ᠵᠢᠩᠬᠢᠨᠢ ᠪᠠᠷ ᠰᠦᠯᠵᠢᠶᠡᠨ ᠳᠤ ᠭᠠᠷᠪᠠ︕ ᠡᠮ ᠤᠨ ᠵᠦᠢᠯ ᠢ ᠰᠢᠷᠪᠢᠮᠡᠭᠴᠡ ᠰᠠᠷᠢᠭᠠᠯᠠᠯ ᠪᠤᠴᠠᠯ ᠢ ᠪᠦᠷ ᠮᠡᠳᠡᠵᠦ ᠪᠣᠯᠣᠨ᠎ᠠ
ᠨᠡᠶᠢᠲᠡᠯᠡᠭᠰᠡᠨ ᠴᠠᠭ᠄
2025/2/13
  ᠣᠶᠢᠷ᠎ᠠ ᠳᠤ ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠮᠥᠷᠳᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ︾ ᠴᠢᠳᠠᠮᠵᠢ ᠶᠢ ᠵᠢᠩᠬᠢᠨᠢ ᠪᠠᠷ ᠠᠰᠢᠭᠯᠠᠯᠲᠠ ᠳᠤ ᠣᠷᠤᠭᠤᠯᠪᠠ ᠃ ᠡᠮ ᠬᠤᠳᠠᠯᠳᠤᠨ ᠠᠪᠤᠭᠴᠢ ᠡᠮ ᠤᠨ ᠬᠠᠶᠢᠷᠴᠠᠭ ᠳᠡᠭᠡᠷᠡᠬᠢ ᠡᠮ ᠤᠨ ᠵᠦᠢᠯ ᠤᠨ ᠮᠥᠷᠳᠡᠬᠦ ᠺᠣᠳ᠋ ᠢ ᠰᠢᠷᠪᠢᠬᠦ ᠪᠠᠷ ᠳᠠᠮᠵᠢᠭᠤᠯᠤᠨ ᠡᠮ ᠤᠨ ᠵᠦᠢᠯ ᠤᠨ ︽ᠪᠦᠬᠦ ᠮᠡᠳᠡᠭᠡ ᠵᠠᠩᠭᠢ ︾ ᠶᠢ ᠳᠠᠷᠤᠶᠢᠬᠠᠨ ᠣᠶᠢᠯᠠᠭᠠᠵᠤ ᠪᠣᠯᠳᠠᠭ ᠃ ᠣᠳᠣᠬᠠᠨ ᠳᠤ ᠂ ᠡᠳᠦᠷ ᠪᠦᠷᠢ 3.3 ᠲᠦᠮᠡᠨ ᠬᠥᠮᠦᠨ ᠤᠳᠠᠭ᠎ᠠ ᠡᠨᠡ ᠬᠦ ᠴᠢᠳᠠᠮᠵᠢ ᠶᠢ ᠠᠰᠢᠭᠯᠠᠨ ᠡᠮ ᠤᠨ ᠵᠦᠢᠯ ᠤᠨ ᠪᠣᠷᠤᠯᠠᠭᠤᠯᠭ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠣᠢ ᠃  ᠡᠮ ᠤᠨ ᠵᠦᠢᠯ ᠤᠨ ᠮᠥᠷᠳᠡᠬᠦ ᠺᠣᠳ᠋ ᠪᠣᠯ ᠬᠠᠶᠢᠷᠴᠠᠭ ᠪᠦᠷᠢ ᠡᠮ ᠤᠨ ᠵᠦᠢᠯ ᠤᠨ ︽ᠡᠯᠧᠺᠲᠷᠣᠨ ᠪᠡᠶ᠎ᠡ ᠶᠢᠨ ᠦᠨᠡᠮᠯᠡᠯ︾ ᠪᠠᠶᠢᠵᠤ ᠂ ᠴᠣᠷ ᠤᠨ ᠭᠠᠭᠴᠠ ᠴᠢᠨᠠᠷ ᠲᠠᠢ ᠃ ᠨᠢᠭᠡ ᠬᠠᠶᠢᠷᠴᠠᠭ ᠡᠮ ᠤᠨ ᠵᠦᠢᠯ ᠤᠨ ᠮᠥᠷᠳᠡᠬᠦ ᠺᠣᠳ᠋ ᠨᠢ ᠵᠥᠪᠬᠡᠨ ᠭᠠᠭᠴᠠ ᠤᠳᠠᠭ᠎ᠠ ᠺᠣᠳ᠋ ᠰᠢᠷᠪᠢᠵᠦ ᠪᠣᠷᠣᠯᠠᠭᠤᠯᠤᠭᠳᠠᠭᠰᠠᠨ ᠲᠡᠮᠳᠡᠭᠯᠡᠯ ᠲᠠᠢ ᠪᠠᠶᠢᠪᠠᠯ ᠵᠣᠬᠢᠨ᠎ᠠ ᠂ ᠬᠡᠷᠪᠡ ᠳᠠᠬᠢᠨ ᠳᠠᠪᠲᠠᠨ ᠣᠯᠠᠨ ᠤᠳᠠᠭ᠎ᠠ ᠰᠢᠷᠪᠢᠭᠳᠡᠭᠰᠡᠨ ᠪᠠᠶᠢᠪᠠᠯ ᠬᠠᠭᠤᠷᠮᠠᠭ ᠡᠮ ᠂ ᠪᠤᠴᠠᠯ ᠡᠮ ᠪᠤᠶᠤ ᠡᠮ ᠤᠨ ᠵᠦᠢᠯ ᠢ ᠰᠣᠯᠢᠨ ᠪᠣᠷᠤᠯᠠᠭᠤᠯᠤᠭᠰᠠᠨ ᠪᠣᠯᠣᠮᠵᠢ ᠲᠠᠢ ᠃  2024 ᠣᠨ ᠤ 4 ᠳ᠋ᠦ᠋ᠭᠡᠷ ᠰᠠᠷ᠎ᠠ ᠠᠴᠠ ᠨᠠᠭᠠᠰᠢ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠮᠥᠷᠳᠡᠬᠦ ᠮᠡᠳᠡᠭᠡ ᠵᠠᠩᠭᠢ ᠶᠢ ᠴᠤᠭᠯᠠᠭᠤᠯᠤᠨ ᠬᠡᠷᠡᠭᠯᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ ᠂ ᠢᠯᠡᠳᠲᠡ ᠠᠬᠢᠴᠠ ᠲᠠᠢ ᠪᠣᠯᠪᠠ ᠃ 2025 ᠣᠨ ᠤ 1 ᠳ᠋ᠦ᠋ᠭᠡᠷ ᠰᠠᠷ᠎ᠠ ᠶᠢᠨ 16 ᠤ ᠡᠳᠦᠷ ᠪᠣᠯᠲᠠᠯ᠎ᠠ ᠂ ᠪᠥᠬᠦ ᠤᠯᠤᠰ ᠲᠤ ᠨᠢᠭᠡᠨᠲᠡ 158.06 ᠳ᠋ᠦᠩᠰᠢᠭᠤᠷ ᠵᠤᠷᠪᠤᠰ ᠮᠥᠷᠳᠡᠬᠦ ᠺᠣᠳ᠋ ᠢ ᠴᠤᠭᠯᠠᠭᠤᠯᠵᠤ ᠂ ᠪᠥᠬᠦ ᠤᠯᠤᠰ ᠤᠨ 88.09 ᠲᠦᠮᠡᠨ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠳᠤ ᠵᠠᠯᠭᠠᠨ ᠣᠷᠣᠭᠤᠯᠵᠤ ᠂ ᠵᠠᠯᠭᠠᠨ ᠣᠷᠣᠭᠤᠯᠤᠭᠰᠠᠨ ᠨᠣᠷᠮ᠎ᠠ ᠨᠢ 94.7% ᠳᠤ ᠬᠦᠷᠪᠡ ᠃  ︽ ᠰᠢᠳᠢᠲᠦ ᠺᠣᠳ᠋ ︾ ᠢ ᠬᠡᠷᠬᠢᠨ ᠬᠡᠷᠡᠭᠯᠡᠬᠦ ᠪᠤᠢ︖  ᠡᠮ ᠬᠤᠳᠠᠯᠳᠤᠨ ᠠᠪᠤᠭᠴᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ APP ᠳᠤ ᠳᠠᠩᠰᠠᠯᠠᠭᠤᠯᠤᠨ ᠨᠡᠪᠲᠡᠷᠡᠭᠰᠡᠨ ᠤ ᠳᠠᠷᠠᠭ᠎ᠠ ᠂ ︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠤᠨ ᠮᠥᠷᠳᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ︾ ᠴᠢᠳᠠᠮᠵᠢ ᠳᠤ ᠣᠷᠣᠵᠤ ᠺᠣᠳ᠋ ᠰᠢᠷᠪᠢᠬᠦ ᠪᠤᠶᠤ ᠮᠥᠷᠳᠡᠬᠦ ᠺᠣᠳ᠋ ᠢ ᠪᠠᠶᠢᠴᠠᠭᠠᠨ ᠯᠠᠪᠯᠠᠵᠤ ᠪᠣᠯᠤᠨ᠎ᠠ ᠃ ᠬᠡᠷᠪᠡ ᠪᠠᠶᠢᠴᠠᠭᠠᠨ ᠯᠠᠪᠯᠠᠭᠳᠠᠭᠰᠠᠨ ᠦᠢᠯᠡᠳᠭᠦᠨ ᠢ ᠣᠯᠠᠨ ᠤᠳᠠᠭ᠎ᠠ ᠪᠣᠷᠣᠯᠠᠭᠤᠯᠤᠭᠰᠠᠨ ᠰᠡᠵᠢᠭᠯᠡᠯᠲᠡᠶ ᠪᠠᠶᠢᠪᠠᠯ ᠂ ᠣᠯᠠᠨ ᠲᠦᠮᠡᠨ ᠲᠣᠰ ᠮᠡᠳᠡᠭᠡ ᠵᠠᠩᠭᠢ ᠶᠢ ᠦᠨᠳᠦᠰᠦᠯᠡᠨ ᠬᠠᠮᠢᠶ᠎ᠠ ᠪᠥᠬᠦᠶ ᠬᠠᠤᠯᠢ ᠴᠠᠭᠠᠵᠠ ᠶᠢᠨ ᠵᠦᠢᠯ ᠵᠤᠷᠪᠤᠰ ᠤᠨ ᠱᠠᠭᠠᠷᠳᠠᠯᠭ᠎ᠠ ᠶᠣᠰᠣᠭᠠᠷ ᠂ ᠲᠣᠰ ᠡᠮ ᠤᠨ ᠵᠦᠢᠯ ᠢ ᠪᠣᠷᠣᠯᠠᠭᠤᠯᠵᠤ ᠪᠠᠶᠢᠭ᠎ᠠ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠠᠴᠠ ᠲᠥᠯᠥᠪᠦᠷᠢ ᠠᠪᠴᠤ ᠪᠣᠯᠤᠨ᠎ᠠ ᠃  ᠪᠠᠶᠢᠴᠠᠭᠠᠨ ᠯᠠᠪᠯᠠᠭᠰᠠᠨ ᠳ᠋ᠦᠩ ᠢ ᠭᠤᠷᠪᠠᠨ ᠵᠦᠢᠯ ᠤᠨ ᠪᠠᠶᠢᠳᠠᠯ ᠢᠶᠠᠷ ᠬᠤᠪᠢᠶᠠᠵᠤ ᠪᠣᠯᠣᠨ᠎ᠠ —  ᠵᠤᠯᠭᠠᠭᠤᠯᠬᠤ ᠨᠢᠭᠤᠷ ᠲᠤ ︽ᠲᠣᠰ ᠦᠢᠯᠡᠳᠭᠦᠨ ᠤ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠠᠯᠵᠤ ᠣᠯᠣᠭᠰᠠᠨ ᠦᠭᠡᠢ ︾ ᠭᠡᠵᠦ ᠰᠠᠨᠠᠭᠤᠯᠵᠤ ᠪᠠᠶᠢᠪᠠᠯ ᠂ ᠲᠣᠰ ᠡᠮ ᠤᠨ ᠵᠦᠢᠯ ᠤᠨ ᠪᠣᠷᠣᠯᠠᠭᠤᠯᠭ᠎ᠠ ᠶᠢᠨ ᠪᠠᠶᠢᠭᠤᠯᠤᠮᠵᠢ ᠨᠢ ᠱᠠᠭᠠᠷᠳᠠᠯᠭ᠎ᠠ ᠶᠣᠰᠣᠭᠠᠷ ᠮᠥᠷᠳᠡᠬᠦ ᠮᠡᠳᠡᠭᠡ ᠵᠠᠩᠭᠢ ᠶᠢ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠳᠠᠮᠵᠢᠭᠤᠯᠤᠭᠰᠠᠨ ᠥᠬᠡᠶ ᠪᠠᠶᠢᠵᠤ ᠂ ᠡᠪᠡᠳᠴᠢᠲᠡᠨ ᠲᠣᠰ ᠡᠮ ᠤᠨ ᠵᠦᠢᠯ ᠤᠨ ᠢᠷᠡᠯᠲᠡ ᠶᠢᠨ ᠪᠠᠷᠢᠮᠲᠠ ᠶᠢ ᠭᠠᠷᠭᠠᠨ ᠦᠵᠡᠭᠦᠯᠬᠦ ᠶᠢ ᠱᠠᠭᠠᠷᠳᠠᠵᠤ ᠂ ᠡᠮ ᠤᠨ ᠵᠦᠢᠯ ᠤᠨ ᠠᠮᠤᠷ ᠲᠦᠪᠰᠢᠨ ᠪᠠ ᠢᠷᠡᠯᠲᠡ ᠶᠢᠨ ᠠᠷᠭ᠎ᠠ ᠵᠠᠮ ᠬᠠᠤᠯᠢ ᠶᠣᠰᠣᠨ ᠤ ᠪᠠᠶᠢᠬᠤ ᠶᠢ ᠦᠨᠡᠨ ᠬᠦ ᠪᠠᠲᠤᠯᠠᠨ᠎ᠠ ᠃  ᠵᠤᠯᠭᠠᠭᠤᠯᠬᠤ ᠨᠢᠭᠤᠷ ᠲᠤ ︽ᠡᠮ ᠤᠨ ᠵᠦᠢᠯ / ᠬᠤᠷᠣᠭᠳᠠᠯ ᠮᠠᠲ᠋ᠧᠷᠢᠶᠠᠯ ᠤᠨ ᠪᠣᠷᠣᠯᠠᠭᠤᠯᠤᠭᠰᠠᠨ ᠮᠡᠳᠡᠭᠡ ᠵᠠᠩᠭᠢ ᠶᠢ ᠨᠢᠭᠡ ᠤᠳᠠᠭ᠎ᠠ ᠪᠠᠶᠢᠴᠠᠭᠠᠨ ᠯᠠᠪᠯᠠᠪᠠ ︾ ᠭᠡᠵᠦ ᠰᠠᠨᠠᠭᠤᠯᠬᠤ ᠶᠢᠨ ᠬᠠᠮᠲᠤ ᠲᠣᠰ ᠮᠥᠷᠳᠡᠬᠦ ᠺᠣᠳ᠋ ᠲᠠᠢ ᠬᠠᠷᠠᠭᠠᠯᠵᠠᠭᠰᠠᠨ ᠡᠮ ᠤᠨ ᠵᠦᠢᠯ ᠤᠨ ᠨᠡᠶᠢᠳᠡᠮ ᠬᠡᠷᠡᠭᠯᠡᠬᠦ ᠨᠡᠷ᠎ᠡ ᠂ ᠲᠠᠸᠠᠷ ᠤᠨ ᠨᠡᠷ᠎ᠡ ᠂ ᠬᠡᠪ ᠬᠡᠮᠵᠢᠶ᠎ᠡ ᠂ ᠦᠢᠯᠡᠳᠪᠦᠷᠢᠯᠡᠯ ᠤᠨ ᠠᠵᠤ ᠠᠬᠤᠶᠢᠯᠠᠯ ᠂ ᠲᠤᠭ᠎ᠠ ᠪᠠᠷᠢᠮᠲᠠ ᠶᠢ ᠰᠢᠨᠡᠳᠬᠡᠬᠦ ᠴᠠᠭ ᠵᠡᠷᠭᠡ ᠮᠡᠳᠡᠭᠡ ᠵᠠᠩᠭᠢ ᠶᠢ ᠢᠯᠡᠷᠡᠭᠦᠯᠵᠦ ᠪᠠᠶᠢᠪᠠᠯ ᠂ ᠲᠣᠰ ᠪᠠᠶᠢᠳᠠᠯ ᠨᠢ ᠡᠮ ᠤᠨ ᠵᠦᠢᠯ ᠤᠨ ᠢᠷᠡᠯᠲᠡ ᠨᠢ ᠬᠡᠪ ᠤᠨ ᠬᠠᠤᠯᠢ ᠶᠣᠰᠣᠨ ᠤ ᠠᠷᠭ᠎ᠠ ᠵᠠᠮ ᠳᠤ ᠬᠠᠷᠢᠶᠠᠯᠠᠭᠳᠠᠵᠤ ᠂ ᠡᠪᠡᠳᠴᠢᠲᠡᠨ ᠢ ᠰᠠᠨᠠᠭ᠎ᠠ ᠠᠮᠤᠷ ᠬᠡᠷᠡᠭᠯᠡᠵᠦ ᠪᠣᠯᠤᠨ᠎ᠠ ᠭᠡᠳᠡᠭ ᠢ ᠲᠤᠳᠤᠷᠬᠠᠶᠢᠯᠠᠵᠤ ᠪᠣᠢ ᠃  ᠵᠤᠯᠭᠠᠭᠤᠯᠬᠤ ᠨᠢᠭᠤᠷ ᠲᠤ ︽ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ / ᠬᠤᠷᠣᠭᠳᠠᠯ ᠮᠠᠲ᠋ᠧᠷᠢᠶᠠᠯ ᠤᠨ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠣᠯᠠᠨ ᠤᠳᠠᠭ᠎ᠠ ᠪᠠᠶᠢᠴᠠᠭᠠᠨ ᠯᠠᠪᠯᠠᠪᠠ ︾ ᠭᠡᠵᠦ ᠰᠠᠨᠠᠭᠤᠯᠬᠤ ᠶᠢᠨ ᠬᠠᠮᠲᠤ ᠣᠶᠢᠷ᠎ᠠ ᠶᠢᠨ ᠬᠡᠳᠦᠨ ᠤᠳᠠᠭᠠᠨ ᠤ ᠪᠣᠷᠣᠯᠠᠭᠤᠯᠭ᠎ᠠ ᠶᠢᠨ ᠲᠡᠮᠳᠡᠭᠯᠡᠯ ᠢ ᠢᠯᠡᠷᠡᠭᠦᠯᠵᠦ ᠪᠠᠶᠢᠪᠠᠯ ᠂ ᠲᠣᠰ ᠪᠠᠶᠢᠳᠠᠯ ᠨᠢ ᠪᠠᠶᠢᠴᠠᠭᠠᠨ ᠯᠠᠪᠯᠠᠭᠳᠠᠭᠰᠠᠨ ᠦᠢᠯᠡᠳᠬᠦᠨ ᠢ ᠣᠯᠠᠨ ᠤᠳᠠᠭ᠎ᠠ ᠪᠣᠷᠣᠯᠠᠭᠤᠯᠤᠭᠰᠠᠨ ᠰᠡᠵᠢᠭᠯᠡᠯᠲᠡᠶ ᠪᠠᠶᠢᠬᠤ ᠶᠢ ᠲᠣᠳᠣᠷᠬᠠᠶᠢᠯᠠᠵᠤ ᠂ ᠣᠯᠠᠨ ᠲᠦᠮᠡᠨ ᠲᠣᠰ ᠮᠡᠳᠡᠭᠡ ᠵᠠᠩᠭᠢ ᠶᠢ ᠦᠨᠳᠦᠰᠦᠯᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ ᠵᠦᠢᠯ ᠤᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠶᠢᠨ ᠬᠠᠮᠢᠶ᠎ᠠ ᠪᠥᠬᠦᠶ ᠵᠦᠢᠯ ᠵᠤᠷᠪᠤᠰ ᠤᠨ ᠱᠠᠭᠠᠷᠳᠠᠯᠭ᠎ᠠ ᠶᠣᠰᠣᠭᠠᠷ ᠂ ᠲᠣᠰ ᠡᠮ ᠤᠨ ᠵᠦᠢᠯ ᠢ ᠪᠣᠷᠣᠯᠠᠭᠤᠯᠵᠤ ᠪᠠᠶᠢᠭ᠎ᠠ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠠᠴᠠ ᠲᠥᠯᠥᠪᠦᠷᠢ ᠠᠪᠴᠤ ᠪᠣᠯᠤᠨ᠎ᠠ ᠃  ᠣᠨᠴᠠᠭᠠᠶᠢᠯᠠᠨ ᠲᠣᠳᠣᠷᠬᠠᠶᠢᠯᠠᠬᠤ ᠴᠢᠬᠤᠯᠠ ᠲᠠᠢ ᠵᠦᠢᠯ ᠭᠡᠪᠡᠯ ᠂ ᠬᠡᠷᠪᠡ ᠪᠤᠰᠤᠳ ᠵᠥᠭᠡᠯᠡᠨ ᠲᠣᠨᠤᠭ ᠪᠤᠶᠤ APP ᠢᠶᠠᠷ ᠡᠮ ᠤᠨ ᠵᠦᠢᠯ ᠤᠨ ᠮᠥᠷᠳᠡᠬᠦ ᠺᠣᠳ᠋ ᠢ ᠰᠢᠷᠪᠢᠭᠡᠳ ᠣᠯᠣᠭᠰᠠᠨ ᠮᠡᠳᠡᠭᠡ ᠵᠠᠩᠭᠢ ᠨᠢ ᠲᠤᠰ ᠡᠮ ᠤᠨ ᠵᠦᠢᠯ ᠤᠨ ᠡᠮᠴᠢᠯᠡᠭᠡᠨ ᠤ ᠳᠠᠭᠠᠳᠬᠠᠯ ᠤᠨ ᠪᠣᠷᠤᠯᠠᠭᠤᠯᠭ᠎ᠠ ᠶᠢᠨ ᠳ᠋ᠦᠩᠨᠡᠨ ᠪᠤᠳᠤᠬᠤ ᠮᠡᠳᠡᠭᠡ ᠵᠠᠩᠭᠢ ᠪᠢᠰᠢ ᠪᠠᠶᠢᠵᠤ ᠂ ᠲᠤᠰ ᠵᠣᠬᠢᠶᠠᠯ ᠤᠨ ᠠᠷᠭ᠎ᠠ ᠪᠠ ᠳ᠋ᠦᠩᠨᠡᠯᠲᠡ ᠳᠤ ᠳᠣᠬᠢᠷᠠᠬᠤ ᠦᠭᠡᠢ ᠃  ︽ᠪᠢᠳᠡ ᠥᠷᠭᠡᠨ ᠣᠯᠠᠨ ᠲᠦᠮᠡᠨ ᠤ ᠡᠨᠡ ᠬᠦ ᠴᠢᠳᠠᠮᠵᠢ ᠶᠢ ᠬᠡᠷᠡᠭᠯᠡᠬᠦ ᠶᠢ ᠪᠠᠶᠠᠷᠯᠠᠨ ᠤᠭᠲᠤᠵᠤ ᠪᠠᠶᠢᠨ᠎ᠠ ᠂ ᠡᠮ ᠤᠨ ᠵᠦᠢᠯ ᠤᠨ ᠮᠥᠷᠳᠡᠬᠦ ᠺᠣᠳ᠋ ᠢ ᠰᠢᠷᠪᠢᠵᠦ ᠂ ᠡᠮ ᠤᠨ ᠵᠦᠢᠯ ᠤᠨ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠦᠵᠡᠵᠦ ᠂ ᠡᠮ ᠤᠨ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠳᠤ ᠬᠠᠮᠲᠤ ᠪᠠᠷ ᠣᠷᠣᠯᠴᠠᠨ ᠂ ᠡᠮ ᠬᠡᠷᠡᠭᠯᠡᠬᠦ ᠠᠮᠤᠷ ᠲᠦᠪᠰᠢᠨ ᠢ ᠬᠠᠮᠲᠤ ᠪᠠᠷ ᠬᠠᠮᠠᠭᠠᠯᠠᠵᠤ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠲᠤ ᠪᠠᠷ ᠰᠠᠬᠢᠨ ᠬᠠᠮᠠᠭᠠᠯᠠᠵᠠᠭᠠᠶ᠎ᠠ ︾ ᠭᠡᠵᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ ᠃ 
 
ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号