ᠬᠥᠬᠦᠨ ᠤ ᠡᠷᠭᠢᠭᠦᠯᠦᠨ ᠣᠭᠲᠣᠯᠬᠤ ᠵᠡᠭᠦᠦ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/2/13
ᠥᠪᠥᠷ ᠡᠮ ᠬᠤᠳᠠᠯᠳᠤᠨ ᠠᠪᠬᠤ ᠲᠥᠪ ᠦᠰᠦᠭ ﹇2025 ﹈ 21 ᠳ᠋ᠤᠭᠡᠷ ᠲᠣᠭᠠᠲᠤ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠮᠠᠨᠵᠤᠤᠷ ᠬᠤᠲᠠ ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠵᠧᠵᠢᠶᠠᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ︽ᠬᠥᠬᠦᠨ ᠤ ᠡᠷᠭᠢᠭᠦᠯᠦᠨ ᠣᠭᠲᠣᠯᠬᠤ ᠵᠡᠭᠦᠦ ᠶᠢᠨ ᠮᠤᠵᠢ ᠶᠢᠨ ᠬᠤᠭᠤᠷᠤᠨᠳᠤ ᠬᠤᠯᠪᠣᠭᠠᠯᠠᠨ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤᠮᠳᠠ ᠰᠣᠩᠭᠤᠭᠳᠠᠭᠰᠠᠨ ᠦᠢᠯᠡᠳᠬᠦᠨ ᠤ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠲᠤᠬᠠᠶ ᠮᠡᠳᠡᠭᠳᠡᠯ︾ ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ ᠡᠳᠦᠭᠡ ᠬᠥᠬᠦᠨ ᠤ ᠡᠷᠭᠢᠭᠦᠯᠦᠨ ᠣᠭᠲᠣᠯᠬᠤ ᠵᠡᠭᠦᠦ ᠶᠢᠨ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠥᠷᠨᠢᠭᠦᠯᠬᠦ ᠪᠠᠷ ᠪᠣᠯᠪᠠ ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄  ᠨᠢᠭᠡ ᠂ ᠪᠠᠶᠢᠭᠤᠯᠤᠮᠵᠢ ᠶᠢᠨ ᠬᠡᠪᠴᠢᠶ᠎ᠡ  ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠲᠤᠭ᠎ᠠ ᠪᠠᠷᠢᠮᠲᠠ ᠪᠠᠨ ᠨᠢᠭᠡᠨᠲᠡ ᠮᠡᠳᠡᠭᠦᠯᠦᠨ ᠬᠦᠷᠭᠡᠭᠰᠡᠨ ᠡᠮᠴᠢᠯᠡᠭᠡᠨ ᠤ ᠪᠠᠶᠢᠭᠤᠯᠤᠮᠵᠢ ᠃  ᠬᠤᠶᠠᠷ ᠂ ᠲᠠᠭᠯᠠᠨ ᠮᠡᠳᠡᠭᠦᠯᠬᠦ ᠠᠷᠭ᠎ᠠ ᠬᠡᠯᠪᠡᠷᠢ  ᠲᠣᠰ ᠤᠳᠠᠭᠠᠨ ᠤ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ︽ᠵᠧᠵᠢᠶᠠᠩ ᠮᠤᠵᠢ ᠪᠠᠷ ᠲᠦᠷᠦᠭᠦᠯᠡᠭᠦᠯᠦᠭᠰᠡᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠮᠤᠵᠢ ᠶᠢᠨ ᠬᠤᠭᠤᠷᠤᠨᠳᠤ ᠬᠤᠯᠪᠣᠭᠠᠯᠠᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠰᠢᠰᠲ᠋ᠧᠮ — ᠵᠦᠪᠳᠡᠯᠴᠡᠨ ᠬᠤᠳᠠᠯᠳᠤᠨ ᠠᠪᠬᠤ ᠬᠡᠮᠵᠢᠶᠡᠨ ᠤ ᠬᠠᠮᠢᠶᠠᠷᠤᠯᠲᠠ︾ ᠳᠤ ᠨᠡᠪᠲᠡᠷᠡᠵᠦ ᠬᠠᠮᠢᠶ᠎ᠠ ᠪᠦᠬᠦᠢ ᠠᠵᠢᠯᠯᠠᠭᠠᠨ ︵ᠰᠦᠯᠵᠢᠶᠡᠨ ᠬᠠᠶ᠋ᠢᠭ᠄ https://sjlm.ybj.zj.gov.cn/tps-local/login ︶ ᠢ ᠪᠡᠶᠡᠯᠡᠭᠦᠯᠦᠨ᠎ᠡ ᠃ ᠨᠡᠪᠲᠡᠷᠡᠬᠦ ᠳᠠᠩᠰᠠᠨ ᠨᠣᠮᠧᠷ ᠪᠣᠯᠣᠨ ᠨᠢᠭᠤᠴᠠ ᠨᠣᠮᠧᠷ ᠨᠢ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠲᠠᠭᠯᠠᠨ ᠮᠡᠳᠡᠭᠦᠯᠬᠦ ᠳᠤ ᠬᠡᠷᠡᠭᠯᠡᠬᠦ ᠳᠠᠩᠰᠠᠨ ᠨᠣᠮᠧᠷ ᠪᠣᠯᠣᠨ ᠨᠢᠭᠤᠴᠠ ᠨᠣᠮᠧᠷ ᠲᠠᠢ ᠠᠳᠠᠯᠢ ᠪᠠᠶᠢᠵᠤ ᠂ ᠡᠮᠴᠢᠯᠡᠭᠡᠨ ᠤ ᠪᠠᠶᠢᠭᠤᠯᠤᠮᠵᠢ ᠬᠡᠷᠪᠡ ᠨᠢᠭᠤᠴᠠ ᠨᠣᠮᠧᠷ ᠢᠶᠠᠨ ᠮᠠᠷᠲᠠᠪᠠᠯ ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠮᠵᠢᠭᠤᠯᠤᠨ ᠳᠠᠬᠢᠨ ᠳᠣᠬᠢᠷᠠᠭᠤᠯᠵᠤ ᠪᠣᠯᠣᠨ᠎ᠠ ᠃  ᠭᠤᠷᠪᠠ ᠂ ᠬᠤᠳᠠᠯᠳᠤᠨ ᠠᠪᠬᠤ ᠬᠡᠮᠵᠢᠶᠡᠨ ᠤ ᠬᠤᠪᠢᠶᠠᠷᠢᠯᠠᠯᠲᠠ ᠶᠢᠨ ᠳᠦᠷᠢᠮ  ᠨᠢᠭᠡᠳᠦᠭᠡᠷ ᠠᠯᠬᠤᠮ᠄ ᠦᠨ᠎ᠡ ᠬᠠᠶᠠᠯᠴᠠᠬᠤ ᠨᠢᠭᠡᠴᠢ ᠶᠢᠨ ᠳᠣᠲᠣᠷ᠎ᠠ ᠰᠣᠩᠭᠤᠭᠳᠠᠭᠰᠠᠨ ᠨᠡᠷᠡᠰ ᠤᠨ ᠵᠢᠭᠰᠠᠭᠠᠯᠲᠠ ᠶᠢᠨ ᠳᠠᠷᠠᠭᠠᠯᠠᠯ ᠢᠶᠠᠷ ᠡᠮᠴᠢᠯᠡᠭᠡᠨ ᠤ ᠪᠠᠶᠢᠭᠤᠯᠤᠮᠵᠢ ᠶᠢᠨ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢ ᠬᠤᠪᠢᠶᠠᠷᠢᠯᠠᠨ᠎ᠠ ︵ᠬᠡᠷᠪᠡ ᠪᠦᠬᠦᠯᠢ ᠲᠤᠭ᠎ᠠ ᠪᠢᠰᠢ ᠪᠣᠯ ᠳᠡᠭᠡᠭᠰᠢ ᠳᠡᠪᠰᠢᠭᠦᠯᠵᠦ ᠪᠦᠲᠦᠨ ᠣᠷᠤᠨᠲᠤ ᠲᠤᠭ᠎ᠠ ᠪᠣᠯᠭᠠᠨ᠎ᠠ︶ ᠂ ᠳᠣᠣᠷᠠᠬᠢ ᠬᠦᠰᠦᠨᠦᠭᠲᠦ ᠠᠴᠠ ᠨᠠᠷᠢᠨ ᠦᠵᠡ ᠃   ᠵᠥᠪᠳᠡᠯᠴᠡᠨ ᠬᠤᠳᠠᠯᠳᠤᠨ ᠠᠪᠬᠤ ᠬᠡᠮᠵᠢᠶᠡᠨ ᠤ ᠱᠠᠲᠤᠯᠢᠭ ᠬᠡᠰᠡᠭ ᠤᠨ ᠬᠤᠪᠢᠶᠠᠷᠢᠯᠠᠯᠲᠠ ᠶᠢᠨ ᠬᠠᠷᠢᠴᠠᠯ
2-13-通知-关于开展乳房旋切针协议采购量确定工作的通知.png
   ᠡᠯ᠎ᠡ ᠥᠷᠢᠰᠦᠯᠳᠦᠬᠦ ᠨᠢᠭᠡᠴᠢ ᠨᠢ ︽ᠰᠣᠩᠭᠤᠭᠳᠠᠬᠤ ᠪᠠᠷ ᠪᠠᠶᠢᠭ᠎ᠠ ᠳᠦᠷᠢᠮ ᠤᠨ ᠬᠤᠶᠠᠷ ᠪᠠ ᠭᠤᠷᠪᠠ︾ ᠪᠠᠷ ᠳᠠᠮᠵᠢᠭᠤᠯᠵᠤ ᠰᠣᠩᠭᠤᠭᠳᠠᠭᠰᠠᠨ ᠠᠵᠤ ᠠᠬᠤᠶᠢᠯᠠᠯ ᠨᠢ ᠲᠡᠭᠦᠨ ᠤ ᠬᠤᠳᠠᠯᠳᠤᠨ ᠠᠪᠬᠤ ᠬᠡᠮᠵᠢᠶᠡᠨ ᠤ ᠱᠠᠲᠤᠯᠢᠭ ᠬᠡᠰᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠠᠷᠢᠴᠠᠯ ᠤᠨ 40% ᠪᠠᠷ ᠵᠥᠪᠳᠡᠯᠴᠡᠨ᠎ᠡ ᠃  ᠬᠤᠶᠠᠳᠤᠭᠠᠷ ᠠᠯᠬᠤᠮ᠄ ᠡᠮᠴᠢᠯᠡᠭᠡᠨ ᠤ ᠪᠠᠶᠢᠭᠤᠯᠤᠮᠵᠢ ᠨᠢ ᠬᠡᠮᠵᠢᠶ᠎ᠡ ᠪᠠᠨ ᠮᠡᠳᠡᠭᠦᠯᠦᠭᠰᠡᠨ ᠪᠣᠯᠪᠠᠴᠤ ᠰᠣᠩᠭᠤᠭᠳᠠᠭᠰᠠᠨ ᠦᠭᠡᠢ ᠦᠢᠯᠡᠳᠬᠦᠨ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢᠨ 80% ︵ ᠬᠡᠷᠪᠡ ᠪᠦᠬᠦᠯᠢ ᠲᠤᠭ᠎ᠠ ᠪᠢᠰᠢ ᠪᠣᠯ ᠳᠡᠭᠡᠭᠰᠢ ᠳᠡᠪᠰᠢᠭᠦᠯᠵᠦ ᠪᠦᠲᠦᠨ ᠣᠷᠤᠨᠲᠤ ᠲᠤᠭ᠎ᠠ ᠪᠣᠯᠭᠠᠨ᠎ᠠ ︶ ᠵᠢᠴᠢ ᠰᠣᠩᠭᠤᠭᠳᠠᠭᠰᠠᠨ ᠦᠢᠯᠡᠳᠬᠦᠨ ᠤ ᠬᠤᠪᠢᠶᠠᠷᠢᠯᠠᠬᠤ ᠬᠡᠮᠵᠢᠶ᠎ᠡ ︵ ᠬᠡᠷᠪᠡ ᠪᠦᠬᠦᠯᠢ ᠲᠤᠭ᠎ᠠ ᠪᠢᠰᠢ ᠪᠣᠯ ᠳᠡᠭᠡᠭᠰᠢ ᠳᠡᠪᠰᠢᠭᠦᠯᠵᠦ ᠪᠦᠲᠦᠨ ᠣᠷᠤᠨᠲᠤ ᠲᠤᠭ᠎ᠠ ᠪᠣᠯᠭᠠᠨ᠎ᠠ︶ ᠲᠠᠢ ᠬᠠᠮᠲᠤᠷᠠᠭᠤᠯᠵᠤ ᠦᠯᠡᠳᠡᠪᠦᠷᠢ ᠬᠡᠮᠵᠢᠶ᠎ᠡ ᠶᠢ ᠪᠦᠷᠢᠯᠳᠦᠭᠦᠯᠦᠨ᠎ᠡ ᠃  ᠦᠯᠡᠳᠡᠪᠦᠷᠢ ᠬᠡᠮᠵᠢᠶᠡᠨ ᠤ ᠬᠤᠪᠢᠶᠠᠷᠢᠯᠠᠯᠲᠠ᠄ 1. ᠡᠮᠴᠢᠯᠡᠭᠡᠨ ᠤ ᠪᠠᠶᠢᠭᠤᠯᠤᠮᠵᠢ ᠠᠴᠠ ᠪᠣᠶ ᠪᠥᠬᠦᠶ ᠠᠩᠬᠠᠨ ᠤ ᠡᠭᠡᠯᠵᠢ ᠶᠢᠨ ᠮᠡᠳᠡᠭᠦᠯᠦᠭᠰᠡᠨ ᠦᠨ᠎ᠡ ᠳᠤ ᠰᠣᠩᠭᠤᠭᠳᠠᠬᠤ ᠪᠠᠷ ᠪᠠᠶᠢᠭ᠎ᠠ ᠠᠵᠤ ᠠᠬᠤᠶᠢᠯᠠᠯ ᠤᠨ ᠳᠣᠲᠣᠷ᠎ᠠ ᠠᠴᠠ ᠥᠪᠡᠰᠦᠪᠡᠨ ᠡᠵᠡᠨ ᠮᠡᠳᠡᠵᠦ ᠬᠤᠪᠢᠶᠠᠷᠢᠯᠠᠬᠤ ᠶᠢ ᠰᠣᠩᠭᠤᠨ᠎ᠠ ᠃ 2. ᠡᠯ᠎ᠡ ᠥᠷᠢᠰᠦᠯᠳᠡᠬᠦ ᠨᠢᠭᠡᠴᠢ  ᠨᠢ ︽ ᠰᠣᠩᠭᠤᠭᠳᠠᠬᠤ ᠪᠠᠷ ᠪᠠᠶᠢᠭ᠎ᠠ ᠳᠦᠷᠢᠮ ᠤᠨ ᠬᠤᠶᠠᠷ ᠪᠠ ᠭᠤᠷᠪᠠ︾ ᠪᠠᠷ ᠳᠠᠮᠵᠢᠭᠤᠯᠵᠤ ᠰᠣᠩᠭᠤᠭᠳᠠᠭᠰᠠᠨ ᠠᠵᠤ ᠠᠬᠤᠶᠢᠯᠠᠯ ᠨᠢ ᠴᠥᠮ ᠦᠯᠡᠳᠡᠪᠦᠷᠢ ᠬᠡᠮᠵᠢᠶᠡᠨ ᠤ ᠬᠤᠪᠢᠶᠠᠷᠢᠯᠠᠯᠲᠠ ᠳᠤ ᠣᠷᠣᠯᠴᠠᠬᠤ ᠦᠭᠡᠢ ᠃  ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡᠨ ᠤ ᠬᠡᠮᠵᠢᠶ᠎ᠡ ᠨᠢ 25 ᠠᠴᠠ ᠬᠡᠲᠦᠷᠡᠭᠰᠡᠨ ᠦᠭᠡᠢ ᠪᠠᠶᠢᠪᠠᠯ ᠂ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠬᠤᠪᠢᠶᠠᠷᠢᠯᠠᠬᠤ ᠦᠭᠡᠢ ᠪᠠᠶᠢᠵᠤ ᠪᠣᠯᠣᠨ᠎ᠠ ᠂ ᠲᠤᠬᠠᠶᠢᠯᠠᠪᠠᠯ ᠡᠮᠨᠡᠯᠭᠡ ᠶᠢᠨ ᠬᠤᠷᠢᠶᠠᠨ ᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶᠡᠨ ᠤ 80% ︵ᠬᠡᠷᠪᠡ ᠪᠦᠬᠦᠯᠢ ᠲᠤᠭ᠎ᠠ ᠪᠢᠰᠢ ᠪᠣᠯ ᠳᠡᠭᠡᠭᠰᠢ ᠳᠡᠪᠰᠢᠭᠦᠯᠵᠦ ᠪᠦᠲᠦᠨ ᠣᠷᠤᠨᠲᠤ ᠲᠤᠭ᠎ᠠ ᠪᠣᠯᠭᠠᠨ᠎ᠠ︶ ᠶᠢ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠪᠣᠯᠭᠠᠵᠤ ᠂ ᠡᠮᠴᠢᠯᠡᠭᠡᠨ ᠤ ᠪᠠᠶᠢᠭᠤᠯᠤᠮᠵᠢ ᠪᠤᠶ ᠪᠦᠬᠦᠢ ᠰᠣᠩᠭᠤᠭᠳᠠᠭᠰᠠᠨ ᠠᠵᠤ ᠠᠬᠤᠶᠢᠯᠠᠯ ᠠᠴᠠ ᠡᠵᠡᠨ ᠮᠡᠳᠡᠵᠦ ᠰᠣᠩᠭᠤᠨ᠎ᠠ ᠃  ᠳᠥᠷᠪᠡ ᠂ ᠴᠠᠭ ᠤᠨ ᠲᠣᠬᠢᠷᠠᠭᠤᠯᠤᠯᠲᠠ  2025 ᠣᠨ ᠤ 2 ᠳ᠋ᠤᠭᠠᠷ ᠰᠠᠷ᠎ᠠ ᠶᠢᠨ 13 ᠤ ᠡᠳᠦᠷ ᠤᠨ 9 ᠴᠠᠭ — 20 ᠤ ᠡᠳᠦᠷ ᠤᠨ 17 ᠴᠠᠭ ᠪᠣᠯᠲᠠᠯ᠎ᠠ ᠃  ᠲᠠᠪᠤ ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠮᠤᠵᠢ ᠶᠢᠨ ᠬᠤᠭᠤᠷᠤᠨᠳᠤ ᠬᠤᠯᠪᠣᠭᠠᠯᠠᠨ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ ᠂ ᠬᠤᠳᠠᠯᠳᠤᠨ ᠠᠪᠬᠤ ᠬᠡᠮᠵᠢᠶ᠎ᠡ ᠶᠢ ᠵᠥᠪᠳᠡᠯᠴᠡᠨ ᠲᠣᠭᠲᠠᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ ᠃ ᠡᠮᠴᠢᠯᠡᠭᠡᠨ ᠤ ᠪᠠᠶᠢᠭᠤᠯᠤᠮᠵᠢ ᠶᠢᠨ ᠳᠦᠷᠢᠮ ᠶᠣᠰᠣᠭᠠᠷ ᠦᠯᠡᠳᠡᠪᠦᠷᠢ ᠬᠡᠮᠵᠢᠶ᠎ᠡ ᠶᠢ ᠡᠵᠡᠨ ᠮᠡᠳᠡᠨ ᠰᠣᠩᠭᠤᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠵᠥᠪᠳᠡᠯᠴᠡᠨ ᠬᠤᠳᠠᠯᠳᠤᠨ ᠠᠪᠬᠤ ᠦᠢᠯᠡᠳᠬᠦᠨ ᠪᠣᠯᠤᠨ ᠬᠤᠳᠠᠯᠳᠤᠨ ᠠᠪᠬᠤ ᠬᠡᠮᠵᠢᠶ᠎ᠡ ᠶᠢ ᠴᠥᠮ ᠡᠮᠴᠢᠯᠡᠭᠡᠨ ᠤ ᠪᠠᠶᠢᠭᠤᠯᠤᠮᠵᠢ ᠠᠴᠠ ᠨᠤᠲᠠᠯᠠᠨ ᠲᠣᠭᠲᠠᠭᠠᠬᠤ ᠬᠡᠷᠡᠭᠲᠡᠶ ᠃  ︵ᠬᠤᠶᠠᠷ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠠᠳᠠᠯᠢ ᠲᠥᠷᠥᠯ ᠤᠨ ᠦᠨ᠎ᠡ ᠨᠢ ᠵᠦᠢ ᠵᠣᠬᠢᠰᠲᠠᠶ ᠰᠣᠩᠭᠤᠭᠳᠠᠭᠰᠠᠨ ᠦᠢᠯᠡᠳᠬᠦᠨ ᠢ ᠰᠣᠩᠭᠤᠭᠤᠯᠬᠤ ᠬᠡᠷᠡᠭᠲᠡᠶ ᠃ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠨᠢᠭᠤᠴᠠ ᠨᠣᠮᠧᠷ ᠪᠠ ᠲᠠᠩᠰᠠᠨ ᠨᠣᠮᠧᠷ ᠤᠨ ᠬᠠᠮᠢᠶᠠᠷᠤᠯᠲᠠ ᠪᠠᠨ ᠴᠢᠩᠭᠠᠳᠬᠠᠬᠤ ᠂ ᠠᠵᠢᠯ ᠢᠶᠠᠨ ᠰᠠᠶᠢᠨ ᠣᠶᠢᠯᠠᠭᠠᠳᠠᠭ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠤᠭᠤᠯᠬᠤ ᠂ ᠪᠤᠰᠤᠳ ᠬᠥᠮᠦᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠠᠰᠢᠭᠯᠠᠨ ᠬᠤᠳᠠᠯ ᠢᠶᠠᠷ ᠮᠡᠳᠡᠭᠦᠯᠬᠦ ᠂ ᠪᠤᠷᠤᠭᠤ ᠮᠡᠳᠡᠭᠦᠯᠬᠦ ᠂ ᠵᠥᠪᠳᠡᠯᠴᠡᠨ ᠬᠤᠳᠠᠯᠳᠤᠨ ᠠᠪᠬᠤ ᠬᠡᠮᠵᠢᠶ᠎ᠡ ᠶᠢ ᠥᠭᠡᠷᠡᠴᠢᠯᠡᠨ ᠮᠡᠳᠡᠭᠦᠯᠬᠦ ᠵᠡᠷᠭᠡ ︽ᠬᠡᠮᠵᠢᠶ᠎ᠡ ᠦᠨᠡᠨ ᠪᠣᠳᠠᠲᠠᠶ ᠪᠢᠰᠢ ︾ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠬᠤ ᠬᠡᠷᠡᠭᠲᠡᠶ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号