ᠡᠯ᠎ᠡ ᠡᠮ ᠤᠨ ᠵᠦᠢᠯ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ | ᠤᠷᠪᠠᠯᠵᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠳᠤ᠄ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ | ᠥᠰᠥᠭ ﹇ 2022﹈ 246 ᠳ᠋ᠤᠭᠠᠷ ᠲᠣᠭᠠᠲᠤ︶ ᠪᠠ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶᠠᠨ ᠤ ︽ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ | ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ | ᠲᠤᠬᠠᠶ ᠮᠡᠳᠡᠭᠳᠡᠯ︾ ︵ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2022 ﹈ 43 | ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠡᠮ ᠤᠨ | ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠪᠠᠶᠢᠳᠠᠯ ᠲᠠᠢ | ᠤᠶᠠᠯᠳᠤᠭᠤᠯᠤᠨ᠂ ᠮᠠᠨ ᠤ ᠬᠤᠲᠠ ᠶᠢᠨ ᠠᠯᠪᠠᠨ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ | ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠬᠤ ᠵᠢᠴᠢ ᠳᠣᠭᠢᠷᠠᠭᠤᠯᠤᠨ ᠬᠦᠷᠭᠡᠬᠦ ᠡᠷᠬᠡ ᠮᠡᠳᠡᠯ ᠤᠨ ᠬᠡᠪᠴᠢᠶ᠎ᠡ ᠶᠢ | ᠨᠡᠪᠲᠡᠷᠡᠭᠦᠯᠬᠦ ᠠᠵᠢᠯ ᠢ ᠥᠷᠨᠢᠭᠦᠯᠪᠡ᠃ ᠮᠠᠲ᠋ᠧᠷᠢᠶᠠᠯ ᠢ ᠬᠢᠨᠠᠨ ᠬᠠᠷᠭᠤᠭᠤᠯᠬᠤ ᠪᠠ ᠨᠡᠶᠢᠲᠡᠯᠡᠬᠦ ᠪᠠᠷ ᠳᠡᠮᠵᠢᠨ᠂ | ᠡᠳᠦᠭᠡ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠬᠦ ᠶᠢᠨ ᠬᠠᠮᠲᠤ | ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠰᠢᠨ᠎ᠡ ᠪᠠᠷ | ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ | ᠲᠣᠰ ᠤᠳᠠᠭᠠᠨ ᠤ ᠰᠢᠯᠢᠨ ᠰᠣᠩᠭᠤᠯᠲᠠ ᠳᠤ ᠨᠡᠶᠢᠲᠡ 57 ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ | ᠬᠢᠨᠠᠨ ᠬᠠᠷᠭᠤᠭᠤᠯᠭ᠎ᠠ ᠪᠠ ᠨᠡᠶᠢᠲᠡᠯᠡᠯ ᠢᠶᠠᠷ ᠪᠠᠲᠤᠯᠠᠭᠳᠠᠭᠠᠳ ᠬᠥᠬᠡᠬᠤᠲᠠ ᠶᠢᠨ ᠡᠮ ᠤᠨ ᠵᠦᠢᠯ ᠪᠠ ᠡᠮᠴᠢᠯᠡᠭᠡᠨ ᠤ | ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠬᠢᠷᠢ ᠬᠡᠮ ᠢ ᠬᠦᠷᠲᠡᠪᠡ ᠂ ᠳᠠᠭᠠᠯᠳᠤᠭᠤᠯᠤᠯ ᠳᠤ ᠨᠠᠷᠢᠨ | ᠦᠵᠡᠭᠡᠷᠡᠶ᠃ | ᠬᠤᠶᠠᠷ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠭᠢᠷᠠᠭᠤᠯᠤᠨ ᠬᠦᠷᠭᠡᠬᠦ ᠡᠷᠬᠡ ᠮᠡᠳᠡᠯ ᠤᠨ | ᠬᠡᠪᠴᠢᠶ᠎ᠡ ᠶᠢ ᠨᠡᠪᠲᠡᠷᠡᠭᠦᠯᠬᠦ ᠬᠠᠮᠢᠶ᠎ᠠ ᠪᠥᠬᠦᠶ ᠵᠦᠢᠯᠡᠰ | ᠲᠣᠰ ᠤᠳᠠᠭᠠᠨ ᠤ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠳᠡᠩᠰᠡᠯᠡᠨ | ᠭᠡᠷᠡᠴᠢᠯᠡᠬᠦ ᠪᠠᠨ ᠲᠦᠷᠭᠡᠬᠡᠨ ᠪᠡᠶᠡᠯᠡᠭᠦᠯᠬᠦ ᠶᠢᠨ ᠬᠠᠮᠲᠤ᠂ ᠨᠡᠷ᠎ᠡ ᠮᠡᠳᠡᠭᠦᠯᠬᠦ ᠠᠮᠠᠯᠠᠯᠲᠠ ᠶᠢᠨ ᠪᠢᠴᠢᠭ ᠶᠣᠰᠣᠭᠠᠷ ᠴᠠᠭ | ᠲᠤᠬᠠᠶ ᠳᠤ ᠨᠢ ᠳᠣᠭᠢᠷᠠᠭᠤᠯᠤᠨ ᠬᠦᠷᠭᠡᠬᠦ ᠲᠤᠬᠠᠶᠢᠯᠠᠭᠰᠠᠨ ᠠᠵᠢᠯ ᠢᠶᠠᠨ ᠥᠷᠨᠢᠭᠦᠯᠬᠦ ᠬᠡᠷᠡᠭᠲᠡᠶ᠃ | ︵ᠨᠢᠭᠡ︶ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠦᠯᠵᠢᠶ᠎ᠡ ᠳᠤ ᠳᠠᠩᠰᠠᠯᠠᠭᠤᠯᠵᠤ ᠭᠡᠷᠡᠴᠢᠯᠡᠬᠦ ᠶᠢ ᠪᠡᠶᠡᠯᠡᠭᠦᠯᠬᠦ | ᠲᠣᠰ ᠤᠳᠠᠭ᠎ᠠ ᠳᠤ ᠰᠢᠯᠢᠨ ᠰᠣᠩᠭᠤᠭᠳᠠᠭᠰᠠᠨ ᠰᠢᠨ᠎ᠡ ᠪᠠᠷ ᠨᠡᠮᠡᠭᠳᠡᠭᠰᠡᠨ ᠳᠣᠭᠢᠷᠠᠭᠤᠯᠤᠨ ᠬᠦᠷᠭᠡᠬᠦ ᠠᠵᠤ | ᠠᠬᠤᠶᠢᠯᠠᠯ ᠨᠢ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠦᠯᠵᠢᠶᠡᠨ ︵ https://ylbzj.nmg.gov.cn/ggfw/hallEnter/#/Index ︶ ᠳᠤ ᠨᠡᠪᠲᠡᠷᠡᠭᠡᠳ | ᠨᠢᠭᠡᠴᠢ ᠶᠢᠨ ᠲᠤᠬᠠᠶᠢᠯᠠᠭᠰᠠᠨ ᠠᠵᠢᠯ ᠢᠶᠠᠨ ᠰᠣᠩᠭᠤᠵᠤ ᠂ ᠳᠠᠩᠰᠠᠯᠠᠭᠤᠯᠬᠤ ᠪᠠ ᠳᠦᠷᠢ ᠶᠢᠨ ᠭᠡᠷᠡᠴᠢᠯᠡᠯ ᠬᠢᠨ᠎ᠡ ᠂ | ᠱᠠᠭᠠᠷᠳᠠᠯᠭ᠎ᠠ ᠶᠣᠰᠣᠭᠠᠷ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢᠶᠠᠨ ᠳᠡᠭᠡᠭᠰᠢ ᠳᠠᠮᠵᠢᠭᠤᠯᠵᠤ᠂ ᠠᠵᠤ | ᠠᠬᠤᠶᠢᠯᠠᠯ ᠤᠨ ᠮᠡᠳᠡᠭᠡ ᠵᠠᠩᠭᠢ ᠶᠢ ᠬᠠᠮᠠᠭᠠᠯᠠᠨ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ | ᠠᠪᠬᠤ ᠲᠥᠪ ᠤᠨ ᠬᠢᠨᠠᠨ ᠬᠠᠷᠭᠤᠭᠤᠯᠭ᠎ᠠ ᠶᠢ ᠬᠦᠯᠢᠶᠡᠭᠡᠷᠡᠢ᠃ | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠰᠦᠯᠵᠢᠶ᠎ᠡ ᠪᠠᠷ ᠨᠢᠭᠡᠨᠲᠡ ᠳᠠᠩᠰᠠᠯᠠᠭᠤᠯᠵᠤ ᠭᠡᠷᠡᠴᠢᠯᠡᠭᠰᠡᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠠᠬᠢᠨᠲᠠ | ᠳᠠᠩᠰᠠᠯᠠᠭᠤᠯᠵᠤ ᠭᠡᠷᠡᠴᠢᠯᠡᠬᠦ ᠴᠢᠬᠤᠯᠠ ᠥᠬᠡᠶ᠃ | ︵ᠬᠤᠶᠠᠷ︶ ᠲᠣᠬᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠬᠦ | ᠳᠠᠩᠰᠠᠯᠠᠭᠤᠯᠵᠤ ᠭᠡᠷᠡᠴᠢᠯᠡᠬᠦ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ | ᠠᠪᠬᠤ ᠲᠥᠪ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠳᠣᠭᠢᠷᠠᠭᠤᠯᠤᠨ ᠬᠦᠷᠭᠡᠬᠦ ᠠᠵᠤ | ᠠᠬᠤᠶᠢᠯᠠᠯ ᠤᠳ ᠴᠠᠭ ᠲᠤᠬᠠᠶ ᠳᠤ ᠨᠢ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠲᠤ | ᠵᠣᠬᠢᠴᠠᠩᠭᠤᠶ ᠳᠣᠭᠢᠷᠠᠭᠤᠯᠤᠨ ᠬᠦᠷᠭᠡᠬᠦ ᠣᠷᠣᠨ ᠪᠦᠰᠡ ᠶᠢ ᠭᠤᠶᠤᠴᠢᠯᠠᠨ ᠨᠡᠪᠲᠡᠷᠡᠭᠦᠯᠦᠨ᠎ᠡ᠃ | ᠬᠠᠷᠢᠯᠴᠠᠬᠤ ᠤᠲᠠᠰᠤ᠄ 0471 - 3908542 | ︵ᠭᠤᠷᠪᠠ︶ ᠲᠣᠬᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠶᠢ | ᠨᠡᠪᠲᠡᠷᠡᠭᠦᠯᠦᠭᠰᠡᠨ ᠤ ᠳᠠᠷᠠᠭ᠎ᠠ᠂ ᠦᠢᠯᠡᠳᠪᠦᠷᠢᠯᠡᠯ ᠤᠨ ᠠᠵᠤ ᠠᠬᠤᠶᠢᠯᠠᠯ ᠢ ᠥᠪᠥᠷ ᠮᠣᠩᠭᠤᠯ ᠤᠨ ᠡᠮᠴᠢᠯᠡᠭᠡᠨ ᠤ | ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠳᠡᠭᠡᠷ᠎ᠡ ᠳᠣᠭᠢᠷᠠᠭᠤᠯᠤᠨ ᠬᠦᠷᠭᠡᠬᠦ ᠬᠠᠷᠢᠴᠠᠭ᠎ᠠ | ᠪᠠᠶᠢᠭᠤᠯᠬᠤ ᠲᠠᠢ ᠵᠣᠯᠭᠠᠭᠤᠯᠵᠤ᠂ ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ ᠠᠴᠠ | ᠨᠤᠲᠠᠯᠠᠭᠰᠠᠨ ᠤ ᠳᠠᠷᠠᠭ᠎ᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠦᠨ᠎ᠡ᠃ | ᠳᠠᠭᠠᠯᠳᠤᠭᠤᠯᠤᠯ᠄ 2025 ᠣᠨ ᠤ ᠨᠢᠭᠡᠳᠦᠭᠡᠷ ᠤᠯᠠᠷᠢᠯ ᠤᠨ ᠬᠥᠬᠡᠬᠤᠲᠠ ᠶᠢᠨ ᠠᠯᠪᠠᠨ ᠠᠴᠠ | ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ | ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷᠡᠰ | | ᠬᠥᠬᠡᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ | 2025 ᠣᠨ ᠤ 4 ᠳ᠋ᠤᠭᠡᠷ ᠰᠠᠷ᠎ᠠ ᠶᠢᠨ 15 ᠤ ᠡᠳᠦᠷ | | ᠳᠠᠭᠠᠯᠳᠤᠭᠤᠯᠤᠯ᠄ 2025 ᠣᠨ ᠤ ᠨᠢᠭᠡᠳᠦᠭᠡᠷ ᠤᠯᠠᠷᠢᠯ ᠤᠨ ᠬᠥᠬᠡᠬᠤᠲᠠ ᠶᠢᠨ ᠠᠯᠪᠠᠨ ᠠᠴᠠ ᠪᠠᠶᠢᠭᠤᠯᠤᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ | ᠬᠦᠷᠭᠡᠬᠦ ᠠᠵᠤ ᠠᠬᠤᠶᠢᠯᠠᠯ ᠤᠨ ᠨᠡᠷᠡᠰ.xls | | | | |