ᠮᠥᠷᠳᠡᠬᠦ ᠺᠣᠳ᠋ ᠤᠨ ᠴᠠᠭ ᠡᠷᠡᠨ ᠳᠤ᠂ ᠡᠮᠴᠢᠯᠡᠭᠡᠨ ᠤ ᠳᠠᠭᠠᠳᠬᠠᠯ ᠢᠶᠠᠷ ᠡᠮ ᠬᠤᠳᠠᠯᠳᠤᠨ ᠠᠪᠬᠤ ᠳᠤ ᠵᠢᠷᠭᠤᠭ᠎ᠠ ᠶᠢ ᠠᠪᠴᠤ ᠵᠢᠷᠭᠤᠭ᠎ᠠ ᠶᠢ ᠠᠪᠬᠤ ᠦᠭᠡᠢ
ᠨᠡᠶᠢᠲᠡᠯᠡᠭᠰᠡᠨ ᠴᠠᠭ᠄
2025/4/2
  ᠨᠢᠭᠡ ᠂ ᠺᠣᠳ᠋ ᠪᠠᠶᠢᠬᠤ ᠬᠡᠷᠡᠭᠲᠡᠢ  ᠨᠢᠭᠡ ᠳᠤ ᠂ ᠺᠣᠳ᠋ ᠪᠠᠶᠢᠬᠤ ᠬᠡᠷᠡᠭᠲᠡᠶ ᠃ ᠡᠮᠴᠢᠯᠡᠭᠡᠨ ᠤ ᠳᠠᠭᠠᠳᠬᠠᠯ ᠢᠶᠠᠷ ᠡᠮ ᠬᠤᠳᠠᠯᠳᠤᠨ ᠠᠪᠤᠭᠴᠢᠳ ᠲᠤ ᠵᠥᠪᠬᠡᠨ ᠪᠣᠭᠤᠳᠠᠯ ᠳᠡᠭᠡᠷ᠎ᠡ ᠪᠠᠨ ᠮᠥᠷᠳᠡᠬᠦ ᠺᠣᠳ᠋ ᠲᠠᠢ ᠡᠮ ᠢ ᠬᠤᠳᠠᠯᠳᠤᠨ ᠠᠪᠴᠤ ᠂ ᠮᠥᠷᠳᠡᠬᠦ ᠺᠣᠳ᠋ ᠦᠭᠡᠢ ᠡᠮ ᠢ ᠬᠤᠳᠠᠯᠳᠤᠨ ᠠᠪᠴᠤ ᠪᠣᠯᠬᠤ ᠦᠭᠡᠢ ᠂ ᠮᠥᠷᠳᠡᠬᠦ ᠺᠣᠳ᠋ ᠨᠢ ᠤᠷᠠᠭᠳᠠᠭᠰᠠᠨ ᠪᠣᠶᠣ ᠡᠪᠳᠡᠭᠳᠡᠭᠰᠡᠨ ᠡᠮ ᠢ ᠬᠤᠳᠠᠯᠳᠤᠨ ᠠᠪᠬᠤ ᠦᠭᠡᠢ ᠪᠠᠶᠢᠬᠤ ᠶᠢ ᠴᠢᠩᠭ᠎ᠠ ᠰᠠᠨᠠᠭᠤᠯᠤᠶ᠎ᠠ ᠃ ᠮᠥᠷᠳᠡᠬᠦ ᠺᠣᠳ᠋ ᠪᠣᠯ ᠡᠨᠡ ᠬᠦ ᠬᠠᠶᠢᠷᠴᠠᠭ ᠡᠮ ᠤᠨ ᠵᠦᠢᠯᠡᠰ ᠤᠨ ᠴᠣᠷ ᠤᠨ ᠭᠠᠭᠴᠠ ᠪᠡᠶ᠎ᠡ ᠶᠢᠨ ᠦᠨᠡᠮᠯᠡᠯ ᠪᠣᠯᠤᠨ᠎ᠠ ᠂ ᠡᠨᠡ ᠬᠠᠶᠢᠷᠴᠠᠭ ᠡᠮ ᠤᠨ ᠮᠥᠷᠳᠡᠬᠦ ᠺᠣᠳ᠋ ᠨᠢ ᠪᠤᠰᠤᠳ ᠡᠮ ᠤᠨ ᠵᠦᠢᠯᠡᠰ ᠂ ᠢᠵᠢᠯ ᠲᠡᠮᠳᠡᠭᠲᠦ ᠢᠵᠢᠯ ᠬᠡᠮᠵᠢᠶ᠎ᠡ ᠲᠠᠢ ᠪᠣᠰᠣᠳ ᠬᠠᠶᠢᠷᠴᠠᠭ ᠡᠮ ᠤᠨ ᠺᠣᠳ᠋ ᠲᠠᠢ ᠪᠦᠷ ᠣᠨᠳᠣᠣ ᠪᠠᠶᠢᠳᠠᠭ ᠂ ᠡᠨᠡ ᠬᠦ ᠬᠠᠶᠢᠷᠴᠠᠭ ᠡᠮ ᠤᠨ ᠭᠠᠷᠤᠯ ᠤᠨ ᠴᠤᠷ ᠤᠨ ᠭᠠᠭᠴᠠ ᠭᠡᠷᠡᠴᠢ ᠪᠠᠷᠢᠮᠲᠠ ᠨᠢ ᠡᠮ ᠤᠨ ᠬᠠᠶᠢᠷᠴᠠᠭ ᠳᠡᠭᠡᠷ᠎ᠡ ᠳᠠᠷᠤᠮᠠᠯᠯᠠᠭᠰᠠᠨ ᠮᠥᠷᠳᠡᠬᠦ ᠺᠣᠳ᠋ ᠪᠠᠶᠢᠵᠤ ᠂ ᠬᠠᠷᠢᠨ ᠡᠮ ᠬᠤᠳᠠᠯᠳᠤᠨ ᠠᠪᠤᠭᠰᠠᠨ ᠪᠠᠷᠢᠮᠲᠠ ᠪᠤᠶᠤ ᠵᠢᠵᠢᠭ ᠫᠢᠶᠣᠣ ᠂ ᠡᠰᠡᠬᠦᠯ᠎ᠡ ᠸᠢᠴᠠᠲ ᡁᠢ ᠹᠦ᠋ ᠪᠣᠤ ᠪᠠᠷ ᠲᠣᠭᠠᠴᠠᠭ᠎ᠠ ᠬᠢᠭᠰᠡᠨ ᠲᠡᠮᠳᠡᠭᠯᠡᠯ ᠪᠢᠰᠢ ᠭᠡᠳᠡᠭ ᠢ ᠠᠩᠬᠠᠷᠤᠭᠠᠷᠠᠢ ᠃ ᠣᠳᠣ ᠠᠴᠠ ᠡᠨᠡ ᠵᠢᠯ ᠤᠨ ᠵᠢᠯ ᠤᠨ ᠡᠴᠦᠰ ᠪᠣᠯᠲᠠᠯ᠎ᠠ ᠂ ᠲᠠ ᠡᠮ ᠤᠨ ᠳᠡᠯᠭᠡᠭᠦᠷ ᠲᠤ ᠨᠢᠭᠡ ᠪᠦᠯᠦᠭ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠡᠮ ᠤᠨ ᠮᠥᠷᠳᠡᠬᠦ ᠺᠣᠳ᠋ ᠪᠠᠶᠢᠬᠤ ᠦᠭᠡᠢ ᠪᠠᠶᠢᠳᠠᠯ ᠲᠠᠢ ᠲᠠᠭᠠᠷᠠᠯᠳᠤᠵᠤ ᠮᠡᠳᠡᠨ᠎ᠡ ᠂ ᠭᠡᠬᠦ ᠳᠤ ᠪᠠᠨ ᠣᠳᠣᠬᠠᠨ ᠳᠤ ᠳᠤᠮᠳᠠᠳᠤ ᠤᠯᠤᠰ ᠲᠤ ᠳᠠᠯᠠᠨ ᠲᠦᠮᠡᠨ ᠡᠮ ᠤᠨ ᠳᠡᠯᠭᠡᠭᠦᠷ ᠲᠠᠢ ᠂ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠡᠮ ᠤᠨ ᠳᠡᠯᠭᠡᠭᠦᠷ ᠳᠥᠴᠢᠨ ᠲᠦᠮᠡ ᠶᠢ ᠳᠠᠪᠠᠵᠤ ᠂ ᠮᠥᠷᠳᠡᠬᠦ ᠺᠣᠳ᠋ ᠲᠠᠢ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠬᠡᠮᠵᠢᠶ᠎ᠡ ᠲᠤᠭ᠎ᠠ ᠦᠭᠡᠢ ᠣᠯᠠᠨ ᠪᠠᠶᠢᠵᠤ ᠂ ᠵᠢᠯ ᠪᠦᠷᠢ ᠲᠤᠯᠤᠭᠠᠨ ᠵᠠᠭᠤᠨ ᠳ᠋ᠦᠩᠰᠢᠭᠤᠷ ᠬᠠᠶᠢᠷᠴᠠᠭ ᠤᠨ ᠪᠣᠷᠣᠯᠠᠭᠤᠯᠤᠯᠲᠠ ᠶᠢᠨ ᠬᠡᠮᠵᠢᠶ᠎ᠡ ᠲᠠᠢ ᠣᠶᠢᠷᠠᠲᠤᠵᠤ ᠂ ᠠᠳᠠᠯᠢ ᠦᠢᠯᠡᠳᠦᠯ ᠴᠢᠳᠠᠪᠤᠷᠢ ᠲᠠᠢ ᠡᠮ ᠤᠨ ᠵᠦᠢᠯ ᠶᠡᠷᠦ ᠨᠢ ᠮᠠᠰᠢ ᠣᠯᠠᠨ ᠪᠠᠶᠢᠳᠠᠭ ᠂ ᠲᠠ ᠡᠨᠡ ᠡᠮ ᠤᠨ ᠳᠡᠯᠭᠡᠭᠦᠷ ᠠᠴᠠ ᠡᠨᠡ ᠵᠦᠢᠯ ᠤᠨ ᠮᠥᠷᠳᠡᠬᠦ ᠺᠣᠳ᠋ ᠪᠠᠶᠢᠬᠤ ᠦᠭᠡᠢ ᠡᠮ ᠢ ᠠᠪᠬᠤ ᠴᠢᠬᠤᠯᠠᠲᠠᠢ ᠤᠤ︖ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠪᠡᠯ ᠂ 2026 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠂ ᠠᠯᠢᠪᠠ ᠪᠣᠷᠣᠯᠠᠭᠤᠯᠵᠤ ᠪᠠᠶᠢᠭ᠎ᠠ ᠡᠮ ᠤᠨ ᠵᠦᠢᠯ ᠳᠤ ᠴᠥᠮ ᠡᠷᠬᠡᠪᠰᠢ ᠮᠥᠷᠳᠡᠬᠦ ᠺᠣᠳ᠋ ᠢ ᠳᠠᠭᠠᠭᠤᠯᠬᠤ ᠬᠡᠷᠡᠭᠲᠡᠢ ᠪᠣᠯᠪᠠ ᠂ ᠡᠨᠡ ᠨᠢ ᠳᠠᠷᠠᠭ᠎ᠠ ᠵᠢᠯ ᠠᠴᠠ ᠡᠬᠢᠯᠡᠨ ᠂ ᠲᠡᠳᠡᠭᠡᠷ ᠮᠥᠷᠳᠡᠬᠦ ᠺᠣᠳ᠋ ᠪᠠᠶᠢᠬᠤ ᠦᠭᠡᠢ ᠡᠮ ᠤᠨ ᠵᠦᠢᠯ ᠢ ᠲᠠ ᠨᠠᠷᠢᠨ ᠨᠢᠮᠪᠠᠢ ᠦᠵᠡᠬᠦ ᠬᠡᠷᠡᠭᠲᠡᠢ ᠪᠣᠯᠬᠤ ᠪᠣᠯᠣᠨ᠎ᠠ ︕
六要六不要1.jpg
  ᠠᠳᠡ ᠲᠣᠳᠣᠷᠬᠠᠶᠢᠯᠠᠬᠤ ᠴᠢᠬᠤᠯᠠ ᠲᠠᠢ ᠵᠦᠢᠯ ᠭᠡᠪᠡᠯ ᠂ ᠡᠮᠨᠡᠯᠭᠡ ᠳᠤ ᠰᠠᠭᠤᠵᠤ ᠵᠠᠷᠤᠬᠤ ᠰᠤᠯᠠ ᠡᠮ ᠤᠨ ᠵᠦᠢᠯ ᠂ ᠬᠢᠲᠠᠳ ᠡᠮ ᠤᠨ ᠴᠢᠨᠠᠬᠤ ᠡᠮ ᠪᠠ ᠬᠢᠲᠠᠳ ᠡᠮ ᠤᠨ ᠮᠦᠬᠦᠯᠢᠭᠲᠦ ᠡᠮ ᠳᠤ ᠣᠳᠣᠬᠠᠨ ᠳᠤ ᠲᠦᠷ ᠴᠠᠭ ᠮᠥᠷᠳᠡᠬᠦ ᠺᠣᠳ᠋ ᠬᠡᠷᠡᠭᠯᠡᠬᠦ ᠶᠢ ᠱᠠᠭᠠᠷᠳᠠᠭᠰᠠᠨ ᠦᠭᠡᠢ ᠃ ᠳᠣᠷᠣᠭᠰᠢ ᠪᠠᠨ ᠠᠳᠠᠯᠢ ᠃  ᠬᠤᠶᠠᠷ ᠂ ᠺᠣᠳ᠋ ᠢ ᠰᠢᠷᠪᠢᠬᠦ ᠬᠡᠷᠡᠭᠲᠡᠢ  ᠬᠤᠶᠠᠷ ᠲᠤ ᠂ ᠺᠣᠳ᠋ ᠢ ᠰᠢᠷᠪᠢᠬᠦ ᠬᠡᠷᠡᠭᠲᠡᠢ ᠃ ᠡᠮ ᠤᠨ ᠵᠣᠭᠤᠰ ᠢ ᠳ᠋ᠦᠩᠨᠡᠨ ᠪᠣᠳᠣᠬᠤ ᠳᠤ ᠪᠠᠨ ᠡᠮ ᠬᠤᠳᠠᠯᠳᠤᠭᠴᠢ ᠠᠴᠠ ᠡᠨᠡ ᠬᠦ ᠬᠠᠶᠢᠷᠴᠠᠭ ᠡᠮ ᠤᠨ ᠮᠥᠷᠳᠡᠬᠦ ᠺᠣᠳ᠋ ᠢ ᠰᠢᠷᠪᠢᠵᠦ ᠂ ᠡᠮ ᠬᠤᠳᠠᠯᠳᠤᠭᠴᠢ ᠪᠣᠶᠤ ᠲᠡᠭᠦᠨ ᠢᠶᠠᠷ ᠪᠤᠰᠤᠳ ᠡᠮ ᠤᠨ ᠮᠥᠷᠳᠡᠬᠦ ᠺᠣᠳ᠋  ᠢ ᠰᠢᠷᠪᠢᠭᠦᠯᠵᠦ ᠪᠣᠯᠬᠤ ᠦᠭᠡᠢ ᠃ ᠮᠥᠷᠳᠡᠬᠦ ᠺᠣᠳ᠋ ᠢ ᠰᠢᠷᠪᠢᠵᠦ ᠪᠣᠷᠤᠯᠠᠭᠤᠯᠤᠮᠠᠭᠴᠠ ᠳ᠋ᠠᠶᠢᠲ᠋ᠠ ᠨᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳ᠋ᠠᠶᠢᠲ᠋ᠠ ᠬᠥᠮᠥᠷᠭᠡ ᠳᠤ ᠣᠷᠣᠨ᠎ᠠ ᠃ ᠡᠮ ᠬᠤᠳᠠᠯᠳᠤᠭᠴᠢ ᠡᠨᠡ ᠬᠦ ᠬᠠᠶᠢᠷᠴᠠᠭ ᠡᠮ ᠢ ᠬᠤᠳᠠᠯᠳᠤᠪᠠᠯ ᠂ ᠡᠨᠡ ᠬᠠᠶᠢᠷᠴᠠᠭ ᠡᠮ ᠤᠨ ᠮᠥᠷᠳᠡᠬᠦ ᠺᠣᠳ᠋ ᠢ ᠰᠢᠷᠪᠢᠬᠦ ᠬᠡᠷᠡᠭᠲᠡᠢ ᠪᠠᠶᠢᠵᠤ ᠂ ᠬᠡᠷᠪᠡ ᠪᠤᠰᠤᠳ ᠡᠮ ᠤᠨ ᠵᠦᠢᠯ ᠤᠨ ᠮᠥᠷᠳᠡᠬᠦ ᠺᠣᠳ᠋ ᠢ ᠵᠣᠷᠢᠭᠤᠳᠠ ᠰᠢᠷᠪᠢᠬᠦ ᠪᠤᠶᠤ ᠡᠰᠡᠬᠦᠯ᠎ᠡ ᠮᠥᠷᠳᠡᠬᠦ ᠺᠣᠳ᠋ ᠢ ᠵᠣᠷᠢᠭᠤᠳᠠ ᠰᠢᠷᠪᠢᠬᠦ ᠦᠭᠡᠢ ᠪᠠᠶᠢᠪᠠᠯ ᠡᠨᠡ ᠬᠠᠶᠢᠷᠴᠠᠭ ᠡᠮ ᠳᠤ ᠠᠰᠠᠭᠤᠳᠠᠯ ᠲᠠᠢ ᠪᠠᠶᠢᠵᠤ ᠮᠡᠳᠡᠨ᠎ᠡ ᠂ ᠶᠠᠭ ᠪᠤᠰᠤᠳ ᠮᠥᠷᠳᠡᠬᠦ ᠺᠣᠳ᠋ ᠢᠶᠠᠷ ᠬᠠᠯᠬᠠᠯᠠᠬᠤ ᠪᠤᠶᠤ ᠬᠤᠶᠠᠳᠠᠬᠢ ᠤᠳᠠᠭ᠎ᠠ ᠪᠣᠷᠣᠯᠠᠭᠤᠯᠵᠤ ᠪᠠᠶᠢᠭ᠎ᠠ ᠣᠷᠣᠮ ᠢᠶᠠᠨ ᠨᠢᠭᠤᠨ ᠳᠠᠯᠳᠠᠯᠠᠬᠤ ᠪᠠᠷ ᠣᠷᠣᠯᠳᠣᠵᠣ ᠪᠣᠢ ᠃ ᠣᠨᠴᠠ ᠵᠠᠷᠢᠮ ᠬᠠᠤᠯᠢ ᠲᠣᠭᠲᠠᠭᠠᠯ ᠠᠴᠠ ᠵᠥᠷᠢᠴᠡᠭᠰᠡᠨ ᠡᠮ ᠤᠨ ᠳᠡᠯᠭᠡᠭᠦᠷ ᠪᠠ ᠡᠮᠴᠢᠯᠡᠭᠡᠨ ᠤ ᠭᠠᠵᠠᠷ ᠨᠢ ᠦᠷᠭᠦᠯᠵᠢ ᠡᠶᠢᠮᠦᠷᠬᠦᠦ ᠠᠷᠭ᠎ᠠ ᠪᠠᠷᠢᠯ ᠢᠶᠠᠷ ᠪᠤᠴᠠᠯ ᠡᠮ ᠢ ᠰᠣᠯᠢᠬᠤ ᠪᠤᠶᠤ ᠪᠣᠷᠣᠯᠠᠭᠤᠯᠵᠤ ᠂ ᠵᠠᠷᠢᠮ ᠳᠤ ᠪᠠᠨ ᠡᠮ ᠤᠨ ᠵᠦᠢᠯ ᠤᠨ ᠺᠣᠳ᠋ ᠢ ᠰᠢᠷᠪᠢᠬᠦ ᠳᠤ ᠲᠤᠲᠤᠷᠭ᠎ᠠ ᠪᠤᠶᠤ ᠭᠡᠵᠢᠭᠡᠨ ᠤᠭᠢᠶᠠᠯᠭ᠎ᠠ ᠬᠦᠷᠭᠡᠵᠦ ᠂ ᠡᠨᠡ ᠬᠠᠶᠢᠷᠴᠠᠭ ᠡᠮ ᠢ ᠬᠤᠳᠠᠯᠳᠤᠬᠤ ᠦᠶ᠎ᠡ ᠳᠤ ᠂ ᠬᠡᠷᠪᠡ ᠬᠡᠷᠡᠭᠯᠡᠭᠴᠢ ᠴᠢᠩᠭ᠎ᠠ ᠠᠵᠢᠭᠯᠠᠪᠠᠯ ᠂ ᠵᠥᠪᠬᠡᠨ ᠪᠤᠰᠤᠳ ᠡᠮ ᠤᠨ ᠮᠥᠷᠳᠡᠬᠦ ᠺᠣᠳ᠋ ᠢ ᠰᠢᠷᠪᠢᠵᠦ ᠣᠷᠤᠯᠠᠭᠤᠯᠬᠤ ᠪᠣᠶᠤ ᠮᠥᠷᠳᠡᠬᠦ ᠺᠣᠳ᠋ ᠢ ᠰᠢᠷᠪᠢᠬᠦ ᠦᠭᠡᠢ ᠪᠠᠶᠢᠳᠠᠭ ᠃
六要六不要2.png
  ᠭᠤᠷᠪᠠ ᠂ ᠬᠤᠳᠠᠯᠳᠤᠨ ᠠᠪᠤᠭᠰᠠᠨ ᠪᠠᠷᠢᠮᠲᠠ ᠪᠠᠨ ᠠᠪᠬᠤ ᠬᠡᠷᠡᠭᠲᠡᠢ  ᠭᠤᠷᠪᠠ ᠳᠤ ᠂ ᠬᠤᠳᠠᠯᠳᠤᠨ ᠠᠪᠤᠭᠰᠠᠨ ᠪᠠᠷᠢᠮᠲᠠ ᠪᠠᠨ ᠠᠪᠬᠤ ᠬᠡᠷᠡᠭᠲᠡᠢ ᠃ ᠬᠤᠳᠠᠯᠳᠤᠨ ᠠᠪᠤᠭᠰᠠᠨ ᠪᠠᠷᠢᠮᠲᠠ ᠪᠠᠨ ᠠᠪᠬᠤ ᠶᠢᠨ ᠲᠤᠯᠠᠳᠠ ᠮᠢᠩᠭ᠋᠎ᠠ ᠭᠠᠷᠤᠢ ᠲᠥᠭᠦᠷᠢᠭ ᠤᠨ ᠲᠥᠯᠥᠪᠦᠷᠢ ᠠᠴᠠ ᠪᠢᠲᠡᠭᠡᠢ ᠴᠥᠬᠦᠷᠡ ᠃ ᠡᠨᠡ ᠵᠢᠯ ᠤᠨ ᠵᠢᠯ ᠤᠨ ᠡᠴᠦᠰ ᠠᠴᠠ ᠡᠮᠦᠨ᠎ᠡ ᠂ ᠡᠮ ᠬᠤᠳᠠᠯᠳᠤᠨ ᠠᠪᠤᠭᠠᠳ ᠬᠤᠳᠠᠯᠳᠤᠨ ᠠᠪᠤᠭᠰᠠᠨ ᠪᠠᠷᠢᠮᠲᠠ ᠪᠠᠨ ᠠᠪᠤᠭᠠᠳ ᠭᠡᠷ ᠲᠤ ᠪᠠᠨ ᠬᠠᠷᠢᠭᠰᠠᠨ ᠤ ᠳᠠᠷᠠᠭ᠎ᠠ ᠂ ᠲᠠ ᠵᠠᠪ ᠭᠠᠷᠭᠠᠵᠤ ᠡᠮ ᠤᠨ ᠬᠠᠶᠢᠷᠴᠠᠭ ᠳᠡᠭᠡᠷᠡᠬᠢ ᠡᠮ ᠤᠨ ᠨᠡᠷᠡᠶᠢᠳᠦᠯ ᠢ ᠬᠤᠳᠠᠯᠳᠤᠨ ᠠᠪᠤᠭᠰᠠᠨ ᠪᠠᠷᠢᠮᠲᠠ ᠳᠡᠭᠡᠷᠡᠬᠢ ᠡᠮ ᠤᠨ ᠨᠡᠷᠡᠶᠢᠳᠦᠯ ᠲᠠᠢ ᠠᠳᠠᠯᠢᠳᠬᠠᠭᠠᠳ ᠭᠠᠷ ᠤᠲᠠᠰᠤ ᠪᠠᠷ ᠢᠶᠠᠨ ᠰᠡᠭᠦᠳᠡᠷᠯᠡᠭᠡᠳ ᠦᠯᠡᠳᠡᠭᠡᠨ ᠬᠠᠳᠠᠭᠠᠯᠠᠵᠤ ᠂ ᠬᠤᠳᠠᠯᠳᠤᠨ ᠠᠪᠤᠭᠰᠠᠨ ᠪᠠᠷᠢᠮᠲᠠ ᠶᠢᠨ ᠬᠠᠯᠠᠭᠤᠨ ᠰᠣᠷᠭᠤᠭ ᠴᠠᠭᠠᠰᠤ ᠶᠢᠨ ᠴᠠᠭ ᠨᠢ ᠤᠷᠲᠤᠰᠤᠭᠠᠳ ᠦᠰᠦᠭ ᠨᠢ ᠪᠠᠯᠠᠷᠬᠠᠶᠢᠰᠢᠬᠤ ᠠᠴᠠ ᠰᠡᠷᠭᠡᠶᠢᠯᠡᠨ᠎ᠡ ᠃ 2026 ᠣᠨ ᠠᠴᠠ ᠡᠬᠢᠯᠡᠨ ᠂ ᠤᠯᠤᠰ ᠠᠴᠠ ᠡᠮ ᠬᠤᠳᠠᠯᠳᠤᠭᠰᠠᠨ ᠪᠠᠷᠢᠮᠲᠠ ᠪᠤᠶᠤ ᠪᠠᠷᠢᠮᠲᠠ ᠳᠡᠭᠡᠷᠡᠬᠢ ᠮᠥᠷᠳᠡᠬᠦ ᠺᠣᠳ᠋ ᠢ ᠲᠤᠳᠤᠷᠬᠠᠶᠢᠯᠠᠬᠤ ᠶᠢ ᠱᠠᠭᠠᠷᠳᠠᠬᠤ ᠪᠣᠯᠣᠨ᠎ᠠ ᠂ ᠢᠩᠬᠢᠪᠡᠯ ᠲᠠᠨ ᠳᠤ ᠮᠠᠰᠢ ᠳᠦᠭᠦᠮ ᠪᠣᠯᠬᠤ ᠪᠣᠯᠣᠨ᠎ᠠ ᠃ ᠬᠤᠳᠠᠯᠳᠤᠨ ᠠᠪᠤᠭᠰᠠᠨ ᠪᠠᠷᠢᠮᠲᠠ ᠶᠢ ᠶᠠᠭᠤᠨ ᠳᠤ ᠵᠠᠪᠠᠯ ᠬᠠᠳᠠᠭᠠᠯᠠᠬᠤ ᠴᠢᠬᠤᠯᠠ ᠲᠠᠢ ᠪᠣᠢ ︖ ᠡᠨᠡ ᠨᠢ ᠳᠠᠷᠠᠭᠠᠴᠢ ᠶᠢᠨ ᠠᠯᠬᠤᠮ ᠳᠤ ᠬᠡᠷᠪᠡ ᠠᠰᠠᠭᠤᠳᠠᠯ ᠢᠯᠡᠷᠡᠪᠡᠯ ᠭᠡᠷᠡᠴᠢ ᠪᠠᠷᠢᠮᠲᠠ ᠶᠢ ᠦᠯᠡᠳᠡᠭᠡᠵᠦ ᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠤᠯᠬᠤ ᠶᠢᠨ ᠲᠥᠯᠥᠭᠡ ᠶᠤᠮ ᠃
六要六不要3.png
  ᠲᠦᠷᠪᠡ ᠂ ᠺᠤᠳ᠋ ᠢ ᠰᠢᠯᠭᠠᠬᠤ ᠬᠡᠷᠡᠭᠲᠡᠢ  ᠲᠦᠷᠪᠡ ᠳᠤ ᠂ ᠺᠤᠳ᠋ ᠢ ᠰᠢᠯᠭᠠᠬᠤ ᠬᠡᠷᠡᠭᠲᠡᠢ ᠃ ᠺᠣᠳ᠋ ᠰᠢᠯᠭᠠᠬᠤ ᠳᠠᠳᠬᠠᠯ ᠢ ᠪᠣᠢ ᠪᠣᠯᠭᠠᠵᠤ ᠂ ᠪᠤᠴᠠᠯ ᠡᠮ ᠢ ᠬᠤᠳᠠᠯᠳᠤᠨ ᠠᠪᠬᠤ ᠠᠴᠠ ᠰᠡᠷᠭᠡᠶᠢᠯᠡᠨ᠎ᠡ ᠃
六要六不要4.png
  ᠲᠠᠪᠤ ᠂ ᠲᠦᠯᠦᠪᠦᠷᠢ ᠠᠪᠬᠤ ᠬᠡᠷᠡᠭᠲᠡᠢ  ᠲᠠᠪᠤ ᠳᠤ ᠂ ᠲᠦᠯᠦᠪᠦᠷᠢ ᠠᠪᠬᠤ ᠬᠡᠷᠡᠭᠲᠡᠢ ᠃ ᠪᠤᠴᠠᠯ ᠡᠮ ᠬᠤᠳᠠᠯᠳᠤᠵᠤ ᠠᠪᠤᠭᠰᠠᠨ ᠢᠶᠠᠨ ᠮᠡᠳᠡᠪᠡᠯ ᠂ ᠲᠦᠯᠦᠪᠦᠷᠢ ᠵᠠᠪᠠᠯ ᠠᠪᠴᠤ ᠂ ᠬᠠᠤᠯᠢ ᠶᠣᠰᠣᠨ ᠤ ᠡᠷᠬᠡ ᠠᠰᠢᠭ ᠢᠶᠠᠨ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠃ ᠠᠳᠡ ᠡᠮ ᠤᠨ ᠮᠥᠷᠳᠡᠬᠦ ᠺᠣᠳ᠋ ᠢ ᠰᠢᠷᠪᠢᠭᠰᠡᠨ ᠤ ᠳᠠᠷᠠᠭ᠎ᠠ ᠢᠯᠡᠷᠡᠵᠦ ᠮᠡᠳᠡᠬᠦ 4 ᠵᠦᠢᠯ ᠤᠨ ᠪᠠᠶᠢᠳᠠᠯ ᠢ ᠲᠠᠨᠢᠯᠴᠠᠭᠤᠯᠤᠶ᠎ᠠ ᠃
六要六不要5.png
  ᠪᠠᠶᠢᠳᠠᠯ 1 ᠄ ︽ᠦᠢᠯᠡᠳᠭᠦᠨ ᠤ ᠪᠣᠷᠣᠯᠠᠭᠤᠯᠭ᠎ᠠ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠣᠯᠣᠭᠰᠠᠨ ᠦᠭᠡᠢ︾ ᠂ ᠬᠤᠶᠠᠷ ᠡᠳᠦᠷ ᠤᠨ ᠳᠠᠷᠠᠭ᠎ᠠ ᠳᠠᠬᠢᠨᠲᠠ ᠺᠣᠳ᠋ ᠰᠢᠷᠪᠢᠬᠦ ᠶᠢ ᠰᠠᠨᠠᠭᠤᠯᠵᠤ ᠂ ᠬᠡᠷᠪᠡ ᠪᠠᠰᠠ ᠢᠯᠡᠷᠡᠭᠰᠡᠨ ᠥᠬᠡᠶ ᠪᠣᠯ ᠬᠤᠳᠠᠯᠳᠤᠬᠤ ᠪᠠᠶᠢᠭᠤᠯᠤᠮᠵᠢ ᠲᠣᠰ ᠬᠠᠶᠢᠷᠴᠠᠭ ᠡᠮ ᠤᠨ ᠳᠡᠭᠡᠷᠡᠬᠢ ᠮᠥᠷᠳᠡᠬᠦ ᠺᠣᠳ᠋ ᠢ ᠰᠢᠷᠪᠢᠭᠰᠡᠨ ᠦᠭᠡᠢ ᠪᠠᠶᠢᠵᠤ ᠬᠤᠳᠠᠯᠳᠤᠬᠤ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠰᠬᠠᠵᠤ ᠪᠣᠯᠤᠨ᠎ᠠ ᠃
六要六不要6.png
  ᠪᠠᠶᠢᠳᠠᠯ 2᠄ ︽ ᠵᠥᠪᠬᠡᠨ 1 ᠤᠳᠠᠭ᠎ᠠ ᠪᠤᠷᠤᠯᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ        ᠣᠯᠪᠠ ︾ ᠂ ᠬᠡᠷᠪᠡ ᠲᠤᠰ ᠬᠥᠮᠦᠨ ᠬᠤᠳᠠᠯᠳᠤᠨ ᠠᠪᠤᠭᠰᠠᠨ ᠪᠠᠶᠢᠪᠠᠯ ᠂ ᠲᠣᠰ ᠡᠮ ᠤᠨ ᠵᠦᠢᠯ ᠨᠢ ᠬᠠᠤᠯᠢ ᠲᠣᠭᠲᠠᠭᠠᠯ ᠳᠤ ᠨᠡᠶᠢᠴᠡᠬᠦ ᠶᠢ ᠲᠣᠳᠣᠷᠬᠠᠶᠢᠯᠠᠨ᠎ᠠ ᠃
六要六不要7.png
  ᠪᠠᠶᠢᠳᠠᠯ 3᠄ ︽ ᠵᠥᠪᠬᠡᠨ 1 ᠤᠳᠠᠭ᠎ᠠ ᠪᠤᠷᠤᠯᠠᠭᠤᠯᠤᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠣᠯᠪᠠ ︾ ᠂ ᠬᠡᠷᠪᠡ ᠲᠣᠰ ᠬᠥᠮᠦᠨ ᠬᠤᠳᠠᠯᠳᠤᠨ ᠠᠪᠤᠭᠰᠠᠨ ᠦᠭᠡᠢ ᠪᠣᠯ ᠲᠣᠰ ᠡᠮ ᠤᠨ ᠵᠦᠢᠯ ᠢ ᠡᠭᠦᠨ ᠠᠴᠠ ᠡᠮᠦᠨ᠎ᠡ ᠨᠢᠭᠡᠨᠲᠡ ᠬᠤᠳᠠᠯᠳᠤᠭᠰᠠᠨ ᠢ ᠬᠠᠷᠠᠭᠤᠯᠵᠤ ᠂ ︽ᠪᠤᠴᠠᠯ ᠡᠮ ︾ ᠂ ︽ ᠰᠣᠯᠢᠭᠰᠠᠨ ᠡᠮ︾ ᠪᠤᠶᠤ ᠬᠠᠭᠤᠷᠮᠠᠭ ᠡᠮ ᠪᠠᠶᠢᠬᠤ ᠪᠣᠯᠣᠮᠵᠢ ᠲᠠᠢ ᠪᠠᠶᠢᠵᠤ ᠂ ᠬᠡᠷᠡᠭᠯᠡᠭᠴᠢᠳ ᠢᠯᠡᠴᠢᠯᠡᠨ ᠮᠡᠳᠡᠭᠦᠯᠬᠦ ᠶᠢᠨ ᠬᠠᠮᠲᠤ ᠬᠤᠳᠠᠯᠳᠤᠭᠰᠠᠨ ᠪᠠᠶᠢᠭᠤᠯᠤᠮᠵᠢ ᠠᠴᠠ ᠲᠥᠯᠥᠪᠦᠷᠢ ᠠᠪᠴᠤ ᠪᠣᠯᠤᠨ᠎ᠠ ᠃
六要六不要8.png
  ᠪᠠᠶᠢᠳᠠᠯ 4᠄ ︽2 ᠤᠳᠠᠭ᠎ᠠ ᠵᠢᠴᠢ ᠲᠡᠭᠦᠨ ᠠᠴᠠ ᠣᠯᠠᠨ ᠪᠣᠷᠤᠯᠠᠭᠤᠯᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠣᠯᠪᠠ︾ ᠂ ᠲᠣᠰ ᠡᠮ ᠤᠨ ᠵᠦᠢᠯ ᠢ ᠡᠭᠦᠨ ᠠᠴᠠ ᠡᠮᠦᠨ᠎ᠡ ᠨᠢᠭᠡᠨᠲᠡ ᠬᠤᠳᠠᠯᠳᠤᠭᠰᠠᠨ ᠢ ᠬᠠᠷᠠᠭᠤᠯᠵᠤ ᠂ ︽ᠪᠤᠴᠠᠯ ᠡᠮ︾ ᠂ ︽ᠰᠣᠯᠢᠭᠰᠠᠨ ᠡᠮ︾ ᠪᠤᠶᠤ ᠬᠠᠭᠤᠷᠮᠠᠭ ᠡᠮ ᠪᠠᠶᠢᠬᠤ ᠪᠣᠯᠣᠮᠵᠢ ᠲᠠᠢ ᠪᠠᠶᠢᠵᠤ ᠂ ᠬᠡᠷᠡᠭᠯᠡᠭᠴᠢᠳ ᠢᠯᠡᠴᠢᠯᠡᠨ ᠮᠡᠳᠡᠭᠦᠯᠬᠦ ᠶᠢᠨ ᠬᠠᠮᠲᠤ ᠬᠤᠳᠠᠯᠳᠤᠭᠰᠠᠨ ᠪᠠᠶᠢᠭᠤᠯᠤᠮᠵᠢ ᠠᠴᠠ ᠲᠥᠯᠥᠪᠦᠷᠢ ᠠᠪᠴᠤ ᠪᠣᠯᠤᠨ᠎ᠠ ᠃  ᠬᠡᠷᠪᠡ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠭᠠᠳᠠᠨᠠᠬᠢ ᠵᠥᠭᠡᠯᠡᠨ ᠲᠣᠨᠤᠭ ᠪᠤᠶᠤ APP ᠢᠶᠠᠷ ᠡᠮ ᠤᠨ ᠵᠦᠢᠯ ᠤᠨ ᠮᠥᠷᠳᠡᠬᠦ ᠺᠣᠳ᠋ ᠢ ᠰᠢᠷᠪᠢᠭᠡᠳ ᠣᠯᠣᠭᠰᠠᠨ ᠮᠡᠳᠡᠭᠡ ᠵᠠᠩᠭᠢ ᠨᠢ ᠲᠤᠰ ᠡᠮ ᠤᠨ ᠵᠦᠢᠯ ᠤᠨ ᠡᠮᠴᠢᠯᠡᠭᠡᠨ ᠤ ᠳᠠᠭᠠᠳᠬᠠᠯ ᠢ ᠳ᠋ᠦᠩᠨᠡᠨ ᠪᠣᠳᠣᠬᠤ ᠮᠡᠳᠡᠭᠡ ᠵᠠᠩᠭᠢ ᠪᠢᠰᠢ ᠪᠠᠶᠢᠪᠠᠯ ᠳᠡᠭᠡᠷ᠎ᠡ ᠳᠤᠷᠠᠳᠤᠭᠰᠠᠨ ᠠᠷᠭ᠎ᠠ ᠪᠠ ᠳ᠋ᠦᠩᠨᠡᠯᠲᠡ ᠳᠤ ᠲᠣᠬᠢᠷᠠᠬᠤ ᠦᠭᠡᠢ ᠭᠡᠳᠡᠭ ᠢ ᠣᠨᠴᠠᠭᠠᠶᠢᠯᠠᠨ ᠲᠤᠳᠤᠷᠬᠠᠶᠢᠯᠠᠶ᠎ᠠ ᠃  ᠵᠢᠷᠭᠤᠭ᠎ᠠ ᠂ ᠺᠣᠳ᠋ ᠢ ᠤᠰᠠᠳᠬᠠᠬᠤ ᠬᠡᠷᠡᠭᠲᠡᠢ  ᠵᠢᠷᠭᠤᠭ᠎ᠠ ᠳᠤ ᠂ ᠺᠣᠳ᠋ ᠢ ᠤᠰᠠᠳᠬᠠᠬᠤ ᠬᠡᠷᠡᠭᠲᠡᠢ ᠃ ᠡᠮ ᠢᠶᠠᠨ ᠤᠤᠭᠤᠵᠤ ᠪᠠᠷᠠᠭᠰᠠᠨ ᠤ ᠳᠠᠷᠠᠭ᠎ᠠ ᠂ ᠬᠤᠭᠤᠰᠣᠨ ᠡᠮ ᠤᠨ ᠬᠠᠶᠢᠷᠴᠠᠭ ᠢᠶᠠᠨ ᠲᠣᠬᠢᠲᠠᠢ ᠰᠢᠢᠳᠪᠦᠷᠢᠯᠡᠭᠡᠷᠡᠢ ᠂ ᠡᠮ ᠤᠨ ᠬᠠᠶᠢᠷᠴᠠᠭ ᠢᠶᠠᠨ ᠤᠷᠠᠵᠤ ᠬᠠᠶᠠᠬᠤ ᠶᠢ ᠰᠠᠨᠠᠭᠤᠯᠤᠨ ᠂ ᠣᠨᠴᠠᠭᠠᠶᠢᠯᠠᠨ ᠬᠤᠭᠤᠰᠤᠨ ᠡᠮ ᠤᠨ ᠬᠠᠶᠢᠷᠴᠠᠭ ᠳᠡᠭᠡᠷᠡᠬᠢ ᠮᠥᠷᠳᠡᠬᠦ ᠺᠣᠳ᠋ ᠢ ᠤᠷᠠᠵᠤ ᠬᠠᠶᠠᠬᠤ ᠶᠢ ᠪᠠᠲᠤᠯᠠᠵᠤ ᠂ ᠮᠠᠭᠤ ᠰᠠᠨᠠᠭ᠎ᠠ ᠲᠠᠢ ᠶᠠᠯᠠᠲᠤ ᠡᠲᠡᠭᠡᠳ ᠤᠨ ᠬᠤᠭᠤᠰᠣᠨ ᠡᠮ ᠤᠨ ᠬᠠᠶᠢᠷᠴᠠᠭ ᠪᠠ ᠮᠥᠷᠳᠡᠬᠦ ᠺᠣᠳ᠋ ᠢ ᠦᠷᠭᠦᠯᠵᠢᠯᠡᠨ ᠬᠤᠯᠠᠭᠠᠶᠢᠯᠠᠨ ᠬᠡᠷᠡᠭᠯᠡᠬᠦ ᠠᠴᠠ ᠰᠡᠷᠭᠡᠶᠢᠯᠡᠬᠦ ᠬᠡᠷᠡᠭᠲᠡᠢ ᠃ ᠤᠤᠭᠤᠵᠤ ᠪᠠᠷᠠᠭᠰᠠᠨ ᠦᠭᠡᠢ ᠡᠮ ᠪᠠ ᠬᠠᠶᠠᠭᠳᠠᠮᠠᠯ ᠡᠮ ᠢᠶᠠᠨ ᠬᠡᠷᠪᠡ ᠴᠠᠭ ᠲᠠᠢ ᠪᠣᠯ ᠦᠷᠡᠯ ᠨᠢᠭᠡᠪᠦᠷᠢ ᠶᠢ ᠠᠪᠴᠤ ᠭᠠᠷᠭᠠᠭᠠᠳ ᠲᠣᠭᠲᠠᠮᠠᠯ ᠬᠤᠣᠷᠲᠤ ᠬᠤᠭ ᠨᠣᠪᠰᠢ ᠴᠤᠭᠯᠠᠭᠤᠯᠬᠤ ᠭᠠᠵᠠᠷ ᠲᠤ ᠬᠠᠶᠠᠵᠤ ᠪᠣᠯᠣᠨ᠎ᠠ ᠃ ᠥᠪᠡᠷ ᠤᠨ ᠡᠮ ᠤᠨ ᠬᠠᠶᠢᠷᠴᠠᠭ ᠪᠤᠶᠤ ᠡᠮ ᠤᠨ ᠵᠦᠢᠯ ᠢᠶᠠᠨ ᠡᠮ ᠤᠨ ᠫᠠᠨᠽᠠᠴᠢᠨ ᠳᠤ ᠶᠠᠭᠠᠬᠢᠭᠰᠠᠨ ᠴᠤ ᠪᠢᠳᠡᠭᠡᠢ ᠬᠤᠳᠠᠯᠳᠤᠵᠤ ᠥᠭᠭᠦᠭᠡᠷᠡᠢ ᠂ ᠡᠰᠡ ᠲᠡᠶᠢᠮᠦ ᠪᠣᠯ ᠨᠢᠭᠡ ᠲᠠᠯ᠎ᠠ ᠪᠠᠷ ᠂ ᠬᠤᠳᠠᠯᠳᠤᠵᠤ ᠭᠠᠷᠭᠠᠭᠰᠠᠨ ᠡᠮ ᠤᠨ ᠵᠦᠢᠯ ᠢᠶᠠᠨ ᠬᠠᠤᠯᠢ ᠪᠤᠰᠤ ᠪᠠᠷ ᠰᠢᠯᠵᠢᠭᠦᠯᠦᠨ ᠬᠤᠳᠠᠯᠳᠤᠭᠰᠠᠨ ᠤ ᠳᠠᠷᠠᠭ᠎ᠠ ᠪᠤᠰᠤᠳ ᠲᠤ ᠬᠤᠣᠷ ᠬᠥᠨᠥᠭᠡᠯ ᠤᠴᠠᠷᠠᠭᠤᠯᠵᠤ ᠂ ᠥᠪᠡᠷ ᠤᠨ ᠭᠡᠷ ᠤᠨ ᠬᠥᠮᠦᠰ ᠢᠶᠠᠨ ᠪᠠᠰᠠ ︽ᠪᠤᠴᠠᠯ ᠡᠮ︾ ︽ᠰᠣᠯᠢᠭᠰᠠᠨ ᠡᠮ︾ ᠪᠤᠶᠤ ᠬᠠᠭᠤᠷᠮᠠᠭ ᠡᠮ ᠬᠤᠳᠠᠯᠳᠤᠨ ᠠᠪᠤᠭᠤᠯᠬᠤ ᠪᠣᠯᠣᠮᠵᠢ ᠲᠠᠢ ︔ ᠨᠥᠭᠦᠭᠡ ᠲᠠᠯ᠎ᠠ ᠪᠠᠷ ᠂ ᠲᠠᠨ ᠤ ᠬᠤᠳᠠᠯᠳᠤᠭᠰᠠᠨ ᠡᠮ ᠤᠨ ᠵᠦᠢᠯ ᠢ ᠬᠠᠤᠯᠢ ᠪᠤᠰᠤ ᠪᠠᠷ ᠰᠢᠯᠵᠢᠭᠦᠯᠦᠨ ᠬᠤᠳᠠᠯᠳᠤᠬᠤ ᠦᠶ᠎ᠡ ᠳᠤ ᠂ ᠪᠤᠰᠤᠳ ᠡᠮ ᠬᠤᠳᠠᠯᠳᠤᠨ ᠠᠪᠤᠭᠴᠢ ᠴᠤ ᠡᠮ ᠤᠨ ᠵᠦᠢᠯ ᠤᠨ ᠮᠥᠷᠳᠡᠬᠦ ᠺᠣᠳ᠋ ᠢ ᠰᠢᠷᠪᠢᠬᠦ ᠪᠠᠷ ᠳᠠᠮᠵᠢᠭᠤᠯᠤᠨ ᠲᠠᠨ ᠤ ᠡᠮ ᠬᠤᠳᠠᠯᠳᠤᠭᠰᠠᠨ ᠦᠢᠯᠡ ᠠᠵᠢᠯᠯᠠᠭ᠎ᠠ ᠶᠢ ᠴᠤ ᠨᠡᠶᠢᠭᠡᠮ ᠨᠡᠶᠢᠲᠡ ᠳᠤ ᠢᠯᠡᠴᠢᠯᠡᠨ ᠮᠡᠳᠡᠭᠦᠯᠵᠦ ᠂ ᠲᠠᠨ ᠤ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠳᠤ ᠯᠤᠲᠤ ᠶᠡᠭᠡ ᠢᠳᠡᠪᠬᠢ ᠪᠣᠰᠣ ᠨᠥᠯᠥᠭᠡ ᠦᠵᠡᠭᠦᠯᠵᠦ ᠂ ᠬᠦᠨᠳᠦ ᠨᠣᠴᠢᠲᠠᠶ ᠪᠠᠶᠢᠪᠠᠯ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠪᠠᠶᠢᠵᠤ ᠂ ᠣᠯᠵᠠ ᠨᠢ ᠭᠠᠷᠤᠵᠠᠨ ᠳᠤ ᠪᠠᠨ ᠬᠦᠷᠬᠦ ᠦᠭᠡᠢ ᠪᠠᠶᠢᠳᠠᠯ ᠡᠭᠦᠰᠬᠦ ᠪᠣᠯᠣᠨ᠎ᠠ ᠃
六要六不要9.png
  ᠠᠳᠡ ᠪᠢᠳᠡ ᠪᠠᠰᠠ ᠲᠣᠰ ᠵᠣᠬᠢᠶᠠᠯ ᠢ ᠦᠵᠡᠭᠰᠡᠨ ᠪᠦᠬᠦᠶᠢᠯᠡ ᠨᠠᠶᠢᠵᠠ ᠨᠠᠷ ᠲᠤ ᠪᠠᠨ ᠲᠠᠨ ᠤ ᠭᠡᠷ ᠪᠦᠯᠢ ᠶᠢᠨ ᠠᠵᠠ ᠵᠢᠷᠭᠠᠯ ᠤᠨ ᠲᠥᠯᠥᠭᠡ ᠂ ᠲᠠᠨ ᠤ ᠬᠠᠤᠯᠢ ᠶᠣᠰᠣᠨ ᠤ ᠡᠷᠬᠡ ᠠᠰᠢᠭ ᠤᠨ ᠲᠦᠯᠦᠭᠡ ᠲᠤᠰ ᠵᠣᠬᠢᠶᠠᠯ ᠢ ᠭᠡᠷ ᠪᠦᠯᠢ ᠶᠢᠨ ᠢᠶᠠᠨ ᠸᠢᠴᠠᠲ ᠬᠤᠯᠪᠣᠭᠠᠨ ᠳᠤ ᠲᠠᠷᠬᠠᠭᠠᠵᠤ ᠂ ᠲᠠᠨ ᠤ ᠭᠡᠷ ᠪᠦᠯᠢ ᠶᠢᠨ ᠬᠢᠨ ᠴᠤ ᠡᠮᠴᠢᠯᠡᠭᠡᠨ ᠤ ᠳᠠᠭᠠᠳᠬᠠᠯ ᠢᠶᠠᠷ ᠡᠮ ᠬᠤᠳᠠᠯᠳᠤᠨ ᠠᠪᠬᠤ ᠳᠤ ︽ᠵᠢᠷᠭᠤᠭ᠎ᠠ ᠶᠢ ᠠᠪᠴᠤ ᠵᠢᠷᠭᠤᠭ᠎ᠠ ᠶᠢ ᠠᠪᠬᠤ ᠦᠭᠡᠢ︾ ᠶᠢ ᠣᠶᠢᠯᠠᠭᠠᠬᠤ ᠶᠢ ᠰᠠᠨᠠᠭᠤᠯᠤᠶ᠎ᠠ ᠃ ᠬᠡᠷᠪᠡ ᠲᠠᠨ ᠤ ᠭᠡᠷ ᠤᠨ ᠬᠥᠮᠦᠰ ᠴᠢᠨᠢ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠦᠭᠡᠢ ᠪᠣᠯ ᠭᠡᠷ ᠤᠨ ᠬᠥᠮᠦᠰ ᠲᠤ ᠪᠠᠨ ᠡᠮ ᠬᠤᠳᠠᠯᠳᠤᠨ ᠠᠪᠬᠤ ᠳᠤ ᠪᠠᠨ ︽ᠵᠢᠷᠭᠤᠭ᠎ᠠ ᠶᠢ ᠠᠪᠴᠤ ᠵᠢᠷᠭᠤᠭ᠎ᠠ ᠶᠢ ᠠᠪᠬᠤ ᠦᠭᠡᠢ︾ ᠪᠣᠳᠠᠲᠠᠶ ᠠᠷᠭ᠎ᠠ ᠪᠠᠷᠢᠯ ᠢ ᠪᠠᠲᠤ ᠬᠡᠷᠡᠭᠯᠡᠬᠦ ᠶᠢ ᠤᠲᠠᠰᠤᠳᠠᠵᠤ ᠬᠡᠯᠡᠵᠦ ᠥᠭᠭᠦᠭᠡᠷᠡᠢ ᠃ ᠪᠢᠳᠡ ᠬᠠᠮᠲᠤ ᠪᠠᠷ ᠬᠥᠳᠡᠯᠦᠯᠴᠡᠵᠦ ᠂ ᠲᠠᠨ ᠤ ᠭᠡᠷ ᠤᠨ ᠬᠥᠮᠦᠰ ᠵᠢᠴᠢ ᠪᠦᠬᠦ ᠨᠡᠶᠢᠭᠡᠮ ᠤᠨ ᠬᠢᠨ ᠤ ᠡᠮ ᠬᠡᠷᠡᠭᠯᠡᠬᠦ ᠠᠮᠤᠷ ᠲᠦᠪᠰᠢᠨ ᠢ ᠬᠠᠮᠲᠤ ᠪᠠᠷ ᠬᠠᠮᠠᠭᠠᠯᠠᠵᠠᠭᠠᠶ᠎ᠠ ᠃ 
 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号