ᠡᠯ᠎ᠡ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠵᠦ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠳᠤ᠄ | ᠠᠯᠠᠱᠠ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ | ᠰᠣᠩᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠵᠢᠴᠢ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠴᠠᠭ | ᠲᠤᠬᠠᠶ ᠳᠤ ᠨᠢ ᠬᠠᠩᠭᠠᠬᠤ ᠶᠢ ᠪᠠᠲᠤᠯᠠᠬᠤ ᠶᠢᠨ ᠬᠠᠮᠲᠤ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2022﹈ | 246 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠯᠠᠱᠠ ᠠᠶᠢᠮᠠᠭ ᠤᠨ 2025 ᠣᠨ ᠤ | ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠠᠵᠢᠯ ᠢ ᠥᠷᠨᠢᠭᠦᠯᠬᠦ ᠪᠠᠷ ᠪᠣᠶ᠂ ᠡᠳᠦᠭᠡ ᠪᠣᠳᠠᠲᠠᠶ ᠤᠴᠢᠷ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠬᠡᠯᠪᠡᠷᠢ | ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ | ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠪᠠᠭᠲᠠᠭᠠᠨ᠎ᠠ᠂ ᠳᠣᠷᠣᠭᠰᠢ ᠠᠳᠠᠯᠢ︶ ᠦᠢᠯᠡᠳᠪᠦᠷᠢᠯᠡᠬᠦ ᠠᠵᠤ | ᠠᠬᠤᠶᠢᠯᠠᠯ ᠨᠢ ᠰᠢᠭᠤᠳ ᠳᠣᠭᠢᠷᠠᠭᠤᠯᠤᠨ ᠬᠦᠷᠭᠡᠵᠦ ᠪᠣᠯᠬᠤ ᠪᠥᠭᠡᠳ ᠨᠥᠬᠦᠴᠡᠯ ᠳᠤ ᠨᠡᠶᠢᠴᠡᠬᠦ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠳᠣᠭᠢᠷᠠᠭᠤᠯᠤᠨ ᠬᠦᠷᠭᠡᠯᠭᠡᠵᠦ ᠪᠣᠯᠤᠨ᠎ᠠ᠃ | ᠬᠤᠶᠠᠷ᠂ ᠨᠡᠷ᠎ᠡ ᠮᠡᠳᠡᠭᠦᠯᠬᠦ ᠬᠡᠪᠴᠢᠶ᠎ᠡ | ᠠᠯᠠᠱᠠ ᠠᠶᠢᠮᠠᠭ ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠣᠷᠤᠭᠤᠯᠬᠤ ᠶᠢ ᠥᠷᠨᠢᠭᠦᠯᠬᠦ ᠠᠵᠤ | ᠠᠬᠤᠶᠢᠯᠠᠯ᠃ | ᠭᠤᠷᠪᠠ᠂ ᠲᠣᠬᠢᠷᠠᠭᠤᠯᠤᠨ ᠬᠦᠷᠭᠡᠬᠦ ᠬᠡᠪᠴᠢᠶ᠎ᠡ | ᠠᠯᠠᠱᠠ ᠠᠶᠢᠮᠠᠭ ᠤᠨ ᠬᠡᠪᠴᠢᠶᠡᠨ ᠳᠠᠬᠢ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ︵ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠭᠲᠠᠭᠠᠨ᠎ᠠ︶᠃ | ᠳᠥᠷᠪᠡ᠂ ᠨᠡᠷ᠎ᠡ ᠮᠡᠳᠡᠭᠦᠯᠬᠦ ᠨᠥᠬᠦᠴᠡᠯ | ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ | ᠪᠠᠶᠢᠬᠤ᠃ | ︵ᠬᠤᠶᠠᠷ︶ ᠵᠣᠬᠢᠬᠤ ᠬᠢᠷᠢ ᠭᠡᠮ ᠤᠨ ᠦᠨᠡᠮᠯᠡᠯ ᠢ ᠬᠠᠤᠯᠢ ᠶᠣᠰᠣᠭᠠᠷ ᠣᠯᠵᠤ᠂ ᠵᠣᠬᠢᠴᠠᠩᠭᠤᠶ | ᠲᠣᠬᠢᠷᠠᠭᠤᠯᠤᠨ ᠬᠦᠷᠭᠡᠬᠦ ᠬᠢᠷᠢ ᠭᠡᠮ ᠢ ᠪᠦᠷᠢᠳᠦᠭᠦᠯᠦᠭᠰᠡᠨ ᠪᠠᠶᠢᠬᠤ᠃ | ︵ᠭᠤᠷᠪᠠ︶ ᠠᠷᠠᠯᠵᠢᠶᠠᠨ ᠤ ᠰᠢᠯᠢᠳᠡᠭ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ | ᠨᠢᠭᠲᠠᠯᠠᠨ ᠪᠤᠳᠣᠬᠤ ᠳᠦᠷᠢᠮ ᠲᠠᠢ ᠪᠠᠶᠢᠬᠤ᠃ | ︵ᠲᠦᠷᠪᠡ︶ ᠭᠡᠷ᠎ᠡ ᠶᠢ ᠭᠦᠢᠴᠡᠳᠭᠡᠬᠦ ᠳᠤ ᠵᠠᠪᠠᠯ ᠱᠠᠭᠠᠷᠳᠠᠭᠳᠠᠬᠤ ᠦᠢᠯᠡᠳᠬᠦᠨ ᠤ ᠪᠠ ᠲᠤᠰᠬᠠᠢ | ᠮᠡᠷᠭᠡᠵᠢᠯ ᠤᠨ ᠴᠢᠳᠠᠪᠤᠷᠢ ᠲᠠᠢ ᠪᠠᠶᠢᠬᠤ᠃ | ︵ᠲᠠᠪᠤ︶ ᠬᠠᠤᠯᠢ ᠶᠣᠰᠣᠭᠠᠷ ᠭᠠᠶᠢᠯᠢ ᠲᠤᠰᠢᠶᠠᠭᠰᠠᠨ ᠪᠠ ᠨᠡᠶᠢᠭᠡᠮ ᠤᠨ ᠪᠠᠲᠤᠯᠠᠭ᠎ᠠ ᠶᠢᠨ ᠮᠥᠩᠭᠦ ᠶᠢ | ᠲᠤᠰᠢᠶᠠᠭᠰᠠᠨ ᠰᠠᠶᠢᠨ ᠰᠠᠶᠢᠬᠠᠨ ᠲᠡᠮᠳᠡᠭᠯᠡᠯ ᠲᠠᠢ ᠪᠠᠶᠢᠬᠤ᠃ | ︵ᠵᠢᠷᠭᠤᠭ᠎ᠠ︶ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ 2 | ᠵᠢᠯ ᠳᠤ ᠦᠢᠯᠡᠳᠪᠦᠷᠢᠯᠡᠬᠦ ᠪᠤᠶᠤ ᠡᠵᠡᠩᠨᠡᠬᠦ ᠠᠵᠢᠯᠯᠠᠭ᠎ᠠ ᠳᠤ ᠮᠠᠭᠤ ᠲᠡᠮᠳᠡᠭᠯᠡᠯ ᠦᠭᠡᠢ ᠪᠠᠶᠢᠬᠤ᠃ | ︵ᠳᠣᠯᠤᠭ᠎ᠠ︶ ᠲᠣᠬᠢᠷᠠᠭᠤᠯᠤᠨ ᠬᠦᠷᠭᠡᠬᠦ ᠣᠷᠣᠨ ᠪᠦᠰᠡ ᠨᠢ ᠠᠯᠠᠱᠠ ᠠᠶᠢᠮᠠᠭ ᠤᠨ ᠡᠯ᠎ᠡ ᠬᠤᠰᠢᠭᠤ ︵ | ᠲᠣᠭᠤᠷᠢᠭ︶ ᠶᠢᠨ ᠬᠠᠷᠢᠶ᠎ᠠ ᠪᠦᠬᠦᠢ ᠠᠯᠪᠠᠨ ᠠᠴᠠ ᠪᠠᠶᠢᠭᠤᠯᠤᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠪᠠᠶᠢᠬᠤ᠃ | ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠦᠬᠦᠴᠡᠯ ᠤᠳ᠃ | ᠲᠠᠪᠤ᠂ ᠭᠦᠢᠴᠡᠳᠬᠡᠬᠦ ᠶᠠᠪᠤᠴᠠ | ︵ᠨᠢᠭᠡ︶ ᠬᠢᠨᠠᠨ ᠬᠠᠷᠭᠤᠭᠤᠯᠬᠤ ᠪᠠ ᠨᠡᠶᠢᠲᠡᠯᠡᠬᠦ | 1. ᠬᠢᠨᠠᠨ ᠬᠠᠷᠭᠤᠭᠤᠯᠬᠤ᠃ ᠠᠯᠠᠱᠠ ᠠᠶᠢᠮᠠᠭ ᠤᠨ ᠡᠮ ᠡᠮᠨᠡᠯᠭᠡ ᠬᠤᠳᠠᠯᠳᠤᠨ ᠠᠪᠬᠤ ᠲᠥᠪ ᠠᠴᠠ ᠪᠣᠢ | ᠪᠦᠬᠦᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠢ ᠲᠥᠪᠯᠡᠷᠡᠭᠦᠯᠦᠨ ᠬᠢᠨᠠᠨ ᠬᠠᠷᠭᠤᠭᠤᠯᠤᠨ᠎ᠠ᠃ | 2. ᠨᠡᠶᠢᠲᠡᠯᠡᠬᠦ᠃ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠠᠵᠤ ᠠᠬᠤᠶᠢᠯᠠᠯ ᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠨᠡᠶᠢᠲᠡᠯᠡᠨ᠎ᠡ᠂ ᠨᠡᠶᠢᠲᠡᠯᠡᠬᠦ | ᠬᠤᠭᠤᠴᠠᠭ᠎ᠠ ᠨᠢ 5 ᠠᠵᠢᠯᠯᠠᠬᠤ ᠡᠳᠦᠷ ᠪᠣᠯᠤᠨ᠎ᠠ᠃ | ︵ᠬᠤᠶᠠᠷ︶ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠳᠠᠩᠰᠠ ᠵᠢᠴᠢ ᠬᠢᠷᠢ ᠬᠡᠮ ᠤᠨ ᠬᠠᠮᠠᠭᠠᠯᠠᠯᠲᠠ | ᠬᠡᠷᠪᠡ ᠨᠡᠶᠢᠲᠡᠯᠡᠬᠦ ᠬᠤᠭᠤᠴᠠᠭ᠎ᠠ ᠨᠢ ᠲᠤᠯᠤᠭᠠᠳ ᠣᠨᠳᠣᠣ ᠰᠠᠨᠠᠯ ᠦᠭᠡᠢ ᠪᠣᠯ᠂ ᠡᠯ᠎ᠡ ᠲᠣᠬᠢᠷᠠᠭᠤᠯᠤᠨ | ᠬᠦᠷᠭᠡᠬᠦ ᠠᠵᠤ ᠠᠬᠤᠶᠢᠯᠠᠯ ᠠᠴᠠ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠰᠦᠯᠵᠢᠶ᠎ᠡ ᠳᠤ ᠨᠡᠪᠲᠡᠷᠡᠵᠦ ᠳᠠᠩᠰᠠᠯᠠᠭᠤᠯᠤᠨ ᠭᠡᠷᠡᠴᠢᠯᠡᠭᠦᠯᠵᠦ᠂ ᠢᠲᠡᠭᠡᠮᠵᠢ ᠶᠢᠨ ᠠᠮᠠᠯᠠᠯᠲᠠ ᠶᠢᠨ | ᠪᠢᠴᠢᠭ ᠢ ᠳᠡᠭᠡᠭᠰᠢ ᠳᠠᠮᠵᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ | ᠳᠠᠷᠠᠭ᠎ᠠ᠂ ᠠᠵᠤ ᠠᠬᠤᠶᠢᠯᠠᠯ ᠤᠨ ᠬᠢᠷᠢ ᠬᠡᠮ ᠤᠨ ᠬᠠᠮᠠᠭᠠᠯᠠᠯᠲᠠ ᠬᠢᠨ᠎ᠡ᠃ | ︵ᠭᠤᠷᠪᠠ︶ ᠲᠣᠬᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠬᠦ | ᠰᠦᠯᠵᠢᠶᠡᠨ ᠳᠡᠭᠡᠷᠡᠬᠢ ᠠᠵᠤ ᠠᠬᠤᠶᠢᠯᠠᠯ ᠤᠨ ᠬᠢᠷᠢ ᠬᠡᠮ ᠤᠨ ᠮᠡᠳᠡᠭᠡ ᠵᠠᠩᠭᠢ ᠶᠢ ᠬᠠᠷᠭᠤᠭᠤᠯᠤᠨ | ᠪᠠᠶᠢᠴᠠᠭᠠᠵᠤ ᠪᠠᠲᠤᠯᠠᠭᠤᠯᠤᠭᠰᠠᠨ ᠤ ᠳᠠᠷᠠᠭ᠎ᠠ᠂ ᠠᠵᠤ ᠠᠬᠤᠶᠢᠯᠠᠯ ᠠᠴᠠ ᠠᠶᠢᠮᠠᠭ ᠤᠨ ᠡᠮ ᠡᠮᠨᠡᠯᠭᠡ ᠬᠤᠳᠠᠯᠳᠤᠨ | ᠠᠪᠬᠤ ᠲᠥᠪ ᠲᠠᠢ ᠬᠠᠷᠢᠯᠴᠠᠵᠤ ᠵᠣᠬᠢᠴᠠᠩᠭᠤᠶ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠦᠨ᠎ᠡ᠃ | ᠵᠢᠷᠭᠤᠭ᠎ᠠ᠂ ᠨᠡᠷ᠎ᠡ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ | ᠠᠯᠠᠱᠠ ᠠᠶᠢᠮᠠᠭ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠬᠤ ᠳᠤ ᠣᠷᠣᠯᠴᠠᠬᠤ ᠪᠣᠶ ᠪᠥᠬᠦᠶ ᠠᠵᠤ | ᠠᠬᠤᠶᠢᠯᠠᠯ ᠨᠢ ᠡᠷᠬᠡᠪᠰᠢ ᠲᠣᠰ ᠮᠡᠳᠡᠭᠳᠡᠯ ᠵᠢᠴᠢ ᠳᠠᠭᠠᠯᠳᠤᠭᠤᠯᠤᠯ 1᠂ ᠳᠠᠭᠠᠯᠳᠤᠭᠤᠯᠤᠯ 2 ᠤᠨ ᠱᠠᠭᠠᠷᠳᠠᠯᠭ᠎ᠠ | ᠶᠣᠰᠣᠭᠠᠷ ᠬᠢᠷᠢ ᠬᠡᠮ ᠤᠨ ᠮᠠᠲ᠋ᠧᠷᠢᠶᠠᠯ ᠢᠶᠠᠨ ᠨᠠᠶᠢᠷᠠᠭᠤᠯᠤᠨ ᠵᠣᠬᠢᠶᠠᠬᠤ᠂ ᠳᠡᠪᠲᠡᠷᠯᠡᠬᠦ ᠪᠠ ᠮᠡᠳᠡᠭᠦᠯᠦᠨ ᠬᠦᠷᠭᠡᠬᠦ | ᠬᠡᠷᠡᠭᠲᠡᠶ᠃ | ︵ᠨᠢᠭᠡ︶ ᠨᠡᠷ᠎ᠡ ᠮᠡᠳᠡᠭᠦᠯᠬᠦ ᠮᠠᠲ᠋ᠧᠷᠢᠶᠠᠯ ᠳᠤ ᠨᠢᠭᠡᠳᠦᠯᠲᠡᠢ A4 ᠴᠠᠭᠠᠰᠤ ᠶᠢ ᠬᠡᠷᠡᠭᠯᠡᠨ᠎ᠡ᠃ | ︵ᠬᠤᠶᠠᠷ︶ ᠨᠡᠷ᠎ᠡ ᠮᠡᠳᠡᠭᠦᠯᠬᠦ ᠮᠠᠲ᠋ᠧᠷᠢᠶᠠᠯ ᠨᠢ ᠲᠣᠳᠣᠷᠬᠠᠶ ᠪᠥᠭᠡᠳ ᠪᠦᠷᠢᠨ ᠪᠦᠲᠦᠨ ᠪᠠᠶᠢᠵᠤ᠂ | ᠮᠠᠲ᠋ᠧᠷᠢᠶᠠᠯ ᠨᠢ ᠲᠣᠳᠣᠷᠬᠠᠶ ᠦᠭᠡᠶ ᠪᠠ ᠪᠤᠷᠤᠭᠤ᠂ ᠪᠦᠷᠢᠨ ᠪᠦᠲᠦᠨ ᠪᠤᠰᠤ ᠠᠴᠠ ᠪᠣᠯᠵᠤ ᠬᠢᠨᠠᠨ | ᠬᠠᠷᠭᠤᠭᠤᠯᠬᠤ ᠶᠢᠨ ᠠᠷᠭ᠎ᠠ ᠦᠭᠡᠶ ᠪᠣᠯᠪᠠᠯ ᠠᠵᠤ ᠠᠬᠤᠶᠢᠯᠠᠯ ᠤᠨ ᠦᠨᠡᠮᠯᠡᠯ ᠤᠨ ᠨᠦᠬᠦᠪᠦᠷᠢᠯᠡᠭᠰᠡᠨ ᠮᠠᠲ᠋ᠧᠷᠢᠶᠠᠯ ᠢ | ᠳᠠᠬᠢᠨ ᠬᠦᠯᠢᠶᠡᠨ ᠠᠪᠬᠤ ᠦᠭᠡᠢ ᠪᠠᠶᠢᠵᠤ᠂ ᠬᠠᠷᠢᠭᠤᠴᠠᠯᠭ᠎ᠠ ᠶᠢ ᠠᠵᠤ ᠠᠬᠤᠶᠢᠯᠠᠯ ᠥᠪᠡᠷᠲᠡᠭᠡᠨ ᠡᠭᠦᠷᠭᠡᠯᠡᠨ᠎ᠡ᠃ | ︵ᠭᠤᠷᠪᠠ︶ ᠲᠤᠰᠢᠶᠠᠭᠰᠠᠨ ᠪᠤᠢ ᠪᠦᠬᠦᠢ ᠪᠢᠴᠢᠭ ᠮᠠᠲ᠋ᠧᠷᠢᠶᠠᠯ ᠬᠢᠭᠡᠳ ᠵᠠᠬᠢᠳᠠᠯ ᠳᠤ ᠴᠦᠮ ᠬᠢᠲᠠᠳ | ᠪᠢᠴᠢᠭ ᠢ ᠬᠡᠷᠡᠭᠯᠡᠵᠦ᠂ ᠭᠠᠳᠠᠭᠠᠳᠤ ᠬᠡᠯᠡᠨ ᠤ ᠮᠠᠲ᠋ᠧᠷᠢᠶᠠᠯ ᠳᠤ ᠤᠭ ᠮᠠᠲ᠋ᠧᠷᠢᠶᠠᠯ᠂ ᠪᠠᠭᠤᠯᠭᠠᠪᠤᠷᠢ ᠵᠢᠴᠢ ᠬᠢᠲᠠᠳ | ᠬᠡᠯᠡᠨ ᠤ ᠣᠷᠴᠢᠭᠤᠯᠭ᠎ᠠ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠢ᠂ ᠠᠭᠤᠯᠭ᠎ᠠ ᠶᠢ ᠲᠦᠷᠬᠢᠬᠦ᠂ ᠵᠦᠯᠭᠦᠬᠦ᠂ | ᠬᠤᠰᠤᠬᠤ᠂ ᠵᠦᠯᠭᠦᠭᠦ ᠪᠠ ᠪᠦᠷᠬᠦᠵᠦ ᠪᠣᠯᠬᠤ ᠦᠭᠡᠢ᠃ | ︵ᠲᠦᠷᠪᠡ︶ ᠨᠡᠷ᠎ᠡ ᠮᠡᠳᠡᠭᠦᠯᠬᠦ ᠮᠠᠲ᠋ᠧᠷᠢᠶᠠᠯ ᠢ ᠡᠷᠬᠡᠪᠰᠢ ᠱᠠᠭᠠᠷᠳᠠᠯᠭ᠎ᠠ ᠶᠣᠰᠣᠭᠠᠷ ᠨᠢᠭᠤᠷ ᠤᠨ ᠳ᠋ᠤᠭᠠᠷ ᠤᠨ | ᠳᠠᠷᠠᠭᠠᠯᠠᠯ ᠢᠶᠠᠷ ᠳᠡᠪᠲᠡᠷᠯᠡᠵᠦ᠂ ᠳᠡᠪᠲᠡᠷᠯᠡᠬᠦ ᠱᠠᠭᠠᠷᠳᠠᠯᠭ᠎ᠠ ᠳᠤ ᠨᠡᠶᠢᠴᠡᠬᠦ ᠦᠭᠡᠶ ᠮᠠᠲ᠋ᠧᠷᠢᠶᠠᠯ ᠢ ᠬᠦᠯᠢᠶᠡᠨ ᠠᠪᠬᠤ | ᠦᠭᠡᠶ᠂ ᠲᠤᠰ ᠤᠳᠠᠭᠠᠨ ᠤ ᠨᠡᠷ᠎ᠡ ᠮᠡᠳᠡᠭᠦᠯᠬᠦ ᠮᠠᠲ᠋ᠧᠷᠢᠶᠠᠯ ᠢ ᠳᠡᠪᠲᠡᠷᠯᠡᠭᠰᠡᠨ ᠤ ᠳᠠᠷᠠᠭ᠎ᠠ ᠨᠦᠬᠦᠪᠦᠷᠢ ᠮᠠᠲ᠋ᠧᠷᠢᠶᠠᠯ ᠢ | ᠳᠠᠬᠢᠨ ᠬᠦᠯᠢᠶᠡᠨ ᠠᠪᠬᠤ ᠦᠭᠡᠢ᠃ | ︵ᠲᠠᠪᠤ︶ ᠨᠡᠷ᠎ᠡ ᠮᠡᠳᠡᠭᠦᠯᠬᠦ ᠮᠠᠲ᠋ᠧᠷᠢᠶᠠᠯ ᠳᠤ ᠴᠥᠮ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ | ᠲᠠᠮᠠᠭ᠎ᠠ ᠶᠢ ᠳᠠᠷᠤᠬᠤ ᠬᠡᠷᠡᠭᠲᠡᠶ ︵ᠠᠵᠤ ᠠᠬᠤᠶᠢᠯᠠᠯ ᠤᠨ ᠪᠤᠰᠤᠳ ᠲᠠᠮᠠᠭ᠎ᠠ ᠳᠠᠷᠤᠭᠰᠠᠨ ᠨᠢ ᠴᠥᠮ ᠬᠦᠴᠦᠨ ᠦᠭᠡᠢ | ︶ ᠪᠥᠭᠡᠳ ᠲᠣᠭᠲᠠᠭᠰᠠᠨ ᠴᠠᠭ ᠤᠨ ᠳᠣᠲᠣᠷ᠎ᠠ ᠲᠤᠰᠢᠶᠠᠬᠤ ᠬᠡᠷᠡᠭᠲᠡᠢ᠃ | ︵ᠵᠢᠷᠭᠤᠭ᠎ᠠ︶ ᠭᠤᠶᠤᠴᠢᠯᠠᠭᠴᠢ ᠠᠴᠠ ᠰᠢᠦᠳᠠᠨ ᠢᠶᠠᠷ ᠢᠯᠡᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ ᠪᠣᠯᠤᠨ᠎ᠠ᠃ ᠬᠡᠷᠪᠡ | ᠠᠵᠤ ᠠᠬᠤᠶᠢᠯᠠᠯ ᠲᠣᠭᠲᠠᠭᠰᠠᠨ ᠴᠠᠭ ᠤᠨ ᠳᠣᠲᠣᠷ᠎ᠠ ᠮᠠᠲ᠋ᠧᠷᠢᠶᠠᠯ ᠢᠶᠠᠨ ᠲᠤᠰᠢᠶᠠᠭᠰᠠᠨ ᠥᠬᠡᠶ ᠪᠤᠶᠤ | ᠮᠠᠲ᠋ᠧᠷᠢᠶᠠᠯ ᠢᠶᠠᠨ ᠲᠣᠭᠲᠠᠭᠰᠠᠨ ᠠᠯᠪᠠᠨ ᠬᠡᠷ ᠲᠤ ᠰᠢᠦᠳᠠᠨ ᠢᠶᠠᠷ ᠲᠤᠰᠢᠶᠠᠭᠰᠠᠨ ᠥᠬᠡᠶ ᠪᠣᠯ ᠨᠡᠷ᠎ᠡ ᠮᠡᠳᠡᠭᠦᠯᠬᠦ ᠪᠠᠨ | ᠪᠣᠯᠢᠭᠰᠠᠨ ᠢᠶᠠᠷ ᠦᠵᠡᠨ᠎ᠡ᠃ | ︵ᠳᠤᠯᠤᠭ᠎ᠠ︶ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠪᠠᠷ ᠭᠤᠶᠤᠴᠢᠯᠠᠨ ᠮᠡᠳᠡᠭᠦᠯᠬᠦ ᠠᠵᠤ ᠠᠬᠤᠶᠢᠯᠠᠯ | ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠪᠠᠷ ᠭᠤᠶᠤᠴᠢᠯᠠᠨ ᠮᠡᠳᠡᠭᠦᠯᠬᠦ | ᠠᠵᠤ ᠠᠬᠤᠶᠢᠯᠠᠯ ᠨᠢ ᠬᠢᠷᠢ ᠴᠢᠳᠠᠮᠵᠢ ᠶᠢᠨ ᠮᠠᠲ᠋ᠧᠷᠢᠶᠠᠯ ᠢᠶᠠᠨ ᠠᠰᠲᠠᠭᠠᠨ ᠳᠡᠪᠲᠡᠷᠯᠡᠬᠦ ᠬᠡᠷᠡᠭᠲᠡᠶ᠃ | ᠳᠣᠯᠤᠭ᠎ᠠ᠂ ᠨᠡᠷ᠎ᠡ ᠮᠡᠳᠡᠭᠦᠯᠬᠦ ᠴᠠᠭ᠂ ᠭᠠᠵᠠᠷ ᠪᠠ ᠠᠷᠭ᠎ᠠ ᠮᠠᠶ᠋ᠢᠭ | ᠴᠠᠭ᠄ 2025 ᠣᠨ ᠤ 2 ᠳ᠋ᠤᠭᠠᠷ ᠰᠠᠷ᠎ᠠ ᠶᠢᠨ 5 ᠤ ᠡᠳᠦᠷ ᠠᠴᠠ 12 ᠤᠨ ᠡᠳᠦᠷ ᠪᠣᠯᠲᠠᠯ᠎ᠠ | ︵ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 15᠄ 00-18᠄ 00 | ᠪᠣᠯᠲᠠᠯ᠎ᠠ᠂ ᠭᠠᠷᠠᠭ ᠤᠨ ᠵᠢᠷᠭᠤᠭᠠᠨ ᠡᠳᠦᠷ ᠠᠴᠠ ᠪᠤᠰᠤᠳ︶ | ᠰᠢᠤᠳᠠᠨ ᠢᠶᠠᠷ ᠢᠯᠡᠭᠡᠬᠦ ᠬᠠᠶ᠋ᠢᠭ᠄ ᠠᠯᠠᠱᠠ ᠠᠶᠢᠮᠠᠭ ᠤᠨ ᠡᠮ ᠡᠮᠨᠡᠯᠭᠡ ᠬᠤᠳᠠᠯᠳᠤᠨ ᠠᠪᠬᠤ ᠲᠥᠪ ︵ᠠᠯᠠᠱᠠ | ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠧᠩ ᠹᠸᠢ ᠵᠠᠮ ᠤᠨ ᠠᠵᠢᠯ ᠣᠯᠭᠤᠯᠲᠠ | ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠠᠰᠠᠷ ᠤᠨ 419 ᠲᠠᠰᠤᠭ︶ | ᠬᠠᠷᠢᠯᠴᠠᠬᠤ ᠬᠥᠮᠦᠨ᠄ ᠳ᠋ᠦᠩ ᠸᠧᠨ ᠵᠢᠩ᠂ ᠫᠠᠨ ᠰᠢᠤᠸᠠᠢ ᠵᠢᠶᠣᠣ | ᠬᠠᠷᠢᠯᠴᠠᠬᠤ ᠤᠲᠠᠰᠤ᠄ 0483-8350180 | ᠨᠠᠢᠮᠠ᠂ ᠠᠩᠬᠠᠷᠬᠤ ᠵᠦᠢᠯ | ︵ᠨᠢᠭᠡ︶ ᠨᠡᠷ᠎ᠡ ᠮᠡᠳᠡᠭᠦᠯᠦᠭᠰᠡᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠨᠡᠷ᠎ᠡ ᠮᠡᠳᠡᠭᠦᠯᠦᠭᠰᠡᠨ | ᠮᠠᠲ᠋ᠧᠷᠢᠶᠠᠯ ᠤᠨ ᠨᠢᠭᠤᠷ ᠲᠠᠯ᠎ᠠ ᠳᠡᠭᠡᠷ᠎ᠡ ᠲᠣᠬᠢᠷᠠᠭᠤᠯᠤᠨ ᠬᠦᠷᠭᠡᠬᠦ ᠲᠥᠷᠥᠯ ᠢᠯᠭᠠᠯ ᠢ ᠰᠣᠩᠭᠤᠬᠤ ᠳᠤ ᠪᠠᠨ | ᠭᠠᠭᠴᠠᠬᠠᠨ ᠢ ᠰᠣᠩᠭᠤᠬᠤ ᠪᠤᠶᠤ ᠣᠯᠠᠨ ᠢ ᠰᠣᠩᠭᠤᠵᠤ ᠪᠣᠯᠤᠨ᠎ᠠ᠂ ᠭᠡᠬᠦ ᠳᠤ ᠪᠠᠨ ᠡᠷᠬᠡᠪᠰᠢ ᠡᠮᠴᠢᠯᠡᠭᠡᠨ ᠤ ᠮᠠᠰᠢᠨ | ᠪᠠᠭᠠᠵᠢ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠡᠵᠡᠩᠨᠡᠬᠦ ᠬᠡᠪᠴᠢᠶ᠎ᠡ ᠶᠢ ᠴᠢᠩᠭ᠎ᠠ ᠵᠢᠷᠤᠮᠯᠠᠨ ᠪᠣᠯᠭᠤᠮᠵᠢᠲᠠᠶ | ᠰᠣᠩᠭᠤᠬᠤ ᠬᠡᠷᠡᠭᠲᠡᠶ᠂ ᠪᠠᠯᠠᠯᠵᠤ ᠪᠣᠯᠬᠤ ᠦᠭᠡᠶ᠃ | ︵ᠬᠤᠶᠠᠷ︶ ᠬᠤᠰᠢᠭᠤ ᠲᠣᠭᠤᠷᠢᠭ ᠤᠨ ᠲᠠᠰ ᠵᠢᠴᠢ ᠲᠡᠭᠦᠨ ᠠᠴᠠ ᠳᠣᠷᠣᠭᠰᠢᠬᠢ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠳᠣᠭᠢᠷᠠᠭᠤᠯᠤᠨ ᠬᠦᠷᠭᠡᠬᠦ ᠪᠠᠷ ᠪᠠᠶᠢᠭ᠎ᠠ ᠠᠵᠤ ᠠᠬᠤᠶᠢᠯᠠᠯ ᠨᠢ ᠠᠯᠠᠱᠠ | ᠠᠶᠢᠮᠠᠭ ᠤᠨ ᠬᠡᠰᠡᠭ ᠪᠤᠶᠢᠳᠠ ᠪᠥᠭᠯᠡᠭᠦᠦ᠂ ᠵᠠᠮ ᠬᠠᠷᠢᠯᠴᠠᠭ᠎ᠠ ᠳᠥᠭᠦᠮ ᠦᠭᠡᠢ ᠭᠠᠵᠠᠷ ᠣᠷᠣᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ | ᠬᠠᠩᠭᠠᠵᠤ ᠪᠠᠶᠢᠭ᠎ᠠ ᠪᠠᠶᠢᠳᠠᠯ ᠢ ᠭᠦᠢᠴᠡᠳ ᠣᠶᠢᠯᠠᠭᠠᠬᠤ ᠶᠢᠨ ᠬᠠᠮᠲᠤ᠂ ᠲᠣᠰ ᠠᠵᠤ ᠠᠬᠤᠶᠢᠯᠠᠯ ᠤᠨ ᠪᠣᠳᠠᠲᠠᠶ | ᠳᠣᠭᠢᠷᠠᠭᠤᠯᠤᠨ ᠬᠦᠷᠭᠡᠬᠦ ᠴᠢᠳᠠᠪᠤᠷᠢ ᠶᠢ ᠦᠨᠳᠦᠰᠦᠯᠡᠨ ᠨᠡᠷ᠎ᠡ ᠮᠡᠳᠡᠭᠦᠯᠵᠦ᠂ ᠳᠣᠭᠢᠷᠠᠭᠤᠯᠤᠨ ᠬᠦᠷᠭᠡᠬᠦ ᠶᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ︵ᠭᠤᠷᠪᠠ︶ ᠲᠣᠰ ᠤᠳᠠᠭᠠᠨ ᠤ ᠰᠢᠯᠢᠨ ᠰᠣᠩᠭᠤᠯᠲᠠ ᠳᠤ ᠠᠯᠠᠱᠠ ᠠᠶᠢᠮᠠᠭ ᠤᠨ ᠳᠣᠭᠢᠷᠠᠭᠤᠯᠤᠨ ᠬᠦᠷᠭᠡᠬᠦ | ᠡᠷᠬᠡ ᠶᠢ ᠣᠯᠤᠭᠰᠠᠨ ᠬᠤᠶᠠᠷ ᠵᠢᠯ ᠤᠨ ᠳᠣᠲᠣᠷ᠎ᠠ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠥᠬᠡᠶ ᠠᠵᠤ | ᠠᠬᠤᠶᠢᠯᠠᠯ ᠢ ᠠᠯᠠᠱᠠ ᠠᠶᠢᠮᠠᠭ ᠤᠨ ᠡᠮ ᠡᠮᠨᠡᠯᠭᠡ ᠬᠤᠳᠠᠯᠳᠤᠨ ᠠᠪᠬᠤ ᠲᠥᠪ ᠠᠴᠠ ᠨᠡᠶᠢᠲᠡᠯᠡᠵᠦ᠂ ᠠᠯᠠᠱᠠ | ᠠᠶᠢᠮᠠᠭ ᠲᠤ ᠬᠢ ᠳᠣᠭᠢᠷᠠᠭᠤᠯᠤᠨ ᠬᠦᠷᠭᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | | ᠳᠠᠭᠠᠯᠳᠤᠭᠤᠯᠤᠯ᠄ 1. ᠡᠮ ᠤᠨ ᠵᠦᠢᠯ ᠤᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ | ᠮᠡᠳᠡᠭᠦᠯᠬᠦ ᠮᠠᠲ᠋ᠧᠷᠢᠶᠠᠯ ᠤᠨ ᠬᠡᠯᠪᠡᠷᠢ ᠮᠠᠶ᠋ᠢᠭ ᠤᠨ ᠱᠠᠭᠠᠷᠳᠠᠯᠭ᠎ᠠ | 2. ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ | ᠨᠡᠷ᠎ᠡ ᠮᠡᠳᠡᠭᠦᠯᠬᠦ ᠮᠠᠲ᠋ᠧᠷᠢᠶᠠᠯ ᠤᠨ ᠬᠡᠯᠪᠡᠷᠢ ᠮᠠᠶ᠋ᠢᠭ ᠤᠨ ᠱᠠᠭᠠᠷᠳᠠᠯᠭ᠎ᠠ | | ᠠᠯᠠᠱᠠ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | 2025 ᠣᠨ ᠤ 2 ᠳ᠋ᠤᠭᠠᠷ ᠰᠠᠷ᠎ᠠ ᠶᠢᠨ 5 ᠤ ᠡᠳᠦᠷ | | ᠳᠠᠭᠠᠯᠳᠤᠭᠤᠯᠤᠯ᠄ | ᠳᠠᠭᠠᠯᠳᠤᠭᠤᠯᠤᠯ 1 ᠡᠮ ᠤᠨ ᠵᠦᠢᠯ ᠤᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ | ᠮᠠᠲ᠋ᠧᠷᠢᠶᠠᠯ ᠤᠨ ᠬᠡᠯᠪᠡᠷᠢ ᠮᠠᠶ᠋ᠢᠭ ᠤᠨ ᠱᠠᠭᠠᠷᠳᠠᠯᠭ᠎ᠠ.docx | ᠳᠠᠭᠠᠯᠳᠤᠭᠤᠯᠤᠯ 2 ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ | ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠤᠨ ᠬᠡᠯᠪᠡᠷᠢ ᠮᠠᠶ᠋ᠢᠭ ᠤᠨ ᠱᠠᠭᠠᠷᠳᠠᠯᠭ᠎ᠠ.docx | | | |