ᠬᠥᠬᠡᠬᠤᠲᠠ ᠣᠷᠣᠨ ᠤ ᠣᠨᠳᠣᠤ ᠭᠠᠵᠠᠷ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠂ ᠥᠷᠭᠡᠨ ᠣᠯᠠᠨ | ᠳᠠᠭᠠᠳᠬᠠᠯ ᠳᠤ ᠣᠷᠣᠯᠴᠠᠭᠰᠠᠳ ᠲᠤ᠄ | ᠠᠵᠢᠯ ᠤᠨ ᠬᠡᠷᠡᠭᠴᠡᠭᠡ ᠠᠴᠠ ᠪᠣᠯᠵᠤ ᠂ 2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠤᠨ 21᠄ | 00 - 24᠄ 00 ᠴᠠᠭ ᠲᠤ ᠣᠨᠳᠣᠤ ᠭᠠᠵᠠᠷ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠳᠤ | ᠡᠪᠡᠳᠴᠢᠨ ᠦᠵᠡᠭᠦᠯᠬᠦ ᠬᠤᠪᠢᠶᠠᠷᠢᠯᠠᠭᠰᠠᠨ ᠭᠠᠵᠠᠷ ᠣᠷᠣᠨ ᠤ ᠨᠡᠷᠡᠶᠢᠳᠦᠯ ᠵᠢᠴᠢ ᠣᠷᠣᠯᠠᠬᠤ ᠳ᠋ᠤᠭᠠᠷ ᠢ ᠨᠢᠭᠡᠳᠦᠯᠲᠡᠶ | ᠰᠣᠯᠢᠬᠤ ᠪᠠᠷ ᠪᠠᠶᠢᠨ᠎ᠠ ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠪᠠ᠄ | ᠨᠢᠭᠡ ᠂ ᠰᠢᠰᠲ᠋ᠧᠮ ᠢ ᠥᠭᠡᠷᠡᠴᠢᠯᠡᠵᠦ ᠨᠤᠲᠠᠯᠠᠬᠤ | ᠬᠠᠮᠢᠶ᠎ᠠ ᠪᠥᠬᠦᠶ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠨᠢ ︽ᠬᠥᠬᠡᠬᠤᠲᠠ ᠣᠷᠣᠨ ᠤ | ᠣᠨᠳᠣᠤ ᠭᠠᠵᠠᠷ ᠤᠨ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠰᠢᠰᠲ᠋ᠧᠮ ᠤᠨ ᠵᠠᠯᠭᠠᠭᠠᠰᠤ ᠶᠢ | ᠥᠭᠡᠷᠡᠴᠢᠯᠡᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠂ 2025 ᠣᠨ ᠤ 2 ᠳ᠋ᠤᠭᠠᠷ ᠰᠠᠷ᠎ᠠ ᠶᠢᠨ 19 ᠤ | ᠡᠳᠦᠷ ᠠᠴᠠ ᠡᠮᠦᠨ᠎ᠡ ᠵᠠᠯᠭᠠᠭᠠᠰᠤ ᠶᠢ ᠥᠭᠡᠷᠡᠴᠢᠯᠡᠬᠦ ᠠᠵᠢᠯ ᠢ ᠪᠡᠶᠡᠯᠡᠭᠦᠯᠦᠨ᠎ᠡ ᠃ | ᠬᠤᠶᠠᠷ ᠂ ᠲᠤᠬᠠᠶᠢᠯᠠᠭᠰᠠᠨ ᠠᠵᠢᠯ ᠢ ᠲᠦᠷ ᠵᠣᠭᠰᠤᠭᠠᠬᠤ ᠳᠣᠬᠢᠷᠠᠭᠤᠯᠤᠯᠲᠠ | ᠰᠣᠯᠢᠬᠤ ᠬᠤᠭᠤᠴᠠᠭ᠎ᠠ ︵2025 ᠣᠨ ᠤ 2 ᠳ᠋ᠤᠭᠠᠷ ᠰᠠᠷ᠎ᠠ ᠶᠢᠨ 20 ᠤ ᠡᠳᠦᠷ ᠤᠨ | 21᠄ 00 - 24᠄ 00 ᠪᠣᠯᠲᠠᠯ᠎ᠠ︶ ᠳᠤ ᠂ ᠬᠥᠬᠡᠬᠤᠲᠠ ᠣᠷᠣᠨ ᠤ ᠣᠨᠳᠣᠤ ᠭᠠᠵᠠᠷ ᠤᠨ ᠲᠣᠭᠲᠠᠭᠰᠠᠨ | ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠪᠣᠶ ᠪᠥᠬᠦᠶ ᠣᠷᠣᠨ ᠤ ᠳᠤᠲᠤᠷᠠᠬᠢ ᠪᠠ ᠮᠤᠵᠢ ᠠᠯᠤᠰᠯᠠᠨ ᠣᠨᠳᠣᠤ | ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ | ᠲᠦᠷ ᠵᠣᠭᠰᠣᠭᠠᠨ᠎ᠠ ᠃ ᠡᠮᠨᠡᠯᠭᠡ ᠳᠤ ᠰᠠᠭᠤᠬᠤ ᠂ ᠡᠩ ᠤᠨ ᠡᠭᠦᠳᠡᠨ ᠡᠮᠨᠡᠯᠭᠡ ᠂ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠶ ᠣᠨᠴᠠ ᠡᠪᠡᠳᠴᠢᠨ ᠂ ᠡᠮ ᠤᠨ ᠳᠡᠯᠭᠡᠭᠦᠷ ᠤᠨ ᠡᠮ ᠬᠤᠳᠠᠯᠳᠤᠨ ᠠᠪᠬᠤ ᠵᠡᠷᠭᠡ ᠰᠢᠭᠤᠳ ᠳ᠋ᠦᠩᠨᠡᠨ | ᠪᠤᠳᠤᠬᠤ ᠲᠤᠬᠠᠶᠢᠯᠠᠭᠰᠠᠨ ᠠᠵᠢᠯ ᠢ ᠪᠠᠭᠲᠠᠭᠠᠨ᠎ᠠ ᠃ | ᠭᠤᠷᠪᠠ ᠂ ᠰᠣᠯᠢᠭᠰᠠᠨ ᠤ ᠳᠠᠷᠠᠭᠠᠬᠢ ᠲᠤᠬᠠᠶᠢᠯᠠᠭᠰᠠᠨ ᠠᠵᠢᠯ ᠤᠨ ᠲᠣᠬᠢᠷᠠᠭᠤᠯᠤᠯᠲᠠ | ᠰᠣᠯᠢᠭᠰᠠᠨ ᠤ ᠳᠠᠷᠠᠭ᠎ᠠ ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠤᠤᠯ ᠤᠨ ᠣᠨᠳᠣᠤ | ᠭᠠᠵᠠᠷ ᠲᠤ ᠡᠮᠨᠡᠭᠦᠯᠬᠦ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠥᠷᠨᠢᠭᠦᠯᠵᠦ ᠪᠣᠯᠤᠨ᠎ᠠ ᠂ ᠲᠠᠷᠠᠭᠠᠴᠢ ᠶᠢᠨ | ᠵᠠᠷᠤᠳᠠᠯ ᠢ ᠲᠠᠩᠰᠠ ᠬᠠᠷᠭᠤᠭᠤᠯᠬᠤ ᠂ ᠰᠠᠷ᠎ᠠ ᠪᠠᠷ ᠢᠯᠭᠠᠷᠠᠭᠤᠯᠤᠨ ᠪᠤᠳᠤᠬᠤ ᠂ ᠳ᠋ᠦᠩᠨᠡᠨ ᠪᠤᠳᠤᠵᠤ ᠪᠤᠷᠤᠭᠤ | ᠮᠡᠳᠡᠭᠦᠯᠬᠦ ᠵᠡᠷᠭᠡ ᠲᠤᠬᠠᠶᠢᠯᠠᠭᠰᠠᠨ ᠠᠵᠢᠯ ᠢ ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ | ᠲᠥᠪ ᠲᠠᠢ ᠵᠣᠯᠭᠠᠭᠤᠯᠵᠤ ᠭᠦᠢᠴᠡᠳᠬᠡᠨ᠎ᠡ ︔ ᠱᠠᠭᠠᠷᠳᠠᠯᠭ᠎ᠠ ᠶᠣᠰᠣᠭᠠᠷ ᠵᠠᠯᠭᠠᠭᠠᠰᠤ ᠶᠢᠨ ᠥᠭᠡᠷᠡᠴᠢᠯᠡᠯᠲᠡ ᠶᠢ | ᠪᠡᠶᠡᠯᠡᠭᠦᠯᠦᠭᠰᠡᠨ ᠦᠭᠡᠢ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠨᠢ ᠣᠨᠳᠣᠤ ᠭᠠᠵᠠᠷ ᠲᠤ | ᠡᠮᠨᠡᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠬᠦ ᠶᠢᠨ ᠠᠷᠭ᠎ᠠ ᠥᠬᠡᠶ ᠪᠠᠶᠢᠵᠤ ᠂ ᠨᠢᠭᠡᠨᠲᠡ ᠣᠷᠣᠯᠠᠨ ᠥᠭᠭᠦᠭᠰᠡᠨ | ᠵᠠᠷᠤᠳᠠᠯ ᠤᠨ ᠰᠠᠷ᠎ᠠ ᠪᠠᠷ ᠢᠯᠭᠠᠷᠠᠭᠤᠯᠤᠨ ᠪᠤᠳᠤᠬᠤ ᠶᠢ ᠨᠦᠯᠦᠭᠡᠯᠡᠬᠦ ᠪᠣᠯᠤᠨ᠎ᠠ ᠃ | ᠡᠯ᠎ᠡ ᠬᠠᠮᠢᠶ᠎ᠠ ᠪᠦᠬᠦᠢ ᠨᠢᠭᠡᠴᠢ ᠨᠦᠭᠦᠳ ᠂ ᠳᠠᠭᠠᠳᠬᠠᠯ ᠳᠤ ᠣᠷᠤᠯᠴᠠᠭᠰᠠᠳ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠠᠴᠠ ᠰᠢᠰᠲ᠋ᠧᠮ ᠢ ᠰᠣᠯᠢᠭᠰᠠᠨ ᠠᠴᠠ ᠪᠣᠯᠤᠭᠰᠠᠨ ᠳᠥᠭᠦᠮ ᠦᠭᠡᠢ ᠪᠠᠶᠢᠳᠠᠯ ᠳᠤ ᠠᠭᠤᠴᠢᠯᠠᠯ | ᠬᠦᠰᠡᠵᠦ ᠪᠠᠶᠢᠨ᠎ᠠ ᠃ | ᠬᠠᠷᠢᠯᠴᠠᠬᠤ ᠤᠲᠠᠰᠤ᠄ ᠥᠪᠡᠷᠲᠡᠭᠡᠨ ᠵᠠᠰᠠᠬᠤ ᠣᠷᠣᠨ ᠤ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ | ᠳ᠋ᠦᠩᠨᠡᠨ ᠪᠤᠳᠤᠬᠤ ᠲᠥᠪ᠄ 0471 - 6906087 | ᠬᠥᠬᠡᠬᠤᠲᠠ ᠶᠢᠨ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠥᠪ᠄ 0471 – 5181348 | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2025 ᠣᠨ ᠤ 2 ᠳ᠋ᠤᠭᠠᠷ ᠰᠠᠷ᠎ᠠ ᠶᠢᠨ 19 ᠤ ᠡᠳᠦᠷ | |