ᠰᠦᠯᠵᠢᠶᠡᠨ ᠳᠤ ᠣᠷᠤᠭᠤᠯᠬᠤ ᠡᠮ ᠤᠨ ᠵᠦᠢᠯ ᠤᠨ ᠮᠡᠳᠡᠭᠡ ᠵᠠᠩᠭᠢ ᠪᠠ ᠦᠨ᠎ᠡ ᠶᠢᠨ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/2/18
            ᠥᠪᠥᠷ ᠡᠮ ᠬᠤᠳᠠᠯᠳᠤᠨ ᠠᠪᠬᠤ ᠲᠥᠪ ᠦᠰᠦᠭ ﹇2025 ﹈ 24 ᠳ᠋ᠤᠭᠡᠷ ᠲᠣᠭᠠᠲᠤ ᠬᠠᠮᠢᠶ᠎ᠠ ᠪᠥᠬᠦᠶ ᠠᠵᠤ ᠠᠬᠤᠶᠢᠯᠠᠯ ᠳᠤ᠄  ᠰᠦᠯᠵᠢᠶᠡᠨ ᠳᠤ ᠣᠷᠤᠭᠤᠯᠬᠤ ᠡᠮ ᠤᠨ ᠵᠦᠢᠯ ᠤᠨ ᠦᠨ᠎ᠡ ᠶᠢᠨ ᠬᠦᠰᠦᠨᠦᠭᠲᠦ ᠶᠢᠨ ᠳᠠᠬᠢᠨ ᠬᠢᠨᠠᠵᠤ ᠬᠡᠷᠡᠭᠯᠡᠬᠦ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠂ ᠡᠳᠦᠭᠡ ᠡᠮ ᠡᠮᠨᠡᠯᠭᠡ ᠶᠢᠨ ᠬᠤᠳᠠᠯᠳᠤᠨ ᠠᠪᠬᠤ ᠲᠠᠪᠴᠠᠩ ᠤᠨ ᠰᠦᠯᠵᠢᠶᠡᠨ ᠳᠤ ᠣᠷᠤᠭᠤᠯᠬᠤ ᠡᠮ ᠤᠨ ᠵᠦᠢᠯ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠬᠦ ᠪᠠ ᠰᠦᠯᠵᠢᠶᠡᠨ ᠳᠤ ᠣᠷᠤᠭᠤᠯᠬᠤ ᠦᠨ᠎ᠡ ᠶᠢᠨ ᠥᠪᠡᠰᠦᠪᠡᠨ ᠪᠠᠶᠢᠴᠠᠭᠠᠬᠤ ᠠᠵᠢᠯ ᠢ ᠥᠷᠨᠢᠭᠦᠯᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ ᠃  ᠨᠢᠭᠡ ᠂ ᠡᠮ ᠤᠨ ᠵᠦᠢᠯ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠬᠦ  ︵ᠨᠢᠭᠡ︶ ᠰᠦᠯᠵᠢᠶᠡᠨ ᠳᠤ ᠣᠷᠤᠭᠤᠯᠬᠤ ᠡᠮ ᠤᠨ ᠦᠨ᠎ᠡ ᠶᠢ ᠭᠤᠶᠤᠴᠢᠯᠠᠨ ᠮᠡᠳᠡᠭᠦᠯᠬᠦ ᠃ ᠬᠤᠳᠠᠯᠳᠤᠨ ᠠᠪᠬᠤ ᠠᠷᠭ᠎ᠠ ᠮᠠᠶ᠋ᠢᠭ ᠨᠢ ᠰᠢᠭᠤᠳ ᠰᠦᠯᠵᠢᠶᠡᠨ ᠳᠤ ᠣᠷᠤᠭᠤᠯᠬᠤ ᠡᠮ ᠤᠨ ᠵᠦᠢᠯ ᠪᠣᠯᠤᠨ᠎ᠠ ᠂ ᠦᠢᠯᠡᠳᠪᠦᠷᠢᠯᠡᠯ ᠤᠨ ᠠᠵᠤ ᠠᠬᠤᠶᠢᠯᠠᠯ ᠨᠢ ᠦᠨ᠎ᠡ ᠶᠢᠨ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠡᠮ ᠤᠨ ᠵᠦᠢᠯ ᠤᠨ ᠰᠦᠯᠵᠢᠶᠡᠨ ᠳᠤ ᠣᠷᠤᠭᠤᠯᠬᠤ ᠦᠨ᠎ᠡ ᠶᠢ ᠭᠤᠶᠤᠴᠢᠯᠠᠨ ᠮᠡᠳᠡᠭᠦᠯᠦᠨ᠎ᠡ ᠂ ᠰᠦᠯᠵᠢᠶᠡᠨ ᠳᠤ ᠣᠷᠤᠭᠤᠯᠬᠤ ᠦᠨ᠎ᠡ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨ᠎ᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠵᠦ ᠂ ᠪᠤᠰᠤᠳ ᠮᠤᠵᠢ ᠬᠤᠲᠠ ᠶᠢᠨ ᠰᠦᠯᠵᠢᠶᠡᠨ ᠳᠤ ᠣᠷᠤᠭᠤᠯᠬᠤ ᠦᠨ᠎ᠡ ᠠᠴᠠ ᠥᠨᠳᠥᠷ ᠪᠠᠶᠢᠯᠭᠠᠵᠤ ᠪᠣᠯᠬᠤ ᠥᠬᠡᠶ ᠪᠥᠭᠡᠳ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠳᠣᠤᠷ᠎ᠠ ᠠᠷᠠᠯᠵᠢᠶᠠᠨ ᠤ ᠦᠨ᠎ᠡ ᠠᠴᠠ ᠥᠨᠳᠥᠷ ᠪᠠᠶᠢᠯᠭᠠᠵᠤ ᠪᠣᠯᠬᠤ ᠥᠬᠡᠶ ᠃ ᠰᠦᠯᠵᠢᠶᠡᠨ ᠳᠤ ᠣᠷᠤᠭᠤᠯᠬᠤ ᠦᠨ᠎ᠡ ᠶᠢᠨ ᠮᠡᠳᠡᠭᠡ ᠵᠠᠩᠭᠢ ᠶᠢ ᠱᠠᠭᠠᠷᠳᠠᠯᠭ᠎ᠠ ᠶᠣᠰᠣᠭᠠᠷ ᠬᠠᠮᠠᠭᠠᠯᠠᠭᠰᠠᠨ ᠥᠬᠡᠶ ᠡᠮ ᠤᠨ ᠵᠦᠢᠯ ᠤᠨ ᠠᠷᠠᠯᠵᠢᠶᠠᠯᠠᠬᠤ ᠬᠢᠷᠢ ᠬᠡᠮ ᠢ ᠲᠦᠷ ᠵᠣᠭᠰᠣᠭᠠᠨ᠎ᠠ ᠃  ︵ᠬᠤᠶᠠᠷ︶ ᠰᠦᠯᠵᠢᠶᠡᠨ ᠳᠤ ᠣᠷᠤᠭᠤᠯᠬᠤ ᠡᠮ ᠤᠨ ᠮᠡᠳᠡᠭᠡ ᠵᠠᠩᠭᠢ ᠶᠢ ᠬᠠᠮᠠᠭᠠᠯᠠᠬᠤ ᠃ ᠨᠢᠭᠡᠨᠲᠡ ᠰᠦᠯᠵᠢᠶᠡᠨ ᠳᠤ ᠣᠷᠤᠭᠤᠯᠤᠭᠰᠠᠨ ᠪᠦᠬᠦ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ ᠶᠢᠨ ᠬᠡᠰᠡᠭ ᠤᠨ ᠬᠥᠳᠡᠯᠦᠩᠭᠦᠶ ᠲᠣᠬᠢᠷᠠᠭᠤᠯᠤᠯᠲᠠ ᠬᠠᠮᠢᠶᠠᠷᠤᠯᠲᠠ ᠶᠢᠨ ᠵᠠᠭᠪᠤᠷ ᠳᠣᠤᠷ᠎ᠠ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠮᠠᠭᠠᠯᠠᠵᠤ ᠂ ᠰᠢᠨ᠎ᠡ ᠪᠠᠷ ᠨᠡᠮᠡᠭᠳᠡᠭᠰᠡᠨ ᠬᠠᠮᠠᠭᠠᠯᠠᠬᠤ ᠮᠡᠳᠡᠭᠡ ᠵᠠᠩᠭᠢ ᠳᠤ ᠤᠤᠯ ᠤᠨ ᠰᠤᠳᠤᠯᠭᠠᠨ ᠂ ᠬᠠᠷᠢᠴᠠᠭᠤᠯᠤᠭᠴᠢ ᠨᠠᠶᠢᠷᠠᠯᠲᠠ ᠂ ᠳᠠᠭᠤᠷᠢᠶᠠᠨ ᠦᠢᠯᠡᠳᠦᠭᠰᠡᠨ ᠡᠮ ᠳᠤ ᠨᠢᠭᠡᠳᠦᠯᠲᠦ ᠴᠢᠨᠠᠷᠲᠠᠶ ᠦᠨᠡᠯᠡᠯᠲᠡ ᠪᠠ ᠪᠤᠰᠤᠳ ᠲᠥᠷᠥᠯ ᠬᠡᠯᠪᠡᠷᠢ ᠪᠠᠷ ᠳᠠᠮᠵᠢᠭᠤᠯᠤᠨ ᠂ 3 ᠳ᠋ᠤᠭᠠᠷ ᠰᠠᠷ᠎ᠠ ᠶᠢᠨ 1 ᠤ ᠡᠳᠦᠷ ᠠᠴᠠ 3 ᠳ᠋ᠤᠭᠠᠷ ᠰᠠᠷ᠎ᠠ ᠶᠢᠨ 13 ᠤ ᠡᠳᠦᠷ ᠲᠥᠪᠯᠡᠷᠡᠭᠦᠯᠦᠨ ᠥᠷᠨᠢᠭᠦᠯᠦᠨ᠎ᠡ ᠃ ᠰᠢᠨ᠎ᠡ ᠪᠠᠷ ᠭᠤᠶᠤᠴᠢᠯᠠᠨ ᠮᠡᠳᠡᠭᠦᠯᠦᠭᠰᠡᠨ ᠰᠦᠯᠵᠢᠶᠡᠨ ᠳᠤ ᠣᠷᠤᠭᠤᠯᠬᠤ ᠡᠮ ᠤᠨ ᠵᠦᠢᠯ ᠢ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠣᠰᠣᠭᠠᠷ ᠰᠢᠨ᠎ᠡ ᠪᠠᠷ ᠨᠡᠮᠡᠭᠳᠡᠭᠰᠡᠨ ᠮᠡᠳᠡᠭᠡ ᠵᠠᠩᠭᠢ ᠶᠢ ᠬᠠᠮᠠᠭᠠᠯᠠᠨ᠎ᠠ ᠃  ᠬᠤᠶᠠᠷ ᠂ ᠡᠮ ᠤᠨ ᠵᠦᠢᠯ ᠤᠨ ᠦᠨ᠎ᠡ ᠶᠢ ᠥᠪᠡᠰᠦᠪᠡᠨ ᠪᠠᠶᠢᠴᠠᠭᠠᠬᠤ  ᠦᠢᠯᠡᠳᠪᠦᠷᠢᠯᠡᠯ ᠤᠨ ᠠᠵᠤ ᠠᠬᠤᠶᠢᠯᠠᠯ ᠨᠢ ᠨᠢᠭᠡᠨᠲᠡ ᠰᠦᠯᠵᠢᠶᠡᠨ ᠳᠤ ᠣᠷᠤᠭᠤᠯᠤᠭᠰᠠᠨ ᠡᠮ ᠤᠨ ᠵᠦᠢᠯ ᠤᠨ ᠦᠨ᠎ᠡ ᠶᠢ ᠥᠪᠡᠰᠦᠪᠡᠨ ᠪᠠᠶᠢᠴᠠᠭᠠᠬᠤ ᠶᠢ ᠥᠷᠨᠢᠭᠦᠯᠵᠦ ᠂ ᠭᠤᠤᠯᠳᠠᠭᠤ ᠳᠣᠤᠷᠠᠬᠢ ᠵᠢᠷᠭᠤᠭᠠᠨ ᠲᠠᠯ᠎ᠠ ᠪᠠᠷ ᠥᠪᠡᠰᠦᠪᠡᠨ ᠪᠠᠶᠢᠴᠠᠭᠠᠬᠤ ᠶᠢ ᠥᠷᠨᠢᠭᠦᠯᠵᠦ ᠂ ᠦᠨ᠎ᠡ ᠨᠢ ᠬᠡᠪ ᠤᠨ ᠪᠤᠰᠤ ᠪᠠᠶᠢᠪᠠᠯ ᠦᠨ᠎ᠡ ᠶᠢᠨ ᠬᠤᠯᠪᠣᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠲᠥᠪᠯᠡᠷᠡᠭᠦᠯᠦᠨ ᠵᠠᠯᠠᠷᠠᠭᠤᠯᠵᠤ ᠳᠠᠭᠤᠰᠬᠠᠭᠠᠳ ᠦᠨ᠎ᠡ ᠶᠢ ᠲᠥᠪᠯᠡᠷᠡᠭᠦᠯᠦᠨ ᠭᠤᠶᠤᠴᠢᠯᠠᠨ ᠮᠡᠳᠡᠭᠦᠯᠦᠨ᠎ᠡ ᠃  ︵ᠨᠢᠭᠡ︶ ᠰᠦᠯᠵᠢᠶᠡᠨ ᠳᠤ ᠣᠷᠤᠭᠤᠯᠬᠤ ᠦᠨ᠎ᠡ ᠨᠢ ᠪᠤᠰᠤᠳ ᠮᠤᠵᠢ ᠬᠤᠲᠠ ᠶᠢᠨ ᠰᠦᠯᠵᠢᠶᠡᠨ ᠳᠤ ᠣᠷᠤᠭᠤᠯᠤᠭᠰᠠᠨ ᠦᠨ᠎ᠡ ᠠᠴᠠ ᠥᠨᠳᠥᠷ ᠪᠠᠶᠢᠬᠤ ︔  ︵ᠬᠤᠶᠠᠷ︶ ᠢᠵᠢᠯ ᠠᠵᠤ ᠠᠬᠤᠶᠢᠯᠠᠯ ᠤᠨ ᠡᠮ ᠤᠨ ᠵᠦᠢᠯ ᠤᠨ ᠠᠳᠠᠯᠢ ᠪᠤᠰᠤ ᠪᠠᠷᠢᠮᠵᠢᠶ᠎ᠠ ᠂ ᠪᠣᠭᠤᠳᠠᠯ ᠤᠨ ᠬᠤᠭᠤᠷᠤᠨᠳᠤ ᠵᠦᠷᠢᠶᠡᠲᠦ ᠦᠨ᠎ᠡ ᠶᠢᠨ ᠳᠦᠷᠢᠮ ᠳᠤ ᠨᠡᠶᠢᠴᠡᠬᠦ ᠦᠭᠡᠢ ᠂ ᠢᠯᠠᠩᠭᠤᠶ᠎ᠠ ᠦᠨ᠎ᠡ ᠶᠢ ᠲᠣᠩᠭᠤᠷᠠᠭᠤᠯᠤᠭᠰᠠᠨ ᠪᠠᠶᠢᠳᠠᠯ ᠣᠷᠣᠰᠢᠵᠤ ᠪᠠᠶᠢᠬᠤ︔  ︵ᠭᠤᠷᠪᠠ︶ ᠢᠵᠢᠯ ᠨᠡᠶᠢᠳᠡᠮ ᠬᠡᠷᠡᠭᠯᠡᠬᠦ ᠨᠡᠷᠡᠲᠦ ᠡᠮ ᠤᠨ ᠳᠠᠭᠤᠷᠢᠶᠠᠨ ᠦᠢᠯᠡᠳᠦᠭᠰᠡᠨ ᠡᠮ ᠤᠨ ᠰᠦᠯᠵᠢᠶᠡᠨ ᠳᠤ ᠣᠷᠤᠭᠤᠯᠬᠤ ᠦᠨ᠎ᠡ ᠨᠢ ᠬᠠᠷᠢᠴᠠᠭᠤᠯᠤᠭᠴᠢ ᠨᠠᠶᠢᠷᠠᠯᠲᠠ ᠠᠴᠠ ᠥᠨᠳᠥᠷ ᠪᠠᠶᠢᠬᠤ ︔  ︵ᠲᠦᠷᠪᠡ︶ ᠰᠦᠯᠵᠢᠶᠡᠨ ᠳᠤ ᠣᠷᠤᠭᠤᠯᠬᠤ ᠦᠨ᠎ᠡ ᠨᠢ ᠡᠮ ᠤᠨ ᠳᠡᠯᠭᠡᠭᠦᠷ ᠤᠨ ᠪᠣᠷᠣᠯᠠᠭᠤᠯᠬᠤ ᠦᠨ᠎ᠡ ᠠᠴᠠ ᠢᠯᠡᠷᠬᠡᠶ ᠥᠨᠳᠥᠷ ᠪᠠᠶᠢᠬᠤ︔  ︵ᠲᠠᠪᠤ︶ ᠪᠠᠶᠢᠩᠭᠤ ᠬᠡᠷᠡᠭᠯᠡᠳᠡᠭ ᠡᠮ ᠢ ᠪᠣᠭᠤᠳᠠᠯ ᠪᠤᠶᠤ ᠡᠮ ᠤᠨ ᠬᠡᠯᠪᠡᠷᠢ ᠶᠢ ᠨᠢ ᠰᠣᠯᠢᠭᠠᠳ ᠦᠨ᠎ᠡ ᠶᠢ  ᠨᠢ ᠬᠡᠪ ᠤᠨ ᠪᠤᠰᠤ ᠪᠠᠷ ᠥᠰᠬᠡᠨ ᠰᠦᠯᠵᠢᠶᠡᠨ ᠳᠤ ᠣᠷᠤᠭᠤᠯᠬᠤ ︔  ︵ᠵᠢᠷᠭᠤᠭ᠎ᠠ︶ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠣᠩᠭᠤᠭᠳᠠᠭᠰᠠᠨ ᠦᠭᠡᠶ ᠡᠮ ᠤᠨ ᠵᠦᠢᠯ ᠢ ᠱᠠᠲᠤᠯᠢᠭ ᠢᠶᠠᠷ ᠦᠨ᠎ᠡ ᠪᠠᠭᠤᠷᠠᠭᠤᠯᠬᠤ ᠱᠠᠭᠠᠷᠳᠠᠯᠭ᠎ᠠ ᠶᠣᠰᠣᠭᠠᠷ ᠦᠨ᠎ᠡ ᠳᠤ ᠲᠣᠬᠢᠷᠠᠭᠤᠯᠤᠯᠲᠠ ᠬᠢᠭᠰᠡᠨ ᠦᠭᠡᠶ ᠂ ᠭᠤᠤᠯ ᠪᠤᠰᠤ ᠪᠡᠯᠡᠳᠬᠡᠯ ᠪᠣᠰᠤ ᠰᠣᠩᠭᠤᠭᠳᠠᠭᠰᠠᠨ ᠡᠮ ᠤᠨ ᠵᠦᠢᠯ ᠨᠢ ᠮᠠᠨ ᠤ ᠣᠷᠣᠨ ᠤ ᠬᠡᠷᠡᠭᠵᠢᠭᠦᠯᠵᠦ ᠪᠠᠶᠢᠭ᠎ᠠ ᠦᠨ᠎ᠡ ᠶᠢᠨ ᠰᠣᠩᠭᠤᠭᠳᠠᠭᠰᠠᠨ ᠦᠨ᠎ᠡ ᠠᠴᠠ 1.5 ᠳᠠᠬᠢᠨ ᠥᠨᠳᠥᠷ ᠪᠤᠶᠤ ᠰᠣᠩᠭᠤᠭᠳᠠᠭᠰᠠᠨ ᠦᠨ᠎ᠡ ᠶᠢᠨ ᠬᠠᠮᠤᠭ ᠥᠨᠳᠥᠷ ᠪᠠᠶᠢᠬᠤ ᠃  ᠬᠠᠷᠢᠯᠴᠠᠬᠤ ᠬᠥᠮᠦᠨ᠄ ᠸᠠᠩ ᠪᠠᠭᠰᠢ 0471 - 4904995 ︵ᠦᠨ᠎ᠡ ᠶᠢᠨ ᠬᠤᠯᠪᠣᠭᠠᠯᠠᠨ ᠬᠥᠳᠡᠯᠦᠯᠴᠡᠬᠦ︶  ᠵᠠᠩ ᠪᠠᠭᠰᠢ 0471 - 4967106 ︵ᠮᠡᠷᠭᠡᠵᠢᠯ ᠤᠨ ᠳᠡᠮᠵᠢᠯᠭᠡ︶              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ            2025 ᠣᠨ ᠤ 2 ᠳ᠋ᠤᠭᠠᠷ ᠰᠠᠷ᠎ᠠ ᠶᠢᠨ 18 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号