ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 15 ᠤ ᠴᠠᠬᠢᠯᠭᠠᠨ ᠮᠡᠳᠡᠭᠡ 2 ᠰᠠᠷ᠎ᠠ ᠶᠢᠨ 16 ᠤ | ᠡᠳᠦᠷ ᠬᠡᠪᠯᠡᠭᠳᠡᠭᠰᠡᠨ 4 ᠳ᠋ᠤᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠤᠨ ︽ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠬᠡᠷᠡᠭᠲᠡᠢ︾ | ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃ | ᠵᠣᠬᠢᠶᠠᠯ ᠳᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠪᠢᠳᠡ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ ᠂ ᠠᠯᠢ ᠤᠯᠠᠨ ᠤᠨᠤᠯ ᠤᠨ ᠰᠢᠨ᠎ᠡ ᠡᠭᠦᠳᠦᠯᠲᠡ ᠂ | ᠦᠢᠯᠡᠳᠦᠯᠭᠡ ᠶᠢᠨ ᠰᠢᠨ᠎ᠡ ᠡᠭᠦᠳᠦᠯᠲᠡ ᠂ ᠲᠦᠷᠢᠮ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠣᠯᠵᠤ ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠠᠶᠢᠭᠤᠯᠵᠤ ᠂ ᠵᠠᠭᠤᠨ ᠵᠢᠯ ᠤᠨ ᠲᠤᠮᠤ ᠨᠠᠮ ᠤᠨ ᠥᠪᠡᠷ ᠪᠡᠶ᠎ᠡ ᠶᠢᠨ | ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ ᠃ ᠡᠭᠦᠨ ᠤ ᠬᠠᠮᠲᠤ ᠪᠠᠰᠠ ᠨᠠᠮ ᠤᠨ ᠳᠣᠲᠣᠭᠠᠳᠤ ᠳᠤ ᠣᠷᠣᠰᠢᠵᠤ | ᠪᠠᠶᠢᠭ᠎ᠠ ᠦᠵᠡᠯ ᠰᠠᠨᠠᠭ᠎ᠠ ᠴᠡᠪᠡᠷ ᠪᠤᠰᠤ ᠂ ᠵᠣᠬᠢᠶᠠᠨ ᠪᠠᠶᠢᠭᠤᠯᠤᠯᠲᠠ ᠴᠡᠪᠡᠷ ᠪᠤᠰᠤ ᠂ ᠰᠤᠷᠲᠠᠯ ᠴᠡᠪᠡᠷ ᠪᠤᠰᠤ ᠵᠡᠷᠭᠡ | ᠲᠤᠪᠤᠶᠢᠮ᠎ᠠ ᠠᠰᠠᠭᠤᠳᠠᠯ ᠬᠠᠷᠠᠬᠠᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ ᠂ ᠢᠯᠵᠢᠷᠠᠯ ᠢ ᠡᠰᠡᠷᠭᠦᠴᠡᠬᠦ ᠲᠡᠮᠡᠴᠡᠯ ᠤᠨ | ᠪᠠᠶᠢᠳᠠᠯ ᠮᠥᠨ ᠯᠡ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠬᠤ ᠪᠥᠭᠡᠳ ᠰᠢᠨ᠎ᠡ ᠪᠠᠶᠢᠳᠠᠯ ᠰᠢᠨ᠎ᠡ ᠠᠰᠠᠭᠤᠳᠠᠯ | ᠲᠠᠰᠤᠷᠠᠯᠳᠠ ᠦᠭᠡᠢ ᠢᠯᠡᠷᠡᠨ ᠭᠠᠷᠴᠤ ᠂ ᠨᠠᠮ ᠳᠤ ᠲᠤᠯᠭᠠᠷᠠᠵᠤ ᠪᠠᠶᠢᠭ᠎ᠠ ︽ᠲᠦᠷᠪᠡᠨ ᠶᠡᠭᠡ ᠰᠢᠯᠭᠠᠯᠲᠠ︾ ᠂ ︽ᠲᠦᠷᠪᠡᠨ | ᠵᠦᠢᠯ ᠤᠨ ᠠᠶᠤᠯ ᠲᠦᠭᠰᠢᠭᠦᠷᠢ︾ ᠤᠷᠳᠤ ᠬᠤᠭᠤᠴᠠᠭ᠎ᠠ ᠪᠠᠷ ᠣᠷᠣᠰᠢᠵᠤ ᠪᠠᠶᠢᠬᠤ ᠶᠢ ᠣᠯᠵᠤ ᠬᠠᠷᠠᠬᠤ ᠬᠡᠷᠡᠭᠲᠡᠢ ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ ᠂ ᠨᠠᠮ ᠤᠨ ᠥᠪᠡᠷ ᠪᠡᠶ᠎ᠡ ᠶᠢᠨ ᠬᠤᠪᠢᠰᠬᠠᠯ | ᠡᠭᠦᠷᠢᠳᠡ ᠵᠤᠬᠰᠤᠰᠢ ᠦᠭᠡᠢ ᠶᠤᠮ ᠃ ᠪᠦᠬᠦ ᠨᠠᠮ ᠢᠶᠠᠷ ᠢᠶᠠᠨ ᠡᠷᠬᠡᠪᠰᠢ ᠰᠢᠯᠭᠠᠯᠲᠠ ᠳᠤ ᠣᠷᠣᠯᠴᠠᠬᠤ ᠰᠤᠨᠤᠷ ᠰᠡᠷᠭᠡᠭ ᠪᠠ | ᠡᠷᠡᠰ ᠵᠤᠷᠢᠭ ᠢᠶᠠᠨ ᠡᠭᠦᠷᠢᠳᠡ ᠪᠠᠲᠤᠯᠠᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠪᠠᠷ | ᠪᠦᠲᠦᠮᠵᠢᠲᠡᠢ ᠠᠷᠭ᠎ᠠ ᠵᠠᠮ ᠪᠣᠯᠭᠠᠵᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ | ᠢᠨᠵᠧᠨᠧᠷᠢᠩ ᠢ ᠳᠠᠰᠤᠷᠠᠯᠳᠠ ᠦᠭᠡᠢ ᠤᠷᠤᠬᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠵᠣᠬᠢᠶᠠᠯ ᠳᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠪᠣᠯ ᠨᠠᠮ ᠤᠨ ᠤᠯᠤᠰ ᠲᠥᠷᠥ ᠶᠢᠨ | ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠤᠭᠰᠠᠨ ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠠᠳᠠᠯᠢ | ᠴᠢᠭᠯᠡᠯ ᠢᠶᠠᠷ ᠬᠦᠴᠦᠯᠡᠵᠦ ᠶᠡᠷᠦᠩᠬᠡᠶᠢᠯᠡᠨ ᠬᠦᠴᠦᠯᠡᠭᠰᠡᠨ ᠰᠢᠰᠲ᠋ᠧᠮᠲᠦ ᠢᠨᠵᠧᠨᠧᠷᠢᠩ ᠮᠦᠨ ᠂ ᠨᠠᠮ ᠤᠨ ᠪᠠᠶᠢᠭᠤᠯᠤᠯᠲᠠ ᠶᠢᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠶ | ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢᠰᠲ᠋ᠧᠮᠲᠦ ᠰᠡᠳᠭᠢᠬᠦᠶ ᠂ ᠰᠢᠨᠵᠢᠯᠡᠬᠦ ᠤᠬᠠᠭᠠᠨᠴᠢ ᠠᠷᠭ᠎ᠠ ᠪᠠᠷ ᠨᠠᠮ ᠢ | ᠬᠠᠮᠢᠶᠠᠷᠴᠤ ᠨᠠᠮ ᠢ ᠵᠠᠰᠠᠬᠤ ᠶᠢᠨ ᠠᠭᠤᠯᠭ᠎ᠠ ᠶᠢ ᠪᠦᠬᠦᠨ ᠢ ᠬᠠᠮᠤᠷᠬᠤ ᠂ ᠳ᠋ᠦᠢᠰᠢᠶᠠᠩ ᠢ ᠪᠦᠬᠦᠨ ᠢ ᠬᠠᠮᠤᠷᠬᠤ ᠂ | ᠬᠠᠷᠢᠭᠤᠴᠠᠯᠭ᠎ᠠ ᠶᠢᠨ ᠪᠦᠬᠦ ᠬᠡᠯᠬᠢᠶ᠎ᠡ ᠂ ᠳᠦᠷᠢᠮ ᠢ ᠪᠦᠷᠢᠨ ᠨᠡᠪᠲᠡᠷᠡᠭᠦᠯᠬᠦ ᠶᠢ ᠠᠬᠢᠭᠤᠯᠵᠤ ᠂ ᠬᠦᠴᠦᠨ ᠵᠦᠢᠯ ᠪᠦᠷᠢᠨ | ᠭᠦᠢᠴᠡᠳ ᠪᠠᠶᠢᠬᠤ ᠂ ᠴᠢᠳᠠᠪᠤᠷᠢ ᠲᠡᠭᠦᠯᠳᠡᠷ ᠪᠠᠶᠢᠬᠤ ᠂ ᠰᠢᠨᠵᠢᠯᠡᠬᠦ ᠤᠬᠠᠭᠠᠨᠴᠢ ᠵᠢᠷᠤᠮᠵᠢᠭᠰᠠᠨ ᠂ ᠠᠵᠢᠯᠯᠠᠭᠠᠨ ᠨᠢ ᠥᠨᠳᠥᠷ | ᠪᠦᠲᠦᠮᠵᠢᠲᠡᠶ ᠪᠠᠶᠢᠬᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ ᠃ | ᠵᠣᠬᠢᠶᠠᠯ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠲᠤᠬᠠᠢ 5 ᠲᠠᠯ᠎ᠠ ᠪᠠᠷ | ᠪᠠᠶᠢᠷᠢᠯᠠᠭᠤᠯᠤᠯᠲᠠ ᠬᠢᠵᠡᠢ ᠃ ᠨᠢᠭᠡ ᠳᠤ ᠂ ᠳᠡᠭᠡᠳᠦ ᠳᠣᠣᠷᠠᠳᠤ ᠱᠠᠲᠤ ᠶᠢ ᠨᠡᠪᠲᠡᠷᠡᠭᠦᠯᠦᠭᠰᠡᠨ ᠂ ᠬᠡᠷᠡᠭᠵᠢᠭᠦᠯᠬᠦ ᠳᠤ ᠬᠦᠴᠦᠲᠡᠢ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠨᠠᠮ ᠤᠨ ᠤᠳᠤᠷᠢᠳᠤᠯᠭ᠎ᠠ ᠂ ᠨᠠᠮ ᠢ ᠬᠠᠮᠢᠶᠠᠷᠴᠤ | ᠨᠠᠮ ᠢ ᠵᠠᠰᠠᠬᠤ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠨᠠᠮ ᠤᠨ ᠲᠥᠪ ᠤᠨ ᠵᠣᠬᠢᠶᠠᠨ | ᠪᠠᠶᠢᠭᠤᠯᠤᠯᠲᠠ ᠂ ᠣᠷᠣᠨ ᠨᠤᠲᠤᠭ ᠤᠨ ᠵᠣᠬᠢᠶᠠᠨ ᠪᠠᠶᠢᠭᠤᠯᠤᠯᠲᠠ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠴᠥᠮ ᠡᠷᠬᠡᠪᠰᠢ ᠡᠷᠡᠰ ᠴᠢᠩᠭ᠎ᠠ ᠬᠦᠴᠦᠲᠡᠢ ᠂ ᠢᠯᠭᠤᠮ ᠤᠷᠤᠭᠰᠢᠲᠠᠢ ᠶᠠᠪᠤᠭᠳᠠᠭᠤᠯᠬᠤ ᠬᠡᠷᠡᠭᠲᠡᠢ ᠃ ᠭᠠᠭᠴᠠ ᠬᠦ ᠨᠠᠮ ᠤᠨ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠵᠤ ᠂ ᠨᠠᠮ ᠤᠨ ᠡᠯ᠎ᠡ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠭᠦᠢᠴᠡᠳ | ᠪᠠᠳᠠᠷᠠᠭᠤᠯᠪᠠᠯ ᠰᠠᠶ᠋ᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠵᠤ | ᠴᠢᠳᠠᠨ᠎ᠠ ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠨᠢᠭᠲᠠ ᠴᠢᠩᠭ᠎ᠠ ᠪᠣᠯᠭᠠᠬᠤ ᠶᠢᠨ ᠵᠠᠩᠭᠢᠯᠠᠭ᠎ᠠ ᠨᠢ | ᠨᠠᠮ ᠤᠨ ᠲᠥᠪ ᠬᠤᠷᠢᠶ᠎ᠡ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠳᠤ ᠪᠤᠢ ᠂ | ᠡᠭᠦᠨ ᠤ ᠦᠨᠳᠦᠰᠦ ᠨᠢ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠳᠤ ᠪᠠᠶᠢᠳᠠᠭ ᠃ ᠬᠤᠶᠠᠷ ᠲᠤ ᠂ ᠤᠭ | ᠦᠨᠳᠦᠰᠦ ᠶᠢ ᠨᠢ ᠪᠠᠬᠢᠵᠢᠭᠦᠯᠦᠨ ᠬᠦᠮᠦᠵᠢᠭᠦᠯᠬᠦ ᠂ ᠰᠡᠳᠬᠢᠯ ᠨᠢᠬᠡᠳᠦᠨ ᠰᠦᠭ ᠰᠦᠨᠡᠰᠦ ᠶᠢ ᠱᠤᠭᠤᠬᠤ ᠬᠥᠮᠦᠵᠢᠯ ᠤᠨ | ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠵᠦ ᠂ ᠦᠵᠡᠯ ᠰᠠᠨᠠᠭᠠᠨ ᠤ ᠰᠠᠭᠤᠷᠢ ᠪᠠᠨ | ᠪᠠᠲᠤᠳᠬᠠᠪᠠᠯ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ ᠰᠠᠶ᠋ᠢ ᠪᠠᠲᠤ ᠪᠠᠬᠢ ᠲᠤᠯᠭᠠᠭᠤᠷᠢᠯᠠᠯ ᠲᠠᠢ ᠪᠣᠯᠵᠤ ᠴᠢᠳᠠᠨ᠎ᠠ ᠃ | ᠡᠷᠬᠡᠪᠰᠢ ᠦᠵᠡᠯ ᠰᠠᠨᠠᠭᠠᠨ ᠤ ᠪᠠᠶᠢᠭᠤᠯᠤᠯᠲᠠ ᠭᠡᠬᠦ ᠡᠨᠡ ᠬᠦ ᠰᠠᠭᠤᠷᠢ ᠶᠢ ᠰᠠᠶᠢᠲᠤᠷ ᠠᠳᠬᠤᠵᠤ ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠴᠥᠬᠦᠷᠡᠰᠢ ᠦᠭᠡᠢ ᠠᠬᠢᠭᠤᠯᠵᠤ ᠂ ᠨᠠᠮᠴᠢ ᠴᠢᠨᠠᠷ ᠤᠨ ᠬᠥᠮᠦᠵᠢᠯ ᠢ ᠤᠷᠳᠤ | ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ ᠂ ᠨᠠᠮ ᠤᠨ ᠭᠡᠰᠢᠭᠦᠨ ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ ᠃ ᠭᠤᠷᠪᠠ ᠳᠤ ᠂ ᠤᠨᠢᠨ ᠳᠡᠭᠡᠷ᠎ᠡ ᠨᠢ ᠬᠦᠴᠦᠯᠡᠬᠦ ᠂ ᠦᠡᠭᠭᠡᠨ ᠲᠠᠯ᠎ᠠ ᠪᠠ ᠦᠨᠳᠦᠰᠦ | ᠰᠤᠷᠪᠤᠯᠵᠢ ᠶᠢ ᠵᠡᠷᠭᠡ ᠪᠠᠷ ᠵᠠᠰᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠬᠦ ᠬᠡᠷᠡᠭᠳᠡᠢ ᠃ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠠᠬᠢᠭᠤᠯᠬᠤ ᠳᠤ ᠂ ᠦᠨᠡᠨ ᠬᠦ ᠬᠠᠮᠢᠶᠠᠷᠴᠤ ᠦᠨᠡᠨ ᠬᠦ ᠴᠢᠩᠭ᠎ᠠ ᠵᠠᠰᠠᠬᠤ ᠪᠠᠷ ᠭᠤᠣᠯᠳᠠᠯᠭ᠎ᠠ | ᠪᠣᠯᠭᠠᠵᠤ ᠂ ᠤᠨᠢᠨ ᠳᠡᠭᠡᠷ᠎ᠡ ᠨᠢ ᠵᠠᠰᠠᠬᠤ ᠬᠡᠷᠡᠭᠲᠡᠢ ᠃ ᠨᠠᠮ ᠤᠨ ᠪᠠᠶᠢᠳᠠᠯ ᠨᠠᠮ ᠤᠨ ᠰᠤᠷᠲᠠᠯ ᠤᠨ ᠰᠢᠨ᠎ᠡ ᠬᠠᠨᠳᠤᠰᠢ ᠶᠢ | ᠨᠢᠭᠲᠠ ᠠᠩᠬᠠᠷᠬᠤ ᠪᠠ ᠵᠠᠳᠠᠯᠵᠤ ᠰᠤᠳᠤᠯᠤᠨ ᠮᠠᠭᠠᠳᠯᠠᠵᠤ ᠂ ᠠᠰᠠᠭᠤᠳᠠᠯ ᠳᠤ ᠬᠠᠨᠳᠤᠬᠤ ᠶᠢ ᠪᠠᠷᠢᠮᠲᠠᠯᠠᠵᠤ ᠂ ᠦᠨᠳᠦᠰᠦ | ᠰᠤᠷᠪᠤᠯᠵᠢ ᠠᠴᠠ ᠨᠢ ᠵᠠᠰᠠᠵᠤ ᠂ ᠦᠩᠭᠡᠨ ᠲᠠᠯ᠎ᠠ ᠶᠢ ᠨᠢ ᠵᠠᠰᠠᠬᠤ ᠮᠥᠷᠲᠡᠭᠡᠨ ᠦᠨᠳᠦᠰᠦ ᠰᠤᠷᠪᠤᠯᠵᠢ ᠶᠢ ᠨᠢ ᠵᠠᠰᠠᠵᠤ ᠂ | ᠨᠠᠮ ᠢ ᠬᠠᠮᠢᠶᠠᠷᠴᠤ ᠨᠠᠮ ᠢ ᠵᠠᠰᠠᠬᠤ ᠶᠢᠨ ᠨᠠᠷᠢᠯᠢᠭ ᠣᠨᠣᠪᠴᠢᠲᠤ ᠴᠢᠨᠠᠷ ᠂ ᠪᠣᠳᠠᠲᠤ ᠦᠷ᠎ᠡ ᠪᠦᠲᠦᠮᠵᠢᠲᠦ ᠴᠢᠨᠠᠷ ᠢ | ᠳᠡᠭᠡᠭᠰᠢᠯᠡᠭᠦᠯᠬᠦ ᠬᠡᠷᠡᠭᠲᠡᠢ ᠃ ᠳᠥᠷᠪᠡ ᠳᠤ ᠂ ᠰᠢᠨᠵᠢᠯᠡᠬᠦ ᠤᠬᠠᠭᠠᠨᠴᠢ ᠪᠦᠷᠢᠨ ᠲᠦᠬᠦᠷ ᠂ ᠪᠦᠲᠦᠮᠵᠢᠲᠡᠶ ᠬᠡᠷᠡᠭᠴᠡᠭᠡᠲᠡᠢ | ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠳᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢ ᠤᠯᠤᠰ ᠲᠥᠷᠥᠴᠢ | ᠴᠢᠨᠠᠷ ᠂ ᠵᠠᠷᠴᠢᠮᠲᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠡᠷᠬᠡᠪᠰᠢ ᠨᠢᠭᠡᠨ ᠢᠵᠢ ᠰᠢᠨᠵᠢᠯᠡᠬᠦ ᠤᠬᠠᠭᠠᠨᠴᠢ ᠪᠦᠷᠢᠨ | ᠲᠥᠬᠦᠷ ᠳᠦᠷᠢᠮ ᠢᠶᠠᠷ ᠵᠢᠷᠤᠮᠵᠢᠭᠤᠯᠬᠤ ᠬᠡᠷᠡᠭᠲᠡᠢ ᠃ ᠳᠦᠷᠢᠮ ᠤᠨ ᠪᠠᠶᠢᠭᠤᠯᠤᠯᠲᠠ ᠶᠢ ᠨᠠᠮ ᠢ ᠬᠠᠮᠢᠶᠠᠷᠴᠤ ᠨᠠᠮ ᠢ ᠵᠠᠰᠠᠬᠤ | ᠬᠡᠷᠡᠭᠴᠡᠭᠡ ᠲᠠᠢ ᠵᠣᠬᠢᠴᠠᠭᠤᠯᠵᠤ ᠂ ᠨᠠᠮ ᠤᠨ ᠡᠯ᠎ᠡ ᠵᠦᠢᠯ ᠤᠨ ᠪᠠᠶᠢᠭᠤᠯᠤᠯᠲᠠ ᠲᠠᠢ ᠢᠵᠢ ᠪᠦᠷᠢᠳᠦᠭᠦᠯᠵᠦ ᠂ ᠳᠦᠷᠢᠮ ᠤᠨ | ᠰᠢᠩᠭᠡᠯᠢᠭ ᠢ ᠪᠦᠬᠦ ᠲᠠᠯ᠎ᠠ ᠪᠠᠷ ᠨᠢᠭᠲᠠ ᠰᠦᠯᠵᠢᠬᠦ ᠬᠡᠷᠡᠭᠲᠡᠢ ᠃ ᠡᠭᠦᠨ ᠤ ᠬᠠᠮᠳᠦ ᠂ ᠳᠦᠷᠢᠮ ᠨᠢ ᠬᠡᠲᠦᠷᠬᠡᠢ ᠶᠠᠷᠰᠢᠭ | ᠲᠦᠪᠡᠭ ᠲᠠᠢ ᠪᠣᠯᠵᠤ ᠂ ︽ᠳᠦᠷᠢᠮ ᠤᠨ ᠤᠨᠠᠭᠤᠯᠢ︾ ᠳᠤ ᠤᠨᠠᠬᠤ ᠶᠢ ᠴᠤ ᠰᠡᠷᠭᠡᠶᠢᠯᠡᠬᠦ ᠬᠡᠷᠡᠭᠲᠡᠢ ᠃ ᠰᠢᠰᠲ᠋ᠧᠮᠵᠢᠭᠦᠯᠦᠨ | ᠬᠤᠷᠠᠭᠤᠯᠬᠤ ᠶᠢ ᠴᠢᠩᠭᠠᠳᠬᠠᠵᠤ ᠂ ᠡᠯ᠎ᠡ ᠵᠦᠢᠯ ᠤᠨ ᠳᠦᠷᠢᠮ ᠢ ᠣᠷᠭᠠᠨᠢᠭ ᠪᠦᠬᠦᠯᠢ ᠴᠣᠭᠴᠠ ᠪᠣᠯᠭᠠᠬᠤ ᠬᠡᠷᠡᠭᠲᠡᠢ ᠃ | ᠲᠠᠪᠤ ᠳᠤ ᠂ ᠭᠤᠤᠯ ᠴᠣᠭᠴᠠ ᠲᠣᠳᠣᠷᠬᠠᠢ ᠂ ᠱᠠᠭᠠᠷᠳᠠᠯᠭ᠎ᠠ ᠲᠣᠳᠣᠷᠬᠠᠢ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ | ᠬᠡᠷᠡᠭᠳᠡᠢ ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠣᠯ ᠪᠦᠬᠦ ᠨᠠᠮ ᠤᠨ ᠬᠠᠮᠲᠤ ᠶᠢᠨ ᠬᠠᠷᠢᠭᠤᠴᠠᠯᠭ᠎ᠠ ᠮᠥᠨ ᠂ ᠡᠷᠬᠡᠪᠰᠢ | ᠲᠡᠰ ᠳᠠᠪᠬᠤᠷᠭ᠎ᠠ ᠲᠦᠷᠦᠯ ᠬᠤᠪᠢᠶᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ ᠂ | ᠬᠠᠷᠢᠭᠤᠴᠠᠯᠭ᠎ᠠ ᠶᠢ ᠲᠣᠳᠣᠷᠬᠠᠶᠢᠯᠠᠵᠤ ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠪᠠᠷ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠠ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠤᠨ ᠬᠠᠷᠢᠭᠤᠴᠠᠯᠭ᠎ᠠ ᠪᠠᠨ ᠮᠡᠳᠡᠬᠦ ᠂ ᠬᠠᠷᠢᠭᠤᠴᠠᠯᠭ᠎ᠠ ᠪᠠᠨ | ᠡᠭᠦᠷᠭᠡᠯᠡᠬᠦ ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠃ | ᠵᠣᠬᠢᠶᠠᠯ ᠳᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠵᠦ ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠳᠤ ᠂ ᠨᠠᠮ ᠤᠨ ᠲᠥᠪ ᠬᠤᠷᠢᠶ᠎ᠡ ᠶᠢᠨ ᠤᠯᠤᠰ ᠲᠦᠷᠦ ᠶᠢᠨ ᠲᠣᠪᠴᠢᠶ᠎ᠡ ᠶᠢᠨ | ᠨᠥᠬᠦᠳ ᠰᠠᠶᠢᠲᠤᠷ ᠳᠠᠭᠠᠭᠤᠯᠵᠤ ᠂ ᠦᠯᠢᠭᠡᠷ ᠳᠠᠭᠤᠷᠢᠶᠠᠯ ᠪᠣᠯᠵᠤ ᠂ ᠥᠪᠡᠷ ᠢ ᠪᠠᠨ ᠴᠢᠩᠭ᠎ᠠ ᠱᠠᠭᠠᠷᠳᠠᠵᠤ ᠂ | ᠬᠠᠷᠢᠭᠤᠴᠠᠯᠭ᠎ᠠ ᠪᠠᠨ ᠴᠢᠩᠭ᠎ᠠ ᠡᠭᠦᠷᠭᠡᠯᠡᠵᠦ ᠂ ᠬᠠᠷᠢᠶᠠᠯᠠᠯ ᠢᠶᠠᠨ ᠴᠢᠩᠭ᠎ᠠ ᠬᠠᠮᠢᠶᠠᠷᠴᠤ ᠂ ᠪᠦᠬᠦ ᠨᠠᠮ ᠢ ᠪᠦᠯᠬᠦᠮᠳᠡᠭᠦᠯᠦᠨ | ᠳᠠᠭᠠᠭᠤᠯᠵᠤ ᠨᠠᠮ ᠢ ᠰᠠᠶᠢᠲᠤᠷ ᠵᠠᠰᠠᠵᠤ ᠂ ᠬᠦᠴᠦᠷᠬᠡᠭᠵᠢᠭᠦᠯᠦᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ ᠃ | | |