2 ᠳ᠋ᠤᠭᠠᠷ ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠸᠢᠳᠢᠣ᠋ ᠬᠤᠷᠠᠯ ᠬᠤᠷᠠᠯᠳᠤᠭᠤᠯᠵᠤ ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠂ | ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠤᠳᠠᠭᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ | ᠠᠵᠢᠯ ᠤᠨ ᠬᠤᠷᠠᠯ ᠵᠢᠴᠢ 2025 ᠣᠨ ᠤ ᠪᠥᠬᠦ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ 2024 ᠣᠨ ᠤ ᠠᠵᠢᠯ ᠢᠶᠠᠨ ᠳ᠋ᠦᠩᠨᠡᠵᠦ ᠂ | 2025 ᠣᠨ ᠤ ᠡᠭᠦᠷᠭᠡ ᠪᠠᠨ ᠪᠠᠶᠢᠷᠢᠯᠠᠭᠤᠯᠪᠠ ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠂ ᠲᠣᠪᠴᠢᠶᠠᠨ ᠳᠠᠷᠤᠭ᠎ᠠ ᠴᠠᠩ ᠴᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠭᠡᠰᠢᠭᠦᠨ ᠂ ᠳᠡᠳ᠋ ᠲᠣᠪᠴᠢᠶᠠᠨ ᠳᠠᠷᠤᠭ᠎ᠠ ᠽᠧᠩ ᠵᠤᠤ ᠰᠢᠶᠠᠩ ᠬᠤᠷᠠᠯ ᠢ | ᠡᠷᠬᠢᠯᠡᠪᠡ ᠃ | ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ | ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠯᠢᠦ ᠵᠢᠶᠠᠨ ᠭᠠᠩ | ᠨᠥᠬᠦᠷ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ | ᠪᠦᠬᠦᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠪᠣᠳᠠᠲᠠᠢ | ᠨᠠᠶᠢᠳᠠᠪᠤᠷᠢᠵᠢᠭᠤᠯᠬᠤ ᠱᠠᠭᠠᠷᠳᠠᠯᠭ᠎ᠠ ᠳᠤᠷᠠᠳᠴᠠᠢ ᠃ ᠬᠤᠷᠠᠯ ᠠᠴᠠ ᠪᠥᠬᠦ ᠤᠯᠤᠰ ᠤᠨ ᠡᠮᠴᠢᠯᠡᠭᠡᠨ ᠤ ᠳᠠᠭᠠᠳᠬᠠᠯ ᠤᠨ | ᠭᠠᠷᠲᠠᠨ ᠭᠦᠢᠴᠡᠳᠭᠡᠬᠦ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠢ ᠮᠡᠳᠡᠭᠳᠡᠵᠦ ᠂ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠨᠠᠵᠠᠭᠠᠶ ᠲᠠᠯ᠎ᠠ ᠶᠢᠨ ᠨᠠᠷᠢᠨ | ᠲᠠᠩᠰᠠ ᠶᠢ ᠲᠠᠶᠢᠯᠪᠤᠷᠢᠯᠠᠪᠠ ᠃ | ᠬᠤᠷᠠᠯ ᠠᠴᠠ ᠂ 2024 ᠣᠨ ᠳᠤ ᠂ ᠪᠦᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ | ᠬᠤᠷᠢᠳᠤᠭᠠᠷ ᠶᠡᠭᠡ ᠬᠤᠷᠠᠯ ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠂ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ | ᠪᠡᠶ᠎ᠡ ᠳᠤ ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ | ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠬᠤ ᠶᠢ ᠪᠠᠷᠢᠮᠲᠠᠯᠠᠵᠤ ᠂ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠳᠣᠲᠣᠭᠠᠳᠤ ᠳᠤ ᠪᠠᠨ ᠡᠵᠡᠮᠳᠡᠬᠦ ᠬᠠᠮᠢᠶᠠᠷᠤᠯᠲᠠ ᠶᠢ | ᠴᠢᠩᠭᠠᠳᠬᠠᠵᠤ ᠂ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ | ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠳᠠᠭᠠᠳᠬᠠᠯ ᠢ ᠮᠡᠬᠡᠯᠡᠨ | ᠠᠪᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠵᠤ ᠂ ᠪᠦᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠡᠷᠡᠭᠦᠯ ᠢᠶᠠᠷ | ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ 2025 ᠣᠨ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠪᠦᠬᠦ ᠤᠯᠤᠰ ᠤᠨ ᠴᠢᠨᠠᠷᠲᠠᠢ ᠭᠤᠷᠪᠠᠨ | ᠲᠤᠰᠬᠠᠢ ᠴᠡᠭᠴᠡᠯᠡᠨ ᠵᠠᠰᠠᠯᠲᠠ ᠳᠤ ᠣᠷᠣᠭᠤᠯᠵᠤ ᠂ ᠳᠠᠭᠠᠳᠬᠠᠯ ᠢ ᠮᠡᠬᠡᠯᠡᠬᠦ ᠂ ᠲᠣᠭᠲᠠᠭᠠᠯ ᠠᠴᠠ ᠵᠥᠷᠢᠴᠡᠨ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠬᠢᠨᠠᠯᠲᠠ ᠬᠠᠮᠢᠶᠠᠷᠤᠯᠲᠠ ᠰᠤᠯᠠ ᠪᠠᠶᠢᠬᠤ ᠵᠡᠷᠭᠡ | ᠲᠤᠪᠤᠶᠢᠮ᠎ᠠ ᠠᠰᠠᠭᠤᠳᠠᠯ ᠢ ᠡᠷᠡᠰ ᠴᠡᠭᠴᠡᠯᠡᠨ ᠵᠠᠰᠠᠵᠤ ᠂ ᠣᠷᠣᠨ ᠨᠤᠲᠤᠭ ᠤᠨ ᠡᠮᠴᠢᠯᠡᠭᠡᠨ ᠤ ᠡᠬᠢ ᠪᠠᠶᠠᠯᠢᠭ ᠪᠣᠯᠤᠨ | ᠪᠣᠳᠠᠲᠠᠢ ᠬᠡᠷᠡᠭᠴᠡᠭᠡ ᠶᠢ ᠪᠤᠷᠤᠭᠤ ᠲᠤᠬᠢᠷᠠᠭᠤᠯᠬᠤ ᠂ ᠡᠮᠴᠢᠯᠡᠭᠡᠨ ᠤ ᠪᠠᠶᠢᠭᠤᠯᠤᠮᠵᠢ ᠶᠢ ᠰᠣᠬᠤᠷ ᠪᠠᠯᠠᠢ ᠪᠠᠷ | ᠥᠷᠭᠡᠳᠬᠡᠬᠦ ᠵᠡᠷᠭᠡ ᠬᠦᠴᠢᠷ ᠠᠰᠠᠭᠤᠳᠠᠯ ᠂ ᠲᠦᠭᠵᠢᠷᠡᠯ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ | ᠬᠡᠷᠡᠭᠲᠡᠢ ᠃ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠡᠮᠴᠢᠯᠡᠭᠡᠨ ᠤ | ᠳᠠᠭᠠᠳᠬᠠᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ | ᠡᠰᠡᠷᠭᠦᠴᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ ᠂ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠷᠠᠭᠤᠯᠤᠨ ᠂ ︽ᠨᠠᠮ ᠤᠨ ᠪᠠᠶᠢᠭᠤᠯᠤᠯᠲᠠ ᠶᠢ | ᠴᠢᠩᠭᠠᠳᠬᠠᠵᠤ ᠂ ᠬᠤᠷᠢᠭ᠎ᠠ ᠱᠤᠭᠤᠮ ᠢ ᠰᠠᠬᠢᠵᠤ ᠂ ᠴᠢᠩᠭ᠎ᠠ ᠴᠡᠭᠴᠡᠯᠡᠨ ᠵᠠᠰᠠᠵᠤ ᠂ ᠡᠮᠴᠢᠯᠡᠭᠡᠨ ᠤ ᠳᠠᠭᠠᠳᠬᠠᠯ ᠤᠨ | ᠲᠡᠮᠦᠷ ᠴᠡᠷᠢᠭ ᠢ ᠪᠠᠶᠢᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠵᠦ ᠂ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ ᠂ ᠲᠣᠭᠤᠷᠢᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠬᠡᠷᠡᠭᠲᠡᠶ ᠃ ᠰᠤᠷᠲᠠᠯ ᠢᠯᠵᠠᠷᠠᠯ ᠢ | ᠵᠡᠷᠭᠡ ᠪᠠᠷ ᠪᠠᠶᠢᠴᠠᠭᠠᠬᠤ ᠶᠢ ᠪᠠᠷᠢᠮᠲᠠᠯᠠᠵᠤ ᠂ ᠳᠠᠭᠠᠳᠬᠠᠯ ᠢ ᠮᠡᠬᠡᠯᠡᠬᠦ ᠪᠠ ᠲᠣᠭᠲᠠᠭᠠᠯ ᠠᠴᠠ ᠵᠥᠷᠢᠴᠡᠨ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠬᠦ ᠬᠤᠶᠠᠷ ᠲᠠᠯ᠎ᠠ ᠶᠢᠨ ᠠᠰᠠᠭᠤᠳᠠᠯ ᠢ ᠴᠢᠩᠭ᠎ᠠ ᠠᠩᠬᠠᠷᠴᠤ ᠂ | ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠴᠡᠭᠴᠡᠯᠡᠨ | ᠵᠠᠰᠠᠬᠤ ᠶᠢ ᠥᠷᠨᠢᠭᠦᠯᠵᠦ ᠂ ᠡᠮ ᠤᠨ ᠵᠦᠢᠯ ᠤᠨ ᠮᠥᠷᠳᠡᠬᠦ ᠲᠦᠷᠢᠮ ᠢ ᠲᠥᠪᠯᠡᠷᠡᠭᠦᠯᠦᠨ ᠬᠤᠳᠠᠯᠳᠤᠨ ᠠᠪᠬᠤ ᠶᠢ | ᠬᠢᠨᠠᠨ ᠬᠠᠮᠢᠶᠠᠷᠴᠤ ᠬᠡᠷᠡᠭᠯᠡᠬᠦ ᠂ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠢᠶ᠎ᠠ ᠪᠥᠬᠦᠶ | ᠬᠥᠮᠦᠰ ᠤᠨ ᠲᠣᠭᠠᠴᠠᠭ᠎ᠠ ᠬᠢᠬᠦ ᠬᠢᠷᠢ ᠬᠡᠮ ᠤᠨ ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠵᠤ ᠂ ᠳᠠᠭᠠᠳᠬᠠᠯ ᠳᠤ | ᠣᠷᠣᠯᠴᠠᠭᠰᠠᠳ ᠤᠨ ᠳᠠᠭᠠᠳᠬᠠᠯ ᠢ ᠮᠡᠬᠡᠯᠡᠬᠦ ᠂ ᠠᠵᠢᠯ ᠡᠷᠬᠢᠯᠡᠵᠦ ᠪᠦᠬᠦᠢ ᠡᠮ ᠨᠠᠶᠢᠷᠠᠭᠴᠢ ᠶᠢᠨ ︽ᠨᠢᠭᠡ ᠦᠨᠡᠮᠯᠡᠯ ᠢ | ᠣᠯᠠᠨ ᠡᠯᠭᠦᠬᠦ︾ ᠂ ᠡᠮᠴᠢᠯᠡᠭᠡᠨ ᠤ ᠳᠠᠭᠠᠳᠬᠠᠯ ᠤᠨ ︽ᠢᠯᠡ ᠪᠣᠯᠭᠠᠬᠤ︾ ᠶᠢ ᠴᠢᠩᠭ᠎ᠠ ᠪᠠᠶᠢᠴᠠᠭᠠᠨ | ᠰᠢᠢᠳᠪᠦᠷᠢᠯᠡᠵᠦ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠶᠢ ᠰᠠᠶᠢᠲᠤᠷ ᠬᠢᠵᠦ ᠂ | ᠡᠮᠴᠢᠯᠡᠭᠡᠨ ᠤ ᠳᠠᠭᠠᠳᠬᠠᠯ ᠤᠨ ᠡᠬᠢ ᠪᠠᠶᠠᠯᠢᠭ ᠢ ᠲᠥᠯᠥᠪᠵᠢᠭᠦᠯᠦᠨ ᠲᠣᠬᠢᠷᠠᠭᠤᠯᠬᠤ ᠶᠢ ᠲᠦᠷᠭᠡᠳᠬᠡᠬᠦ ᠬᠡᠷᠡᠭᠲᠡᠢ ᠃ | ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠨᠢᠭᠲᠠᠷᠠᠭᠤᠯᠵᠤ ᠂ ᠨᠠᠮ ᠤᠨ ᠳᠣᠲᠣᠭᠠᠳᠤ ᠶᠢᠨ ᠬᠢᠨᠠᠯᠲᠠ ᠪᠠᠷ | ᠤᠳᠤᠷᠢᠳᠤᠮᠵᠢ ᠪᠣᠯᠭᠠᠵᠤ ᠂ ᠬᠢᠨᠠᠨ ᠪᠤᠳᠤᠬᠤ ᠬᠢᠨᠠᠯᠲᠠ ᠂ ᠡᠳ᠋ ᠤᠨ ᠶᠠᠪᠤᠳᠠᠯ ᠤᠨ ᠬᠢᠨᠠᠯᠲᠠ ᠂ ᠺᠠᠳ᠋ᠷ ᠤᠨ ᠬᠢᠨᠠᠯᠲᠠ ᠶᠢ | ᠨᠡᠪᠲᠡᠷᠡᠯᠴᠡᠭᠦᠯᠦᠨ ᠠᠭᠤᠰᠤᠯᠴᠠᠭᠤᠯᠵᠤ ᠂ ︽ᠭᠤᠷᠪᠠᠨ ᠡᠮᠴᠢᠯᠡᠭᠡᠨ ︾ ᠤ ᠬᠠᠮᠵᠢᠯᠴᠠᠨ ᠬᠥᠭᠵᠢᠬᠦ ᠪᠠ ᠵᠠᠰᠠᠯᠲᠠ ᠶᠢᠨ | ᠦᠷ᠎ᠡ ᠪᠦᠲᠦᠮᠵᠢ ᠶᠢ ᠴᠢᠩᠭᠠᠷᠠᠭᠤᠯᠵᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ ᠂ ᠪᠦᠬᠦ ᠣᠷᠣᠨ ᠤ ᠡᠮᠴᠢᠯᠡᠭᠡᠨ ᠤ ᠳᠠᠭᠠᠳᠬᠠᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠰᠢᠰᠲ᠋ᠧᠮ ᠤᠨ ᠪᠥᠬᠦ | ᠨᠠᠮ ᠤᠨ ᠭᠡᠰᠢᠭᠦᠨ ᠺᠠᠳ᠋ᠷ ᠭᠤᠤᠯ ᠬᠤᠷᠠᠯ ᠤᠨ ᠲᠠᠯᠠᠪᠠᠶ ᠠᠴᠠ ᠬᠤᠷᠠᠯ ᠳᠤ ᠣᠷᠣᠯᠴᠠᠵᠤ ᠂ ᠡᠯ᠎ᠡ ᠠᠶᠢᠮᠠᠭ ᠬᠤᠲᠠ ᠶᠢᠨ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠳᠤᠭᠤᠶᠢᠯᠠᠩ ᠤᠨ ᠬᠠᠷᠢᠭᠤᠴᠠᠯᠭᠠᠲᠠᠳ ᠂ ᠠᠶᠢᠮᠠᠭ ᠬᠤᠲᠠ ᠶᠢᠨ ᠡᠮᠴᠢᠯᠡᠭᠡᠨ ᠤ ᠳᠠᠭᠠᠳᠬᠠᠯ ᠤᠨ ᠰᠢᠰᠲ᠋ᠧᠮ ᠤᠨ ᠪᠥᠬᠦ | ᠨᠠᠮ ᠤᠨ ᠭᠡᠰᠢᠭᠦᠨ ᠺᠠᠳ᠋ᠷ ᠬᠤᠪᠢᠶᠠᠷᠢ ᠬᠤᠷᠠᠯ ᠤᠨ ᠲᠠᠯᠠᠪᠠᠶ ᠠᠴᠠ ᠬᠤᠷᠠᠯ ᠳᠤ ᠣᠷᠣᠯᠴᠠᠪᠠ ᠃ | |