪᠰᠢᠨ ᠢ | ᠳᠡᠭᠡᠭᠰᠢᠯᠡᠭᠦᠯᠵᠦ ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠪᠠ ᠠᠵᠢᠯᠯᠠᠵᠤ ᠠᠮᠢᠳᠤᠷᠠᠬᠤ ᠳᠤ | ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠭᠢᠷᠢᠨ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠵᠤ ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠭᠦ ᠲᠠᠯ᠎ᠠ ᠪᠠᠷ | ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ | ᠦᠵᠡᠯᠲᠡ ᠂ ᠲᠡᠦᠬᠡ ᠶᠢᠨ ᠦᠵᠡᠯᠲᠡ ᠂ ᠦᠨᠳᠦᠰᠦᠲᠡᠨ ᠤ ᠦᠵᠡᠯᠲᠡ ᠂ ᠰᠣᠶᠣᠯ ᠤᠨ ᠦᠵᠡᠯᠲᠡ ᠂ ᠱᠠᠰᠢᠨ ᠰᠤᠷᠲᠠᠬᠤᠨ ᠤ | ᠦᠵᠡᠯᠲᠡ ᠶᠢ ᠪᠤᠶ ᠪᠤᠯᠭᠠᠵᠤ ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠬᠦ | ᠬᠡᠷᠡᠭᠲᠡᠢ ᠃ ᠬᠢᠯᠢ ᠬᠢᠵᠠᠭᠠᠷ ᠣᠷᠣᠨ ᠢ ᠮᠠᠨᠳᠤᠭᠤᠯᠵᠤ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠢᠯᠢ ᠶᠢᠨ ᠠᠷᠠᠯᠵᠢᠶ᠎ᠠ ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ ᠃ | ᠰᠢ ᠶᠢᠨ ᠫᠢᠩ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠶᠠᠮᠠᠷᠪᠠ ᠦᠶ᠎ᠡ ᠳᠤ ᠴᠦ | ᠡᠷᠬᠡᠪᠰᠢ ᠴᠢᠩᠭ᠎ᠠ ᠠᠳᠬᠤᠬᠤ ᠬᠡᠷᠡᠭᠲᠡᠢ ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ | ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠠᠷᠭᠠᠴᠠᠭᠠᠬᠤ ᠪᠠᠨ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ | ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠷᠢᠯᠭᠠᠵᠤ ᠂ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠰᠢ ᠶᠢᠨ ᠫᠢᠩ ᠂ ᠴᠢᠨᠠᠷ ᠰᠠᠶᠢᠲᠠᠢ ᠬᠥᠭᠵᠢᠯᠲᠡ ᠶᠢ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠬᠡᠷᠡᠭᠲᠡᠢ ᠃ ᠬᠥᠮᠥᠨ ᠬᠡᠷᠡᠭᠯᠡᠬᠦ ᠵᠥᠪ ᠤᠳᠤᠷᠢᠳᠤᠮᠵᠢ ᠪᠠ ᠠᠵᠢᠯ ᠤᠨ ᠵᠥᠪ ᠤᠳᠤᠷᠢᠳᠤᠮᠵᠢ ᠶᠢ ᠪᠤᠢ | ᠪᠤᠯᠭᠠᠵᠤ ᠂ ᠡᠯ᠎ᠡ ᠱᠠᠲᠤᠨ ᠤ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ ᠂ ᠡᠷᠳᠡᠮ ᠴᠢᠳᠠᠪᠤᠷᠢ ᠪᠠᠨ | ᠨᠡᠮᠡᠭᠳᠡᠭᠦᠯᠦᠨ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠰᠢᠯᠢᠳᠡᠭ ᠠᠮᠵᠢᠯᠲᠠ ᠪᠦᠲᠦᠮᠵᠢ | ᠭᠠᠷᠭᠠᠬᠤ ᠪᠠᠷ ᠴᠢᠷᠮᠠᠶᠢᠬᠤ ᠪᠤᠯᠭᠠᠬᠤ ᠬᠡᠷᠡᠭᠲᠡᠢ ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ | ᠠᠳᠬᠤᠬᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ | ᠨᠡᠪᠲᠡᠷᠡᠯᠴᠡᠭᠦᠯᠬᠦ ᠶᠢ ᠪᠠᠷᠢᠮᠲᠠᠯᠠᠵᠤ ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ ᠬᠢᠨᠠᠯᠲᠠ | ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠦᠨ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ ᠂ ᠺᠠᠳ᠋ᠷ ᠤᠨ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ | ᠰᠠᠬᠢᠬᠤ ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠠᠵᠢᠯ ᠬᠢᠬᠦ ᠶᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ | ᠬᠤᠷᠠᠯ ᠳᠤ ᠣᠷᠣᠯᠴᠠᠪᠠ ᠃ | ᠾᠧ ᠯᠢ ᠹᠧᠩ ᠂ ᠸᠠᠩ ᠰᠢᠶᠣᠣ ᠬᠤᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ ᠃ | |