ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢ ᠢᠯᠡ ᠪᠠᠷ ᠰᠣᠩᠭᠤᠨ ᠤᠷᠢᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠠᠷᠯᠠᠯ
ᠨᠡᠶᠢᠲᠡᠯᠡᠭᠰᠡᠨ ᠴᠠᠭ᠄
2025/4/22
  ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠷᠠᠭᠤᠯᠵᠤ ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠨᠠᠩ ᠰᠠᠶᠢᠨ ᠳᠠᠶᠢᠴᠢᠯᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠲᠠᠯᠪᠢᠬᠤ ᠳᠤ ᠣᠷᠣᠯᠴᠠᠭᠤᠯᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠤᠰᠠᠳᠠ ᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠵᠢᠯᠣᠭᠤᠳᠬᠤ ᠰᠠᠨᠠᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2024 ﹈ 24 ᠳ᠋ᠦ᠋ᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2025﹈ 5 ᠳ᠋ᠤᠭᠠᠷ ᠲᠣᠭᠠᠲᠤ︶ ᠶᠢ ᠦᠨᠳᠦᠰᠦᠯᠡᠨ᠂ ᠡᠳᠦᠭᠡ ᠨᠡᠶᠢᠭᠡᠮ ᠳᠤ ᠬᠠᠨᠳᠤᠭᠤᠯᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢ 20 ᠨᠡᠷᠡᠰ ᠢᠯᠡ ᠪᠠᠷ ᠰᠣᠩᠭᠤᠨ ᠤᠷᠢᠬᠤ ᠪᠠᠷ ᠪᠣᠯᠪᠠ ᠂ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄  ᠨᠢᠭᠡ᠂ ᠰᠣᠩᠭᠤᠨ ᠣᠷᠢᠬᠤ ᠨᠦᠬᠦᠴᠡᠯ  ︵ᠨᠢᠭᠡ︶ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠢᠷᠭᠡᠨ᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠤᠯᠭ᠎ᠠ ᠶᠢ ᠬᠦᠷᠢᠶᠡᠯᠡᠵᠦ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠦᠨ᠎ᠡ︔  ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠲᠤ ᠬᠠᠯᠠᠭᠤᠨ ᠰᠡᠳᠬᠢᠯ ᠢᠶᠠᠷ ᠬᠠᠨᠳᠤᠵᠤ᠂ ᠠᠷᠠᠳ ᠤᠨ ᠲᠥᠯᠥᠭᠡ ᠵᠢᠳᠬᠦᠬᠦ ᠰᠡᠳᠬᠢᠯᠭᠡ ᠶᠢ ᠪᠠᠲᠤ ᠰᠠᠬᠢᠵᠤ᠂ ᠨᠡᠯᠢᠶᠡᠳ ᠴᠢᠩᠭ᠎ᠠ ᠬᠠᠷᠢᠭᠤᠴᠠᠯᠭᠠᠲᠤ ᠰᠡᠳᠬᠢᠯᠭᠡ ᠲᠠᠢ ᠪᠠᠶᠢᠬᠤ ︔  ︵ᠭᠤᠷᠪᠠ︶ ᠵᠠᠷᠴᠢᠮ ᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠵᠦ᠂ ᠦᠨᠡᠨᠴᠢ ᠢᠲᠡᠭᠡᠮᠵᠢᠲᠡᠶ ᠂ ᠲᠥᠪ ᠭᠤᠤᠯᠴᠢ ᠪᠠᠶᠢᠵᠤ᠂ ᠠᠵᠢᠯ ᠮᠡᠷᠭᠡᠵᠢᠯ ᠤᠨ ᠶᠣᠰᠣ ᠮᠣᠷᠠᠯ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠨ᠎ᠠ︔  ︵ᠲᠦᠷᠪᠡ︶ ᠤᠯᠤᠰ ᠣᠷᠤᠨ ᠤ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠦᠷᠢᠴᠡᠭᠰᠡᠨ ᠵᠡᠷᠭᠡ ᠠᠰᠠᠭᠤᠳᠠᠯ ᠭᠠᠷᠭᠠᠭᠰᠠᠨ ᠦᠭᠡᠢ᠂ ᠨᠡᠶᠢᠭᠡᠮ ᠳᠤ ᠮᠠᠭᠤ ᠨᠥᠯᠥᠭᠡ ᠭᠠᠷᠭᠠᠭᠰᠠᠨ ᠵᠡᠷᠭᠡ ᠲᠠᠯ᠎ᠠ ᠶᠢᠨ ᠠᠰᠠᠭᠤᠳᠠᠯ ᠦᠭᠡᠢ ᠪᠠᠶᠢᠬᠤ︔  ︵ᠲᠠᠪᠤ︶ ᠬᠠᠮᠢᠶ᠎ᠠ ᠪᠦᠬᠦᠢ ᠬᠦᠷᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠣᠶᠢᠯᠠᠭᠠᠵᠤ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠪᠦᠷᠢᠯᠳᠦᠭᠦᠯᠵᠦ᠂ ᠤᠯᠠᠨ ᠲᠦᠮᠡᠨ ᠲᠠᠢ ᠬᠠᠷᠢᠯᠴᠠᠬᠤ ᠳᠠᠭᠠᠨ ᠴᠢᠳᠠᠮᠠᠭᠠᠢ ᠪᠠᠶᠢᠵᠤ᠂ ᠬᠢᠨᠠᠯᠲᠠ ᠲᠠᠯᠪᠢᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ ᠴᠢᠳᠠᠬᠤ ︔  ︵ᠵᠢᠷᠭᠤᠭ᠎ᠠ︶ ᠨᠢᠭᠤᠴᠠ ᠶᠢ ᠬᠠᠮᠠᠭᠠᠯᠠᠨ᠂ ᠰᠠᠬᠢᠯᠭ᠎ᠠ ᠪᠠᠲᠤ ᠶᠢ ᠰᠠᠬᠢᠵᠤ᠂ ᠬᠢᠨᠠᠯᠲᠠ ᠲᠠᠯᠪᠢᠬᠤ ᠠᠵᠢᠯᠯᠠᠭ᠎ᠠ ᠳᠤ ᠣᠷᠣᠯᠴᠠᠨ ᠣᠶᠢᠯᠠᠭᠠᠭᠰᠠᠨ ᠠᠵᠢᠯ ᠤᠨ ᠠᠭᠤᠯᠭ᠎ᠠ ᠪᠠ ᠮᠡᠳᠡᠭᠡ ᠵᠠᠩᠭᠢ ᠶᠢ ᠵᠥᠪᠰᠢᠶᠡᠷᠡᠯ ᠦᠭᠡᠢ ᠪᠠᠷ ᠢᠯᠡ ᠪᠣᠯᠭᠠᠬᠤ ᠪᠤᠶᠤ ᠵᠠᠳᠠᠷᠠᠭᠤᠯᠵᠤ ᠪᠣᠯᠬᠤ ᠦᠭᠡᠶ᠃  ᠬᠤᠶᠠᠷ᠂ ᠠᠵᠢᠯ ᠤᠨ ᠭᠤᠣᠯ ᠪᠣᠯᠬᠤ ᠡᠭᠦᠷᠭᠡ  ︵ᠨᠢᠭᠡ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠ ᠡᠮᠴᠢᠯᠡᠭᠡᠨ ᠤ ᠪᠠᠲᠤᠯᠠᠭ᠎ᠠ ᠶᠢᠨ ᠮᠡᠳᠡᠯᠭᠡ ᠶᠢ ᠤᠬᠠᠭᠤᠯᠤᠨ᠎ᠠ ︔  ︵ᠬᠤᠶᠠᠷ︶ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠵᠢᠴᠢ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠢᠯᠡᠷᠡᠭᠦᠯᠪᠡᠯ ᠴᠠᠭ ᠲᠤᠬᠠᠶ ᠳᠤ ᠨᠢ ᠬᠠᠷᠢᠭᠤ ᠲᠤᠰᠬᠠᠨ᠎ᠠ︔  ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠤ ᠬᠠᠤᠯᠢ ᠲᠣᠭᠲᠠᠭᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠪᠠᠶᠢᠳᠠᠯ ᠳᠤ ᠬᠢᠨᠠᠯᠲᠠ ᠲᠠᠯᠪᠢᠵᠤ᠂ ᠡᠮᠴᠢᠯᠡᠭᠡᠨ ᠤ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠵᠡᠷᠭᠡ ᠰᠠᠨᠠᠭᠤᠯᠭ᠎ᠠ ᠳᠤᠷᠠᠳᠤᠨ᠎ᠠ︔  ︵ᠲᠦᠷᠪᠡ︶ ᠠᠷᠠᠳ ᠤᠨ ᠳᠠᠭᠤᠨ ᠤ ᠶᠠᠷᠢᠶ᠎ᠠ ᠬᠡᠯᠡᠯᠴᠡᠭᠡ ᠶᠢ ᠠᠩᠬᠠᠷᠴᠤ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠲᠤᠰᠬᠠᠵᠤ᠂ ᠰᠦᠯᠵᠢᠶ᠎ᠡ ᠪᠠ ᠵᠠᠭᠤᠴᠢᠯᠠᠭᠤᠷ ᠤᠨ ᠬᠠᠷᠢᠯᠴᠠᠨ ᠬᠥᠳᠡᠯᠦᠯᠴᠡᠬᠦ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢ ᠬᠦᠴᠦᠨ ᠢ ᠪᠠᠳᠠᠷᠠᠭᠤᠯᠤᠨ᠎ᠠ᠃  ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ  ᠰᠠᠶᠢᠨ ᠳᠤᠷ᠎ᠠ ᠶᠢᠨ ᠵᠠᠷᠴᠢᠮ ᠶᠣᠰᠣᠭᠠᠷ᠂ ᠬᠤᠪᠢ ᠬᠥᠮᠦᠨ ᠥᠪᠡᠷ ᠢᠶᠠᠨ ᠲᠠᠨᠢᠯᠴᠠᠭᠤᠯᠬᠤ᠂ ᠨᠢᠭᠡᠴᠢ ᠠᠴᠠ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠨᠡᠷ᠎ᠡ ᠮᠡᠳᠡᠭᠦᠯᠵᠦ᠂ ᠰᠠᠨᠠᠮᠵᠢ ᠲᠠᠢ ᠬᠥᠮᠦᠰ 4 ᠳ᠋ᠦ᠋ᠭᠡᠷ ᠰᠠᠷ᠎ᠠ ᠶᠢᠨ 28 ᠤ ᠡᠳᠦᠷ ᠤᠨ 18 ᠴᠠᠭ ᠠᠴᠠ ᠡᠮᠦᠨ᠎ᠡ ᠮᠡᠳᠡᠭᠡ ᠵᠠᠩᠭᠢ ᠶᠢᠨ ᠳᠡᠩᠰᠡᠯᠡᠯᠲᠡ ᠶᠢᠨ ᠬᠦᠰᠦᠨᠦᠭᠲᠦ ᠪᠠᠨ 740631553@qq.com.cn  ᠳᠤ ᠶᠠᠪᠤᠭᠤᠯᠤᠭᠠᠷᠠᠢ ︵ᠬᠠᠷᠢᠯᠴᠠᠬᠤ ᠬᠥᠮᠦᠨ᠄ ᠸᠠᠩ ᠹᠠᠩ 18147105191︶᠃  ᠳᠥᠷᠪᠡ᠂ ᠪᠤᠰᠤᠳ ᠵᠦᠢᠯᠡᠰ  ︵ᠨᠢᠭᠡ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠵᠢᠱᠢᠭᠳᠡᠭᠴᠢ ᠶᠢᠨ ᠲᠤᠰᠬᠠᠶ ᠮᠡᠷᠭᠡᠵᠢᠯ ᠤᠨ ᠠᠬᠤᠶ ᠪᠠᠶᠢᠳᠠᠯ ᠂ ᠠᠵᠢᠯ ᠤᠨ ᠥᠩᠭᠡᠷᠡᠯᠲᠡ᠂ ᠨᠠᠰᠤᠨ ᠤ ᠪᠦᠲᠦᠴᠡ᠂ ᠭᠠᠵᠠᠷ ᠣᠷᠣᠨ ᠤ ᠲᠠᠷᠬᠠᠯᠲᠠ ᠵᠡᠷᠭᠡ ᠪᠠᠶᠢᠳᠠᠯ ᠢ ᠨᠢ ᠰᠢᠯᠢᠨ ᠰᠣᠩᠭᠤᠭᠰᠠᠨ ᠤ ᠳᠠᠷᠠᠭ᠎ᠠ ᠨᠡᠶᠢᠭᠡᠮ ᠳᠤ ᠨᠡᠶᠢᠲᠡᠯᠡᠵᠦ᠂ ᠨᠡᠶᠢᠲᠡᠯᠡᠭᠰᠡᠨ ᠤ ᠳᠠᠷᠠᠭ᠎ᠠ ᠣᠨᠳᠣᠣ ᠰᠠᠨᠠᠯ ᠦᠭᠡᠢ ᠪᠣᠯ ᠨᠡᠶᠢᠭᠡᠮ ᠤᠨ ᠬᠢᠨᠠᠯᠲᠠ ᠲᠠᠯᠪᠢᠭᠴᠢ ᠳᠤ ᠤᠷᠢᠯᠭ᠎ᠠ ᠶᠢᠨ ᠪᠢᠴᠢᠭ ᠢ ᠣᠯᠭᠤᠨ᠎ᠠ ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠲᠤᠰᠢᠶᠠᠯ ᠤᠨ ᠬᠤᠭᠤᠴᠠᠭ᠎ᠠ ᠨᠢ 2 ᠵᠢᠯ ᠪᠣᠯᠤᠨ᠎ᠠ︔  ︵ᠬᠤᠶᠠᠷ︶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠠᠵᠢᠯ ᠨᠢ ᠨᠡᠶᠢᠲᠡ ᠶᠢᠨ ᠠᠰᠠᠷᠠᠮᠵᠢ ᠶᠢᠨ ᠰᠢᠨᠵᠢ ᠲᠠᠢ ᠲᠤᠯᠠ᠂ ᠬᠥᠯᠥᠰᠥ ᠣᠯᠭᠤᠮᠵᠢ ᠪᠠᠶᠢᠬᠤ ᠥᠬᠡᠶ᠂ ᠨᠡᠶᠢᠭᠡᠮ ᠤᠨ ᠬᠢᠨᠠᠯᠲᠠ ᠲᠠᠯᠪᠢᠭᠴᠢ ᠠᠴᠠ ᠳᠠᠭᠠᠳᠬᠠᠯ ᠢ ᠮᠡᠬᠡᠯᠡᠨ ᠠᠪᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠰᠦᠪᠡᠭᠴᠢ ᠶᠢ ᠬᠠᠩᠭᠠᠵᠤ᠂ ᠪᠠᠶᠢᠴᠠᠭᠠᠨ ᠲᠣᠳᠣᠯᠠᠭᠠᠳ ᠦᠨᠡᠨ ᠪᠣᠳᠠᠲᠠᠶ ᠪᠠᠶᠢᠪᠠᠯ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠢᠯᠡᠴᠢᠯᠡᠨ ᠮᠡᠳᠡᠭᠦᠯᠦᠯᠲᠡ ᠶᠢ ᠱᠠᠩᠨᠠᠬᠤ ᠠᠷᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃  ᠳᠠᠭᠠᠯᠳᠤᠭᠤᠯᠤᠯ᠄ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠮᠡᠳᠡᠭᠡ ᠵᠠᠩᠭᠢ ᠶᠢᠨ ᠬᠦᠰᠦᠨᠦᠭᠲᠦ              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ            2025 ᠣᠨ ᠤ 4 ᠳ᠋ᠦ᠋ᠭᠡᠷ ᠰᠠᠷ᠎ᠠ ᠶᠢᠨ 22 ᠤᠨ ᠡᠳᠦᠷ ᠳᠠᠭᠠᠯᠳᠤᠭᠤᠯᠤᠯ᠄ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠨᠡᠶᠢᠭᠡᠮ ᠤᠨ ᠬᠢᠨᠠᠯᠲᠠ ᠲᠠᠯᠪᠢᠭᠴᠢ ᠶᠢᠨ ᠮᠡᠳᠡᠭᠡ ᠵᠠᠩᠭᠢ ᠶᠢᠨ ᠬᠦᠰᠦᠨᠦᠭᠲᠦ.docx

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号