︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 262 ᠳ᠋ᠤᠭᠠᠷ ᠲᠣᠭᠠᠲᠤ︶ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2025 ᠣᠨ ᠤ 5 ᠳ᠋ᠤᠭᠠᠷ ᠰᠠᠷ᠎ᠠ ᠶᠢᠨ ᠡᠬᠢ ᠪᠠᠷ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ | ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠲᠠᠰᠤᠯᠤᠯᠲᠠ ᠶᠢᠨ ᠪᠠᠷᠢᠮᠵᠢᠶ᠎ᠠ ︵ᠰᠠᠨᠠᠯ | ᠬᠤᠷᠢᠶᠠᠬᠤ ᠨᠣᠤᠷᠠᠭ︶︾ ᠶᠢᠨ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠᠷ ᠪᠣᠶ᠃ ᠡᠳᠦᠭᠡ | ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠣᠷᠣᠯᠴᠠᠬᠤ ᠬᠥᠮᠦᠰ | ᠭᠡᠷᠡᠴᠢᠯᠡᠭᠡ ᠰᠣᠨᠣᠰᠬᠤ ᠬᠤᠷᠠᠯ ᠳᠤ ᠣᠷᠣᠯᠴᠠᠬᠤ ᠨᠡᠶᠢᠲᠡ 7 ᠬᠦᠮᠦᠨ ᠪᠠᠶᠢᠵᠤ᠂ ᠡᠭᠦᠨ ᠳᠤ᠄ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 1᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1᠂ | ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ 3᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ | ᠲᠥᠯᠥᠭᠡᠯᠡᠭᠴᠢ 1᠂ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ | ᠠᠵᠢᠯᠲᠠᠨ 1 ᠪᠣᠯᠣᠨ᠎ᠠ᠃ | ᠬᠤᠶᠠᠷ᠂ ᠪᠤᠢ ᠪᠤᠯᠬᠤ ᠠᠷᠭ᠎ᠠ ᠬᠡᠯᠪᠡᠷᠢ | ︵ᠨᠢᠭᠡ︶ ᠭᠡᠷᠡᠴᠢᠯᠡᠭᠡ ᠰᠣᠨᠣᠰᠬᠤ ᠬᠤᠷᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠵᠢᠴᠢ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠲᠥᠯᠥᠭᠡᠯᠡᠭᠴᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ | ᠠᠷᠭ᠎ᠠ ᠮᠠᠶ᠋ᠢᠭ ᠢᠶᠠᠷ ᠪᠣᠶ ᠪᠣᠯᠤᠨ᠎ᠠ᠃ ᠨᠡᠷ᠎ᠡ ᠮᠡᠳᠡᠭᠦᠯᠦᠭᠰᠡᠨ ᠬᠥᠮᠦᠨ ᠳᠣᠤᠷᠠᠬᠢ ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠶ᠄ | 1. ᠪᠦᠬᠦᠯᠢ 18 ᠨᠠᠰᠤ ᠬᠦᠷᠴᠦ᠂ ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠴᠢᠳᠠᠪᠤᠷᠢ ᠲᠠᠢ ᠪᠠᠶᠢᠬᠤ ︔ | | 2. ᠴᠢᠬᠤᠯᠠ ᠪᠦᠬᠦᠢ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ᠂ ᠪᠡᠶ᠎ᠡ ᠬᠡᠮ ᠤᠨ | ᠠᠵᠢᠯ ᠮᠡᠷᠭᠡᠵᠢᠯ ᠵᠡᠷᠭᠡ ᠶᠢ ᠪᠠᠭᠲᠠᠭᠠᠨ᠎ᠠ︶ ᠶᠢ ᠢᠯᠡ ᠪᠣᠯᠭᠠᠬᠤ ᠶᠢ ᠵᠥᠪᠰᠢᠶᠡᠷᠡᠨ᠎ᠡ ︔ | 3. ᠵᠣᠬᠢᠬᠤ ᠬᠡᠮᠵᠢᠶᠡᠨ ᠤ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ | ᠪᠢᠴᠢᠭ ᠢᠶᠠᠷ ᠢᠯᠡᠳᠭᠡᠬᠦ ᠴᠢᠳᠠᠪᠤᠷᠢ ᠲᠠᠢ ᠪᠠᠶᠢᠬᠤ ︔ | 4. ᠰᠠᠨᠠᠯ ᠢᠶᠠᠨ ᠪᠤᠰᠤᠳᠴᠢ ᠪᠠᠷ ᠢᠯᠡᠳᠬᠡᠬᠦ ᠶᠢᠨ ᠬᠠᠮᠲᠤ ᠴᠠᠭ ᠲᠤᠬᠠᠶ ᠳᠤ ᠨᠢ ᠪᠦᠬᠦ ᠶᠠᠪᠤᠴᠠ ᠳᠤ | ᠬᠤᠷᠠᠯ ᠳᠤ ᠣᠷᠣᠯᠴᠠᠵᠤ ᠳᠡᠶᠢᠯᠬᠦ ︔ | 5. ᠬᠤᠷᠠᠯ ᠳᠡᠭᠡᠷ᠎ᠡ ᠰᠠᠨᠠᠯ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠣᠯᠤᠨ ᠠᠩᠬᠠᠷᠬᠤ | ᠵᠦᠢᠯ ᠢ ᠵᠢᠷᠤᠮᠯᠠᠬᠤ ᠬᠡᠷᠡᠭᠲᠡᠶ᠃ | ︵ᠬᠤᠶᠠᠷ︶ ᠭᠡᠷᠡᠴᠢᠯᠡᠭᠡ ᠰᠣᠨᠣᠰᠬᠤ ᠬᠤᠷᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ | ᠵᠢᠴᠢ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠲᠥᠯᠥᠭᠡᠯᠡᠭᠴᠢ ᠶᠢᠨ ᠨᠡᠷ᠎ᠡ ᠮᠡᠳᠡᠭᠦᠯᠦᠭᠰᠡᠨ ᠬᠥᠮᠦᠨ | ᠬᠦᠷᠦᠯᠴᠡᠬᠦ ᠥᠬᠡᠶ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠭᠡᠷᠡᠴᠢᠯᠡᠭᠡ ᠰᠣᠨᠣᠰᠬᠤ ᠵᠦᠢᠯᠡᠰ ᠲᠤ ᠬᠤᠯᠪᠣᠭᠳᠠᠭᠰᠠᠨ ᠨᠢᠭᠡᠴᠢ ᠠᠴᠠ ᠲᠠᠨᠢᠯᠴᠠᠭᠤᠯᠬᠤ ᠪᠤᠶᠤ ᠤᠷᠢᠵᠤ ᠭᠠᠷᠭᠠᠨ᠎ᠠ᠃ | | ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ | ᠪᠥᠬᠦᠶ ᠬᠥᠮᠦᠰ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ | ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠷᠢᠵᠤ ᠣᠷᠣᠯᠴᠠᠭᠤᠯᠤᠨ᠎ᠠ᠃ | ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠰᠠᠨᠠᠭ᠎ᠠ ᠲᠠᠢ ᠣᠷᠣᠯᠴᠠᠭᠰᠠᠳ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠲᠣᠰ ᠬᠥᠮᠦᠨ ᠤ | ᠪᠡᠶ᠎ᠡ ᠶᠢᠨ ᠦᠨᠡᠮᠯᠡᠯ ᠤᠨ ᠰᠢᠷᠪᠢᠯᠲᠡ ᠪᠠ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ | ᠮᠡᠳᠡᠭᠦᠯᠬᠦ ᠬᠦᠰᠦᠨᠦᠭᠲᠦ︾ ᠶᠢ ᠢᠮᠧᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠳᠤ ᠢᠯᠡᠭᠡᠬᠦ ᠬᠡᠷᠡᠭᠲᠡᠢ ᠃ | ᠤᠲᠠᠰᠤ᠄ 0471 - 6606160 | ᠢᠮᠧᠯ᠄ nmybzx@163.com | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠡᠮᠴᠢᠯᠡᠭᠡᠨ ᠤ | ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠰᠬᠠᠶ ᠠᠩᠭᠢ | ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ | | 2025 ᠣᠨ ᠤ 4 ᠳ᠋ᠦ᠋ᠭᠡᠷ ᠰᠠᠷ᠎ᠠ ᠶᠢᠨ 24 ᠤ ᠡᠳᠦᠷ | | ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ | | |