2 ᠰᠠᠷ᠎ᠠ ᠶᠢᠨ 17 ᠠᠴᠠ 18 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠲᠠ ᠬᠢᠪᠡ ᠃ | | | | | 2 ᠰᠠᠷ᠎ᠠ ᠶᠢᠨ 17 ᠤ ᠡᠳᠦᠷ ᠂ ᠯᠢᠨᠾᠧ ᠲᠣᠭᠤᠷᠢᠭ ᠲᠠᠬᠢ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ ᠂ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | | | 2 ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠮᠢᠨ ᠯᠧ ᠬᠤᠪᠢᠶᠠᠷᠢ ᠲᠠᠯᠠᠪᠠᠢ ᠶᠢᠨ ᠲᠦᠷᠦᠯ ᠵᠦᠢᠯ ᠤᠨ | ᠲᠣᠭᠤᠷᠢᠭ ᠲᠤ ᠬᠦᠷᠴᠦ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠪᠡ ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | | | 2 ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩᠹᠠᠩ ᠲᠣᠰᠬᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠱᠢᠶ᠎ᠡ | ᠦᠵᠡᠭᠦᠯᠭᠦ ᠬᠦᠷᠢᠶᠡᠯᠡᠩ ᠲᠣᠭᠤᠷᠢᠭ ᠲᠤ ᠂ ᠰᠦᠨ ᠱᠤᠤ ᠴᠧᠩ ᠲᠠᠷᠢᠶᠠᠨ ᠭᠠᠵᠠᠷ ᠲᠤ ᠬᠦᠷᠴᠦ ᠂ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠪᠠᠶᠢᠳᠠᠯ ᠢ | ᠰᠢᠨᠵᠢᠯᠡᠨ ᠪᠠᠶᠢᠴᠠᠭᠠᠪᠠ ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | | | 2 ᠰᠠᠷ᠎ᠠ ᠶᠢᠨ 18 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠡᠯ ᠳ᠋ᠣᠣ ᠴᠢᠶᠣᠤ ᠪᠠᠯᠭᠠᠰᠤᠨ ᠤ ᠲᠠᠢ ᠶᠠᠩ ᠱᠧᠩ ᠲᠣᠰᠬᠤᠨ ᠳᠤ ᠲᠠᠰᠢᠷᠠᠮ ᠢᠶᠠᠷ ᠲᠠᠷᠢᠶᠠᠴᠢᠨ | ᠡᠷᠦᠭᠡ ᠪᠠᠷ ᠬᠦᠷᠴᠦ ᠂ ᠲᠡᠳᠡᠨ ᠲᠠᠢ ᠵᠣᠭᠤᠭ ᠳᠡᠯᠭᠡᠵᠦ ᠂ ᠣᠷᠣᠯᠭ᠎ᠠ ᠶᠢ ᠨᠢ ᠪᠤᠳᠤᠵᠤ ᠂ ᠦᠢᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | | | 2 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠪᠠᠶᠠᠨᠨᠠᠭᠤᠷ ᠬᠤᠳᠠ ᠳᠤ ᠪᠠᠶᠢᠴᠠᠭᠠᠨ ᠰᠤᠳᠤᠯᠤᠯᠲᠠ ᠬᠢᠵᠦ ᠂ ᠪᠠᠶᠠᠨᠨᠠᠭᠤᠷ | ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | | | | | | | 2 ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤᠨ | ᠠᠰᠢᠭᠯᠠᠯᠲᠠ ᠶᠢᠨ ᠰᠣᠶᠣᠯ ᠤᠨ ᠮᠦᠽᠧᠢ ᠳᠤ ᠬᠦᠷᠴᠦ ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠂ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ ᠃ | ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ | ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠳ ᠠᠶᠢᠮᠠᠭ ᠬᠤᠲᠠ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠪᠠ ᠂ ᠪᠠᠶᠠᠨᠨᠠᠭᠤᠷ | ᠬᠤᠲᠠ ᠪᠣᠯ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠠᠶᠢᠮᠠᠭ ᠬᠤᠲᠠ ᠪᠣᠯᠣᠨ᠎ᠠ ᠃ ᠲᠡᠷᠡ ᠡᠩ ᠲᠡᠷᠢᠭᠦᠨ ᠳᠤ | ᠯᠢᠨᠾᠧ ᠲᠣᠭᠤᠷᠢᠭ ᠲᠠᠬᠢ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠭᠦ ᠲᠣᠭᠤᠷᠢᠭ ᠲᠤ ᠬᠦᠷᠴᠦ ᠂ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ | ᠬᠤᠵᠢᠷᠰᠢᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠬᠢᠷᠢ ᠵᠡᠷᠭᠡ ᠥᠷᠨᠢᠭᠦᠯᠵᠦ ᠪᠠᠶᠢᠬᠤ ᠂ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠬᠢᠷᠢ ᠵᠡᠷᠭᠡ ᠳᠡᠯᠭᠡᠷᠡᠭᠦᠯᠦᠨ ᠬᠡᠷᠡᠭᠯᠡᠵᠦ ᠪᠠᠶᠢᠬᠤ ᠂ ᠲᠠᠷᠠᠭᠠᠴᠢ ᠶᠢᠨ ᠠᠯᠬᠤᠮ ᠳᠤ | ᠶᠠᠭᠠᠬᠢᠵᠤ ᠬᠢᠬᠦ ᠪᠠᠷ ᠪᠠᠶᠢᠬᠤ ᠵᠡᠷᠭᠡ ᠶᠢ ᠨᠠᠷᠢᠨ ᠣᠶᠢᠯᠠᠭᠠᠵᠤ ᠂ ᠮᠠᠰᠢ ᠨᠠᠷᠢᠯᠢᠭ ᠠᠰᠠᠭᠤᠵᠤ ᠂ ᠣᠯᠠᠨ ᠢ ᠶᠠᠰᠤ ᠴᠢᠨᠠᠷ | ᠪᠠ ᠦᠷ᠎ᠡ ᠠᠰᠢᠭ ᠢ ᠳᠡᠭᠡᠭᠰᠢᠯᠡᠭᠦᠯᠭᠦ ᠶᠢᠨ ᠲᠣᠭᠤᠷᠢᠨ ᠳᠤ ᠬᠦᠴᠦ ᠣᠷᠣᠭᠤᠯᠵᠤ ᠂ ᠣᠯᠠᠨ ᠦᠷ᠎ᠡ ᠪᠦᠲᠦᠭᠡᠯ | ᠭᠠᠷᠭᠠᠭᠠᠷᠠᠢ ᠭᠡᠵᠦ ᠵᠣᠷᠢᠭᠵᠢᠭᠤᠯᠪᠠ ᠃ 2023 ᠣᠨ ᠳᠤ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ | ᠰᠢᠨᠵᠢᠯᠡᠨ ᠪᠠᠶᠢᠴᠠᠭᠠᠬᠤ ᠳᠠᠭᠠᠨ ᠲᠤᠰᠬᠠᠶᠢᠯᠠᠨ ᠤᠯᠤᠰ ᠤᠨ ᠡᠵᠡᠩᠨᠡᠯᠲᠡ ᠶᠢᠨ ᠰᠢᠨᠬᠤᠸᠠ ᠣᠶ ᠰᠢᠭᠤᠢ ᠶᠢᠨ | ᠲᠠᠯᠠᠪᠠᠶ ᠳᠤ ᠬᠦᠷᠴᠡᠢ ᠃ ᠤᠢ ᠰᠢᠭᠤᠢ ᠶᠢᠨ ᠲᠠᠯᠠᠪᠠᠢ ᠳᠤ ᠶᠠᠮᠠᠷ ᠰᠢᠨ᠎ᠡ ᠬᠤᠪᠢᠷᠠᠯᠲᠠ ᠲᠠᠢ ᠪᠠᠶᠢᠬᠤ ᠶᠢ ᠰᠦᠨ ᠱᠤᠤ | ᠴᠧᠩ ᠮᠠᠰᠢ ᠠᠩᠬᠠᠷᠴᠤ ᠪᠠᠶᠢᠯ᠎ᠠ ᠃ ᠲᠡᠷᠡ ᠰᠢᠨᠬᠤᠸᠠ ᠤᠢ ᠰᠢᠭᠤᠢ ᠶᠢᠨ ᠲᠠᠯᠠᠪᠠᠢ ᠶᠢᠨ ᠮᠢᠨ ᠯᠧ ᠬᠤᠪᠢᠶᠠᠷᠢ | ᠲᠠᠯᠠᠪᠠᠢ ᠶᠢᠨ ᠲᠦᠷᠦᠯ ᠵᠦᠢᠯ ᠤᠨ ᠲᠣᠭᠤᠷᠢᠭ ᠲᠤ ᠬᠦᠷᠴᠦ ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ | ᠪᠠᠶᠢᠳᠠᠯ ᠢ ᠪᠠᠶᠢᠴᠠᠭᠠᠨ ᠦᠵᠡᠵᠦ ᠂ ᠲᠤᠬᠠᠢ ᠶᠢᠨ ᠭᠠᠵᠠᠷ ᠤᠨ ᠺᠠᠳ᠋ᠷᠴᠤᠳ ᠲᠤ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠶᠢᠨ ᠬᠠᠮᠲᠤ ᠭᠡᠷ ᠤᠨ ᠠᠮᠢᠳᠤᠷᠠᠯ ᠢᠶᠠᠨ ᠡᠵᠡᠩᠨᠡᠬᠦ ᠰᠢᠭ ᠨᠠᠷᠢᠨ ᠨᠢᠭᠲᠠ | ᠪᠤᠳᠤᠵᠤ ᠂ ᠡᠯᠡᠰᠦ ᠶᠢ ᠵᠠᠰᠠᠬᠤ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠬᠡᠷᠡᠭᠲᠡᠢ | ᠭᠡᠵᠦ ᠵᠠᠬᠢᠪᠠ ᠃ ᠬᠠᠩᠭᠢᠨ ᠬᠤᠶᠢᠲᠤ ᠬᠤᠰᠢᠭᠤᠨ ᠤ ᠱᠠᠮᠪᠠ ᠪᠠᠯᠭᠠᠰᠤᠨ ᠤ ᠵᠠᠩᠹᠠᠩ ᠲᠣᠰᠬᠤᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠱᠢᠶ᠎ᠡ | ᠦᠵᠡᠭᠦᠯᠭᠦ ᠬᠦᠷᠢᠶᠡᠯᠡᠩ ᠲᠣᠭᠤᠷᠢᠭ ᠲᠤ ᠂ ᠰᠦᠨ ᠱᠤᠤ ᠴᠧᠩ ᠲᠠᠷᠢᠶᠠᠨ ᠭᠠᠵᠠᠷ ᠲᠤ ᠬᠦᠷᠴᠦ ᠂ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠪᠠᠶᠢᠳᠠᠯ ᠢ | ᠰᠢᠨᠵᠢᠯᠡᠨ ᠪᠠᠶᠢᠴᠠᠭᠠᠪᠠ ᠃ ᠲᠡᠷᠡ ᠂ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ | ᠴᠢᠩᠳᠠᠯᠠᠵᠤ ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ ᠂ ᠰᠠᠶᠢᠨ ᠶᠠᠪᠤᠳᠠᠯ ᠢ ᠴᠢᠷᠮᠠᠶᠢᠨ ᠰᠠᠶᠢᠲᠤᠷ ᠬᠢᠬᠦ ᠬᠡᠷᠡᠭᠲᠡᠢ | ᠭᠡᠪᠡ ᠃ ᠳᠠᠷᠠᠭ᠎ᠠ ᠨᠢ ᠂ ᠰᠦᠨ ᠱᠤᠤ ᠴᠧᠩ ᠡᠯ ᠳ᠋ᠣᠣ ᠴᠢᠶᠣᠤ ᠪᠠᠯᠭᠠᠰᠤᠨ ᠤ ᠲᠠᠢ ᠶᠠᠩ ᠱᠧᠩ ᠲᠣᠰᠬᠤᠨ ᠤ | ᠲᠣᠰᠬᠤᠨ ᠤ ᠠᠷᠠᠳ ᠤᠨ ᠵᠥᠪᠯᠡᠯ ᠳᠤ ᠬᠦᠷᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠤᠨ | ᠪᠠᠶᠢᠳᠠᠯ ᠢ ᠣᠶᠢᠯᠠᠭᠠᠬᠤ ᠶᠢᠨ ᠬᠠᠮᠲᠤ ᠲᠠᠰᠢᠷᠠᠮ ᠢᠶᠠᠷ ᠲᠠᠷᠢᠶᠠᠴᠢᠨ ᠡᠷᠦᠭᠡ ᠪᠠᠷ ᠬᠦᠷᠴᠦ ᠂ ᠲᠡᠳᠡᠨ ᠲᠠᠢ ᠵᠣᠭᠤᠭ | ᠳᠡᠯᠭᠡᠵᠦ ᠂ ᠣᠷᠣᠯᠭ᠎ᠠ ᠶᠢ ᠨᠢ ᠪᠤᠳᠤᠵᠤ ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠪᠠ ᠃ | ᠪᠠᠶᠠᠨᠨᠠᠭᠤᠷ ᠬᠤᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ | ᠰᠦᠨ ᠱᠤᠤ ᠴᠧᠩ ᠂ ᠡᠨᠡ ᠵᠢᠯ ᠤᠨ 6 ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠬᠦᠷᠴᠦ | ᠰᠢᠨᠵᠢᠯᠡᠨ ᠪᠠᠶᠢᠴᠠᠭᠠᠭᠰᠠᠨ ᠪᠦᠬᠦᠯᠢ ᠬᠤᠶᠠᠷ ᠵᠢᠯ ᠪᠤᠯᠬᠤ ᠪᠣᠯᠣᠨ᠎ᠠ ᠂ ᠪᠢᠳᠡ ᠬᠤᠶᠠᠷ ᠵᠢᠯ ᠤᠨ ᠲᠤᠷᠰᠢᠬᠢ | ᠠᠵᠢᠯ ᠢᠶᠠᠨ ᠨᠠᠷᠢᠨ ᠬᠢᠨᠠᠮᠠᠭᠠᠢ ᠪᠠᠶᠢᠴᠠᠭᠠᠨ ᠦᠵᠡᠵᠦ ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠡᠷᠡᠰ ᠭᠤᠶᠢᠪᠢᠰᠢ ᠦᠭᠡᠢ ᠂ ᠪᠦᠭᠦ ᠲᠠᠯ᠎ᠠ ᠪᠠᠷ ᠣᠨᠣᠪᠴᠢᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠨᠡᠩ ᠬᠠᠲᠠᠭᠤᠵᠢᠯᠲᠠᠢ ᠴᠢᠷᠮᠠᠶᠢᠯᠭ᠎ᠠ ᠭᠠᠷᠭᠠᠵᠤ ᠂ ᠨᠡᠩ ᠡᠯᠪᠡᠭ ᠪᠠᠶᠠᠯᠢᠭ ᠦᠷ᠎ᠡ ᠪᠦᠲᠦᠭᠡᠯ ᠢᠶᠠᠷ ᠢᠶᠠᠨ ᠶᠡᠷᠦᠩᠬᠡᠢ | ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢᠯᠠᠯ ᠠᠴᠢ ᠡᠨᠡᠷᠢᠯ ᠢ ᠬᠠᠷᠢᠭᠤᠯᠬᠤ ᠬᠡᠷᠡᠭᠲᠡᠢ ᠃ ᠠᠵᠢᠯ ᠤᠨ ᠳᠤᠮᠳᠠ | ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠨ ᠂ ᠦᠷ᠎ᠡ ᠠᠰᠢᠭ ᠢ | ᠳᠡᠭᠡᠭᠰᠢᠯᠡᠭᠦᠯᠭᠦ ᠂ ᠪᠣᠳᠠᠲᠤ ᠠᠰᠢᠭ ᠢ ᠨᠡᠮᠡᠭᠳᠡᠭᠦᠯᠬᠦ ᠳᠤ ᠬᠡᠷᠬᠢᠨ ᠠᠰᠢᠭᠲᠠᠢ ᠪᠠᠶᠢᠪᠠᠯ ᠳᠠᠷᠤᠢ ᠲᠡᠭᠡᠵᠦ ᠬᠢᠬᠦ | ᠬᠡᠷᠡᠭᠲᠡᠢ ᠃ ᠨᠠᠷᠢᠯᠢᠭ ᠪᠤᠳᠤᠬᠤ ᠤᠬᠠᠮᠰᠠᠷ ᠢᠶᠠᠨ ᠴᠢᠩᠭᠠᠳᠬᠠᠵᠤ ᠂ ᠣᠷᠣᠭᠤᠯᠤᠯᠲᠠ ᠪᠠ ᠦᠷ᠎ᠡ ᠪᠦᠲᠦᠮᠵᠢ | ᠭᠠᠷᠭᠠᠭᠰᠠᠨ ᠲᠠᠩᠰᠠ ᠶᠢ ᠰᠠᠶᠢᠲᠤᠷ ᠪᠤᠳᠤᠵᠤ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ᠠᠵᠤ | ᠠᠬᠤᠢ ᠶᠢᠨ ᠬᠥᠭᠵᠢᠯᠲᠡ ᠂ ᠨᠡᠶᠢᠭᠡᠮ ᠤᠨ ᠵᠠᠰᠠᠯᠲᠠ ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢᠶᠠᠨ | ᠳᠡᠭᠡᠭᠰᠢᠯᠡᠭᠦᠯᠭᠦ ᠶᠢ ᠨᠡᠩ ᠴᠢᠬᠤᠯᠠᠴᠢᠯᠠᠬᠤ ᠬᠡᠷᠡᠭᠲᠡᠢ ᠃ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ | ᠳᠠᠪᠠᠭᠤᠯᠢᠭ ᠡᠬᠢ ᠪᠠᠶᠠᠯᠢᠭ ᠪᠣᠯᠣᠨ ᠬᠦᠴᠦᠨ ᠢᠶᠠᠨ ᠲᠥᠪᠯᠡᠷᠡᠭᠦᠯᠦᠨ ᠰᠣᠳᠣᠨ ᠪᠦᠲᠦᠭᠡᠯ ᠢ ᠡᠭᠦᠳᠴᠦ ᠂ ᠣᠷᠣᠨ | ᠪᠦᠰᠡ ᠶᠢᠨ ᠲᠦᠷᠦᠯ ᠲᠡᠮᠳᠡᠭ ᠢ ᠨᠡᠩ ᠠᠯᠳᠠᠷᠰᠢᠭᠤᠯᠬᠤ ᠪᠠᠷ ᠴᠢᠷᠮᠠᠶᠢᠬᠤ ᠮᠥᠷᠲᠡᠭᠡᠨ ᠪᠠᠰᠠ ᠠᠷᠭ᠎ᠠ ᠪᠦᠭᠦᠨ ᠢ | ᠰᠦᠪᠡᠭᠴᠢᠯᠡᠵᠦ ᠪᠠᠶᠢᠭᠠᠳ ᠳᠠᠪᠠᠭᠤᠯᠢᠭ ᠪᠦᠲᠦᠭᠡᠭᠳᠡᠬᠦᠨ ᠤ ᠬᠡᠪᠴᠢᠶ᠎ᠡ ᠶᠢ ᠥᠷᠭᠡᠳᠬᠡᠵᠦ ᠂ ᠳᠠᠪᠠᠭᠤᠯᠢᠭ | ᠪᠦᠲᠦᠭᠡᠭᠳᠡᠬᠦᠨ ᠤ ᠨᠥᠯᠥᠭᠡᠯᠡᠬᠦ ᠬᠦᠴᠦᠨ ᠪᠣᠯᠣᠨ ᠵᠠᠬ᠎ᠠ ᠳᠡᠯᠭᠡᠭᠦᠷ ᠲᠤ ᠡᠵᠡᠯᠡᠬᠦ ᠬᠤᠪᠢ ᠶᠢᠨ ᠵᠢᠩ ᠢ | ᠳᠡᠭᠡᠭᠰᠢᠯᠡᠭᠦᠯᠭᠦ ᠬᠡᠷᠡᠭᠲᠡᠢ ᠃ ᠠᠵᠤ ᠠᠬᠤᠢ ᠶᠢᠨ ᠦᠷ᠎ᠡ ᠠᠰᠢᠭ ᠢᠶᠠᠷ ᠤᠳᠤᠷᠢᠳᠤᠮᠵᠢ ᠪᠤᠯᠭᠠᠵᠤ ᠤᠯᠠᠨ ᠲᠦᠮᠡᠨ ᠢ | ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢᠲᠦ ᠲᠠᠷᠢᠶᠠᠯᠠᠩ ᠂ ᠬᠠᠰᠢᠶᠠᠯᠠᠨ ᠲᠡᠵᠢᠭᠡᠬᠦ ᠪᠠ ᠬᠦᠷᠢᠶ᠎ᠡ | ᠬᠠᠰᠢᠶ᠎ᠠ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠵᠦ ᠂ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ | ᠠᠰᠠᠭᠤᠳᠠᠯ ᠢ ᠦᠷᠭᠦᠯᠵᠢᠯᠡᠨ ᠬᠦᠴᠦᠯᠡᠨ ᠴᠡᠭᠴᠡᠯᠡᠨ ᠵᠠᠰᠠᠬᠤ ᠬᠡᠷᠡᠭᠲᠡᠢ ᠃ ︽ᠳᠠᠷᠤᠭᠠᠰᠤ ᠬᠠᠮᠢᠭ᠎ᠠ ᠠᠴᠠ ᠢᠷᠡᠭᠰᠡᠨ | ᠪᠤᠢ︾ ᠭᠡᠳᠡᠭ ᠢ ᠨᠠᠷᠢᠨ ᠬᠢᠨᠠᠮᠠᠭᠠᠢ ᠰᠤᠳᠤᠯᠵᠤ ᠂ ᠶᠠᠷᠰᠢᠭ ᠲᠦᠪᠡᠭ ᠢ ᠳᠥᠭᠦᠮ ᠳᠥᠲᠡ ᠪᠤᠯᠭᠠᠬᠤ ᠶᠢ ᠰᠤᠷᠴᠤ ᠂ | ᠦᠨᠳᠦᠰᠦᠨ ᠱᠠᠲᠤᠨ ᠤ ᠳᠠᠷᠤᠭᠠᠰᠤ ᠶᠢ ᠦᠨᠳᠦᠰᠦᠨ ᠠᠴᠠ ᠨᠢ ᠬᠥᠩᠭᠡᠷᠡᠭᠦᠯᠬᠦ ᠬᠡᠷᠡᠭᠲᠡᠢ ᠃ ᠪᠠᠶᠠᠨᠨᠠᠭᠤᠷ | ᠬᠤᠳᠠ ᠶᠢᠨ ᠣᠷᠣᠨ ᠪᠠᠶᠢᠷᠢ ᠣᠨᠴᠠᠭᠠᠢ ᠪᠣᠯᠬᠤᠷ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ ᠂ ᠠᠵᠤ | ᠦᠢᠯᠡᠰ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠬᠥᠭᠵᠢᠯᠲᠡ ᠶᠢ ᠰᠠᠶᠢᠲᠤᠷ ᠤᠬᠠᠭᠠᠯᠠᠨ ᠲᠥᠯᠥᠪᠯᠡᠬᠦ ᠬᠡᠷᠡᠭᠲᠡᠢ ᠭᠡᠵᠦ | ᠬᠡᠯᠡᠪᠡ ᠃ | ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠂ ᠰᠦᠨ ᠱᠤᠤ ᠴᠧᠩ ᠪᠠᠰᠠ ᠥᠪᠥᠷ ᠮᠣᠩᠭᠤᠯ ᠤᠨ | ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ | ᠮᠦᠽᠧᠢ ᠳᠤ ᠬᠦᠷᠴᠦ ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠂ ᠪᠣᠷᠣᠳᠣᠬᠤᠢ ᠶᠢᠨ | ᠤᠰᠤᠯᠠᠯᠲᠠ ᠶᠢᠨ ᠣᠷᠣᠨ ᠤ ᠬᠥᠭᠵᠢᠯᠲᠡ ᠵᠡᠷᠭᠡ ᠪᠠᠶᠢᠳᠠᠯ ᠢ ᠣᠶᠢᠯᠠᠭᠠᠪᠠ ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃ |