ᠮᠤᠵᠢ ᠶᠢᠨ ᠬᠤᠭᠤᠷᠤᠨᠳᠤ ᠬᠤᠯᠪᠣᠭᠠᠯᠠᠨ ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ ᠵᠠᠩᠭᠢ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/4/25
ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠂ ᠮᠠᠨᠵᠤᠤᠷ ᠬᠤᠲᠠ ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ᠄  ᠯᠢᠶᠣᠤᠨᠢᠩ ᠮᠤᠵᠢ ᠶᠢᠨ ᠬᠤᠯᠪᠣᠭᠠᠯᠠᠨ ᠬᠤᠳᠠᠯᠳᠤᠨ ᠠᠪᠬᠤ ᠠᠯᠪᠠᠨ ᠬᠡᠷ ᠤᠨ ︽ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ ᠵᠠᠩᠭᠢ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ ᠂ ᠡᠳᠦᠭᠡ ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ ᠵᠠᠩᠭᠢ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠢ ᠥᠷᠨᠢᠭᠦᠯᠬᠦ ᠪᠠᠷ ᠪᠠᠶᠢᠨ᠎ᠠ ᠂ ᠪᠣᠳᠠᠲᠠᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ ᠃  ᠨᠢᠭᠡ ᠂ ᠪᠦᠲᠦᠭᠡᠭᠳᠡᠬᠦᠨ ᠤ ᠬᠡᠪᠴᠢᠶ᠎ᠡ  ᠲᠣᠰ ᠤᠳᠠᠭᠠᠨ ᠤ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠲᠥᠷᠥᠯ ᠵᠦᠢᠯ ᠪᠣᠯ ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠪᠣᠯᠤᠨ᠎ᠠ ᠂ ᠡᠭᠦᠨ ᠳᠤ ᠬᠠᠮᠢᠶᠠᠷᠤᠯᠲᠠ ᠶᠢᠨ ᠲᠥᠷᠥᠯ ᠵᠦᠢᠯ ᠨᠢ ᠨᠢᠭᠡᠳᠦᠭᠡᠷ ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠪᠠᠭᠲᠠᠭᠠᠬᠤ ᠥᠬᠡᠶ ᠃  ︵ᠨᠢᠭᠡ︶ ᠣᠶᠣᠬᠤ ᠤᠲᠠᠰᠤ  1.ᠰᠢᠩᠭᠡᠬᠡᠬᠦᠢ ᠣᠶᠣᠬᠤ ᠤᠲᠠᠰᠤ᠄ ᠶᠡᠷᠦ ᠳᠤ ᠪᠠᠨ ᠠᠮᠢᠲᠠᠨ ᠠᠴᠠ ᠢᠷᠡᠯᠳᠡ ᠲᠠᠢ ᠵᠣᠬᠢᠶᠠᠨ ᠪᠠᠶᠢᠭᠤᠯᠤᠯᠲᠠ ᠶᠢᠨ ᠮᠠᠲ᠋ᠧᠷᠢᠶᠠᠯ ᠪᠤᠶᠤ ᠡᠯ᠎ᠡ ᠵᠦᠢᠯ ᠤᠨ ᠠᠮᠢᠲᠠᠨ ᠠᠴᠠ ᠪᠤᠰᠤ ᠢᠷᠡᠯᠲᠡ ᠲᠠᠢ ᠳᠠᠩ ᠪᠡᠶᠡᠲᠦ ᠮᠠᠲ᠋ᠧᠷᠢᠶᠠᠯ ᠪᠥᠭᠡᠭᠡᠨᠡᠷᠡᠯ ︵ᠪᠤᠶᠤ ᠣᠯᠠᠨ ᠳᠠᠩ ᠴᠣᠭᠴᠠ︶ ᠠᠴᠠ ᠢᠷᠡᠯᠲᠡ ᠲᠠᠢ ᠵᠠᠳᠠᠷᠠᠵᠤ ᠪᠣᠯᠬᠤᠶᠢᠴᠠ ᠣᠶᠣᠬᠤ ᠤᠲᠠᠰᠤ ᠶᠢ ᠵᠣᠬᠢᠶᠠᠨ᠎ᠠ ᠃ ᠣᠶᠣᠬᠤ ᠤᠲᠠᠰᠤᠨ ᠤ ᠭᠠᠳᠠᠷᠭᠤ ᠳᠤ ᠳᠦᠷᠬᠢᠮᠡᠯ ᠲᠠᠢ ᠪᠠᠶᠢᠵᠤ ᠪᠣᠯᠣᠨ᠎ᠠ ᠂ ᠵᠡᠭᠦᠦ ᠲᠠᠢ ᠪᠤᠶᠤ ᠵᠡᠭᠦᠦ ᠪᠠᠶᠢᠬᠤ ᠦᠭᠡᠢ ᠭᠡᠵᠦ ᠬᠤᠶᠠᠷ ᠵᠦᠢᠯ ᠳᠤ ᠬᠤᠪᠢᠶᠠᠳᠠᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠪᠡᠶ᠎ᠡ ᠶᠢᠨ ᠳᠣᠲᠣᠭᠠᠳᠤᠬᠢ ᠵᠥᠭᠡᠯᠡᠨ ᠨᠡᠬᠡᠳᠡᠰᠦ ᠂ ᠡᠷᠬᠡᠲᠡᠨ ᠪᠣᠯᠣᠨ ᠠᠷᠠᠰᠤ ᠶᠢ ᠣᠶᠣᠬᠤ ᠪᠤᠶᠤ ᠵᠠᠩᠭᠢᠳᠬᠤ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 10 ᠣᠷᠣᠨ ᠨᠢ C140803185 ᠂ C140804185 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ ᠤᠷᠢᠳᠴᠢᠯᠠᠭᠰᠠᠨ ᠶᠠᠰᠤ ᠶᠢ ᠣᠶᠣᠬᠤ ᠤᠲᠠᠰᠤ ᠶᠢ ᠪᠠᠭᠲᠠᠭᠠᠬᠤ ᠦᠭᠡᠢ ᠃  2. ᠥᠯᠥ ᠰᠢᠩᠭᠡᠭᠡᠬᠦᠢ ᠣᠶᠣᠬᠤ ᠤᠲᠠᠰᠤ᠄ ᠶᠡᠷᠦ ᠳᠤ ᠪᠠᠨ ᠪᠠᠶᠢᠭᠠᠯᠢᠯᠢᠬ ᠮᠠᠲ᠋ᠧᠷᠢᠶᠠᠯ ᠪᠤᠶᠤ ᠪᠥᠭᠡᠭᠡᠨᠡᠷᠡᠯ ᠮᠠᠲ᠋ᠧᠷᠢᠶᠠᠯ ︵ᠪᠤᠶᠤ ᠲᠡᠮᠦᠷᠯᠢᠭ ᠮᠠᠲ᠋ᠧᠷᠢᠶᠠᠯ︶ ᠢᠶᠠᠷ ᠦᠢᠯᠡᠳᠦᠭᠰᠡᠨ ᠥᠯᠥ ᠵᠠᠳᠠᠷᠠᠭᠤᠯᠵᠤ ᠪᠣᠯᠬᠤᠶᠢᠴᠠ ᠣᠶᠣᠬᠤ ᠤᠲᠠᠰᠤ ᠃ ᠣᠶᠣᠬᠤ ᠤᠲᠠᠰᠤᠨ ᠤ ᠭᠠᠳᠠᠷᠭᠤ ᠳᠤ ᠳᠦᠷᠬᠢᠮᠡᠯ ᠲᠠᠢ ᠪᠠᠶᠢᠵᠤ ᠪᠣᠯᠣᠨ᠎ᠠ ᠂ ᠵᠡᠭᠦᠦ ᠲᠠᠢ ᠪᠤᠶᠤ ᠵᠡᠭᠦᠦ ᠪᠠᠶᠢᠬᠤ ᠦᠭᠡᠢ ᠭᠡᠵᠦ ᠬᠤᠶᠠᠷ ᠵᠦᠢᠯ ᠳᠤ ᠬᠤᠪᠢᠶᠠᠳᠠᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠪᠡᠶ᠎ᠡ ᠶᠢᠨ ᠳᠣᠲᠣᠭᠠᠳᠤᠬᠢ ᠵᠥᠭᠡᠯᠡᠨ ᠨᠡᠬᠡᠳᠡᠰᠦ ᠂ ᠡᠷᠬᠡᠲᠡᠨ ᠪᠣᠯᠣᠨ ᠠᠷᠠᠰᠤ ᠶᠢ ᠣᠶᠣᠬᠤ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 10 ᠣᠷᠣᠨ ᠨᠢ C140801184 ᠂ C140802184 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ ᠤᠷᠢᠳᠴᠢᠯᠠᠭᠰᠠᠨ ᠶᠠᠰᠤ ᠶᠢ ᠣᠶᠣᠬᠤ ᠤᠲᠠᠰᠤ ᠪᠠ ᠲᠠᠮᠢᠷ ᠤᠨ ᠠᠨᠠᠭᠠᠬᠤ ᠤᠬᠠᠭᠠᠨ ᠤ ᠲᠥᠷᠥᠯ ᠤᠨ ᠠᠨᠠᠭᠠᠯᠲᠠ ᠳᠤ ᠬᠡᠷᠡᠭᠯᠡᠬᠦ ᠤᠲᠠᠰᠤ ᠶᠢ ᠪᠠᠭᠲᠠᠭᠠᠬᠤ ᠦᠭᠡᠢ ᠃  ︵ᠬᠤᠶᠠᠷ︶ ᠵᠡᠭᠦᠯᠡᠭᠦᠷ ︵ᠵᠡᠭᠦᠦ ᠲᠠᠢ︶  ᠦᠷᠭᠦᠯᠵᠢ ᠵᠡᠭᠦᠯᠡᠭᠦᠷ ᠤᠨ ᠪᠡᠶ᠎ᠡ ᠂ ᠱᠣᠪᠣᠭᠤᠷ ᠦᠵᠦᠭᠦᠷ ᠂ ᠪᠦᠯᠢᠭᠦᠷ ᠪᠠ ᠴᠢᠬᠢᠭᠦᠷ ᠵᠡᠷᠭᠡ ᠪᠠᠷ ᠪᠦᠷᠢᠯᠳᠦᠳᠡᠭ ᠃ ᠵᠡᠭᠦᠯᠡᠭᠦᠷ ᠤᠨ ᠪᠡᠶ᠎ᠡ ᠶᠢ ᠶᠡᠷᠦ ᠳᠤ ᠪᠠᠨ ᠲᠣᠮᠣ ᠮᠣᠯᠧᠺᠦ᠋ᠯᠲᠦ ᠮᠠᠲ᠋ᠧᠷᠢᠶᠠᠯ ᠢᠶᠠᠷ ᠦᠢᠯᠡᠳᠳᠡᠭ︔ ᠪᠦᠯᠢᠭᠦᠷ ᠢ ᠶᠡᠷᠦ ᠳᠤ ᠪᠠᠨ ᠪᠠᠶᠢᠭᠠᠯᠢᠯᠢᠬ ᠭᠤᠮ ᠢᠶᠠᠷ ᠦᠢᠯᠡᠳᠳᠡᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠰᠢᠩᠬᠡᠨ ᠪᠡᠶᠡᠲᠦ ᠶᠢ ᠰᠣᠷᠣᠬᠤ ᠪᠤᠶᠤ ᠰᠢᠩᠭᠡᠨ ᠪᠡᠶᠡᠲᠦ ᠶᠢ ᠴᠢᠳᠬᠤᠨ ᠣᠷᠤᠭᠤᠯᠤᠭᠰᠠᠨ ᠤ ᠳᠠᠷᠠᠭ᠎ᠠ ᠲᠠᠷᠢᠯᠭ᠎ᠠ ᠬᠢᠬᠦ ᠳᠤ ᠬᠡᠷᠡᠭᠯᠡᠨ᠎ᠡ ᠃ ᠬᠥᠭᠡᠷᠭᠡᠲᠦ ᠵᠡᠭᠦᠯᠡᠭᠦᠷ ᠲᠤ ᠵᠡᠭᠦᠦ ᠦᠭᠡᠢ ᠬᠡᠮᠵᠢᠶ᠎ᠡ ᠶᠢ ᠪᠠᠭᠲᠠᠭᠠᠨ᠎ᠠ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 15 ᠣᠷᠣᠨ ᠨᠢ C16010110200003 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃ ᠢᠨᠰᠦᠯᠢᠨ ᠤ ᠵᠡᠭᠦᠯᠡᠭᠦᠷ ᠪᠠ ᠸᠠᠺᠼᠢᠨ ᠤ ᠵᠡᠭᠦᠯᠡᠭᠦᠷ ᠢ ᠪᠠᠭᠲᠠᠭᠠᠬᠤ ᠦᠭᠡᠢ ᠃  ︵ᠭᠤᠷᠪᠠ︶ ᠬᠥᠭᠡᠷᠭᠡᠲᠥ ᠶᠡᠭᠦᠯᠡᠭᠦᠷ  ᠶᠡᠷᠦ ᠳᠤ ᠪᠠᠨ ᠱᠣᠷᠣᠯᠵᠢᠨ ᠵᠠᠯᠭᠠᠭᠤᠷ ᠂ ᠬᠤᠭᠤᠯᠠᠶ ᠂ ᠲᠤᠰᠤᠯᠠᠭᠠᠭᠤᠷ ᠂ ᠣᠷᠣᠰᠤᠮᠠᠯ ᠢ ᠵᠣᠬᠢᠴᠠᠭᠤᠯᠬᠤ ᠮᠠᠰᠢᠨ ᠂ ᠯᠣᠩᠬᠤᠨ ᠠᠮᠠᠰᠠᠷ ᠤᠨ ᠬᠠᠳᠬᠤᠭᠤᠷ ᠂ ᠡᠮ ᠤᠨ ᠰᠢᠩᠭᠡᠨ ᠤ ᠰᠢᠭᠦᠭᠦᠷ ᠵᠡᠷᠭᠡ ᠪᠠᠷ ᠪᠦᠷᠢᠯᠳᠦᠵᠦ ᠂ ᠵᠠᠷᠢᠮ ᠶᠡᠭᠦᠯᠡᠭᠦᠷ ᠲᠤ ᠠᠭᠠᠷ ᠰᠢᠭᠦᠬᠦ ᠠᠭᠠᠷ ᠣᠷᠤᠭᠤᠯᠬᠤ ᠬᠡᠢ ᠶᠢᠨ ᠬᠡᠷᠡᠭᠰᠡᠯ ᠂ ᠡᠮ ᠶᠡᠭᠦᠯᠡᠬᠦ ᠬᠡᠷᠡᠭᠰᠡᠯ ᠵᠡᠷᠭᠡ ᠶᠢ ᠳᠠᠭᠠᠯᠳᠤᠭᠤᠯᠳᠠᠭ ᠃ ᠬᠤᠭᠤᠯᠠᠢ ᠶᠢ ᠶᠡᠷᠦ ᠳᠤ ᠪᠠᠨ ᠾᠯᠣᠷᠲᠤ ᠡᠲ᠋ᠢᠯᠧᠨ ᠪᠤᠶᠤ ᠪᠤᠰᠤᠳ ᠮᠠᠲ᠋ᠧᠷᠢᠶᠠᠯ ᠢᠶᠠᠷ ᠦᠢᠯᠡᠳᠳᠡᠭ ᠃ ᠲᠡᠭᠦᠨ ᠢ ᠵᠣᠬᠢᠶᠠᠭᠰᠠᠨ ᠨᠢ ᠬᠡᠷᠡᠭᠯᠡᠬᠦ ᠶᠠᠪᠤᠴᠠ ᠳᠤ ᠪᠣᠢ ᠪᠣᠯᠣᠭᠰᠠᠨ ᠳᠠᠷᠤᠮᠲᠠ ᠶᠢᠨ ᠦᠢᠯᠡᠳᠦᠯ ᠳᠣᠣᠷ᠎ᠠ ᠂ ᠶᠡᠭᠦᠯᠡᠭᠦᠷ ᠤᠨ ᠰᠠᠪᠠ ᠲᠠᠬᠢ ᠡᠮ ᠤᠨ ᠰᠢᠩᠭᠡᠨ ᠢ ᠨᠠᠮᠵᠢᠭᠤᠨ ᠰᠤᠳᠠᠯ ᠤᠨ ᠬᠠᠳᠬᠤᠭᠤᠷ ᠢᠶᠠᠷ ᠨᠠᠮᠵᠢᠭᠤᠨ ᠰᠤᠳᠠᠯ ᠳᠤ ᠡᠮ ᠶᠡᠭᠦᠯᠡᠬᠦ ᠶᠢ ᠪᠡᠶᠡᠯᠡᠭᠦᠯᠳᠡᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠨᠠᠮᠵᠢᠭᠤᠨ ᠰᠤᠳᠠᠯ ᠳᠤ ᠡᠮ ᠶᠡᠭᠦᠯᠡᠬᠦ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 7 ᠣᠷᠣᠨ ᠨᠢ C142301 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃  ︵ᠲᠦᠷᠪᠡ︶ ᠬᠤᠭᠤᠰᠤᠮ ᠴᠢᠰᠤ ᠠᠪᠬᠤ ᠬᠤᠭᠤᠯᠠᠢ ︵ᠨᠠᠮᠵᠢᠭᠤᠨ ᠰᠤᠳᠠᠯ ᠤᠨ ᠴᠢᠰᠤᠨ ᠤ ᠦᠯᠢᠭᠡᠷ ᠴᠤᠭᠯᠠᠭᠤᠯᠬᠤ ᠵᠡᠭᠦᠦ ᠶᠢ ᠪᠠᠭᠲᠠᠭᠠᠨ᠎ᠠ︶  1. ᠬᠤᠭᠤᠰᠤᠮ ᠴᠢᠰᠤ ᠠᠪᠬᠤ ᠬᠤᠭᠤᠯᠠᠢ᠄ ᠶᠡᠷᠦ ᠳᠤ ᠪᠠᠨ ᠬᠤᠭᠤᠯᠠᠢ ᠪᠠ ᠠᠮᠠᠰᠠᠷ ᠤᠨ ᠬᠠᠪᠬᠠᠭᠠᠰᠤ ᠪᠠᠷ ᠪᠦᠷᠢᠯᠳᠦᠳᠡᠭ ᠃ ᠬᠤᠭᠤᠯᠠᠢ ᠶᠢᠨ ᠮᠠᠲ᠋ᠧᠷᠢᠶᠠᠯ ᠢ ᠶᠡᠷᠦ ᠳᠤ ᠪᠠᠨ PET ︵ᠪᠥᠭᠡᠭᠡᠨᠡᠷᠡᠯ ᠪᠧᠨᠽᠧᠨᠲᠤ ᠬᠤᠶᠠᠷᠴᠢ ᠮᠧᠲ᠋ᠢᠯ ᠠᠯᠺᠣᠤᠯ ᠡᠰᠲ᠋ᠧᠷ ︶ ᠪᠤᠶᠤ ᠰᠢᠯ ᠬᠤᠭᠤᠯᠠᠢ ᠪᠠᠷ ᠦᠢᠯᠡᠳᠳᠡᠭ ᠂ ᠬᠤᠭᠤᠯᠠᠢ ᠶᠢᠨ ᠳᠣᠲᠣᠷ ᠬᠠᠨ᠎ᠠ ᠳᠤ ᠨᠡᠮᠡᠯᠲᠡ ᠡᠳ᠋ ᠪᠤᠶᠤ ᠨᠡᠮᠡᠯᠲᠡ ᠡᠳ᠋ ᠳᠠᠭᠠᠯᠳᠤᠭᠤᠯᠬᠤ ᠦᠭᠡᠢ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠨᠢᠭᠡ ᠯᠠ ᠤᠳᠠᠭᠠᠨ ᠤ ᠴᠢᠨᠠᠷᠲᠠᠢ ᠪᠠᠷ ᠴᠢᠰᠤ ᠠᠪᠬᠤ ᠵᠡᠭᠦᠦ ᠲᠠᠢ ᠵᠣᠬᠢᠴᠠᠭᠤᠯᠤᠨ ᠬᠡᠷᠡᠭᠯᠡᠵᠦ ᠂ ᠬᠦᠮᠦᠨ ᠤ ᠪᠡᠶ᠎ᠡ ᠶᠢᠨ ᠨᠠᠮᠵᠢᠭᠤᠨ ᠰᠤᠳᠠᠯ ᠤᠨ ᠴᠢᠰᠤ ᠶᠢ ᠴᠤᠭᠯᠠᠭᠤᠯᠬᠤ ᠂ ᠲᠡᠭᠡᠭᠡᠪᠦᠷᠢᠯᠡᠬᠦ ᠂ ᠬᠠᠳᠠᠭᠠᠯᠠᠬᠤ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 10 ᠣᠷᠣᠨ ᠨᠢ C142302203 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠂ ᠰᠡᠵᠢᠭᠦᠷ ᠤᠨ ᠴᠢᠰᠤᠨ ᠰᠤᠳᠠᠯ ᠂ ᠰᠡᠵᠢᠭᠦᠷ ᠤᠨ ᠴᠢᠰᠤ ᠴᠤᠭᠯᠠᠭᠤᠯᠬᠤ ᠰᠠᠪᠠ ᠂ ᠣᠨᠴᠠᠭᠠᠶ ᠴᠢᠰᠤ ᠠᠪᠬᠤ ᠬᠤᠭᠤᠯᠠᠶ ᠪᠤᠶᠤ ᠪᠡᠯᠡᠳᠬᠡᠯ ᠬᠤᠭᠤᠯᠠᠶ ᠂ ᠬᠤᠭᠤᠰᠤᠮ ᠤᠨ ᠪᠤᠰᠤ ᠴᠢᠰᠤ ᠠᠪᠬᠤ ᠬᠤᠭᠤᠯᠠᠢ ᠶᠢ ᠪᠠᠭᠲᠠᠭᠠᠬᠤ ᠥᠬᠡᠶ ᠃  2. ᠨᠠᠮᠵᠢᠭᠤᠨ ᠰᠤᠳᠠᠯ ᠤᠨ ᠴᠢᠰᠤᠨ ᠤ ᠦᠯᠢᠭᠡᠷ ᠴᠤᠭᠯᠠᠭᠤᠯᠬᠤ ᠵᠡᠭᠦᠦ᠄ ᠶᠡᠷᠦ ᠳᠤ ᠪᠠᠨ ᠨᠠᠮᠵᠢᠭᠤᠨ ᠰᠤᠳᠠᠯ ᠤᠨ ᠴᠢᠰᠤ ᠠᠪᠬᠤ ᠵᠡᠭᠦᠦ ᠂ ᠬᠠᠮᠠᠭᠠᠯᠠᠬᠤ ᠳᠤᠭᠲᠤᠢ ᠪᠠ ᠪᠤᠰᠤᠳ ᠤᠭᠰᠠᠷᠠᠭ᠎ᠠ ᠪᠠᠷ ᠪᠦᠷᠢᠯᠳᠦᠳᠡᠭ ᠃ ᠪᠠᠺᠲ᠋ᠧᠷᠢ ᠦᠭᠡᠢ ᠪᠠᠷ ᠬᠠᠩᠭᠠᠨ᠎ᠠ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠨᠠᠮᠵᠢᠭᠤᠨ ᠰᠤᠳᠠᠯ ᠤᠨ ᠴᠢᠰᠤᠨ ᠤ ᠦᠯᠢᠭᠡᠷ ᠢ ᠴᠤᠭᠯᠠᠭᠤᠯᠬᠤ ᠳᠤ ᠲᠣᠬᠢᠷᠠᠨ᠎ᠠ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 15 ᠣᠷᠣᠨ ᠨᠢ C16030621500002 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠂ ᠨᠠᠮᠵᠢᠭᠤᠨ ᠰᠤᠳᠠᠯ ᠤᠨ ᠠᠶᠤᠯᠭᠦᠢ ᠴᠢᠰᠤ ᠠᠪᠬᠤ ᠵᠡᠭᠦᠦ ᠂ ᠰᠡᠵᠢᠭᠦᠷ ᠤᠨ ᠴᠢᠰᠤ ᠠᠪᠬᠤ ᠪᠠᠭᠠᠵᠢ ᠂ ᠯᠤᠭᠰᠢᠭᠤᠨ ᠰᠤᠳᠠᠯ ᠤᠨ ᠴᠢᠰᠤᠨ ᠤ ᠵᠡᠭᠦᠦ ᠂ ᠮᠠᠰᠢᠨ ᠳᠤ ᠬᠡᠷᠡᠭᠯᠡᠬᠦ ᠴᠢᠰᠤ ᠠᠪᠬᠤ ᠪᠠᠭᠠᠵᠢ ᠂ ᠬᠥᠯ ᠤᠨ ᠤᠯᠠ ᠠᠴᠠ ᠴᠢᠰᠤ ᠠᠪᠬᠤ ᠪᠠᠭᠠᠵᠢ ᠶᠢ ᠪᠠᠭᠲᠠᠭᠠᠬᠤ ᠦᠭᠡᠢ ᠃  ︵ᠲᠠᠪᠤ︶ ᠬᠦᠴᠢᠯᠲᠦ᠋ᠷᠥᠭᠴᠢ ᠠᠮᠢᠰᠬᠤᠬᠤ ᠬᠤᠭᠤᠯᠠᠢ  ᠶᠡᠷᠦ ᠳᠤ ᠪᠠᠨ ᠬᠦᠴᠢᠯᠲᠦ᠋ᠷᠥᠭᠴᠢ ᠤᠷᠤᠭᠤᠯᠬᠤ ᠵᠠᠯᠭᠠᠭᠠᠰᠤ ᠂ ᠬᠦᠴᠢᠯᠲᠦ᠋ᠷᠥᠭᠴᠢ ᠶᠢᠨ ᠵᠥᠭᠡᠯᠡᠨ ᠬᠤᠭᠤᠯᠠᠢ ᠂ ᠲᠣᠬᠢᠷᠠᠭᠤᠯᠬᠤ ᠴᠠᠭᠠᠷᠢᠭ ᠂ ᠬᠠᠮᠠᠷ ᠤᠨ ᠪᠦᠭᠯᠡᠭᠡ ᠵᠡᠷᠭᠡ ᠪᠠᠷ ᠪᠦᠷᠢᠯᠳᠦᠳᠡᠭ ᠃ ᠬᠠᠮᠠᠷ ᠤᠨ ᠬᠦᠴᠢᠯᠲᠦ᠋ᠷᠦᠭᠴᠢ ᠶᠢᠨ ᠬᠤᠭᠤᠯᠠᠢ ᠪᠣᠯᠤᠨ ᠬᠦᠴᠢᠯᠲᠦ᠋ᠷᠦᠭᠴᠢ ᠳᠠᠮᠵᠢᠭᠤᠯᠬᠤ ᠰᠢᠰᠲ᠋ᠧᠮ ᠶᠢ ᠵᠠᠯᠭᠠᠵᠤ ᠂ ᠡᠪᠡᠳᠴᠢᠲᠡᠨ ᠤ ᠬᠦᠴᠢᠯᠲᠦ᠋ᠷᠦᠭᠴᠢ ᠶᠢ ᠠᠮᠢᠰᠬᠤᠬᠤ ᠳᠤ ᠬᠡᠷᠡᠭᠯᠡᠨ᠎ᠡ ᠃ ᠨᠢᠭᠡ ᠯᠠ ᠤᠳᠠᠭᠠᠨ ᠤ ᠴᠢᠨᠠᠷᠲᠠᠢ ᠪᠠᠷ ᠬᠡᠷᠡᠭᠯᠡᠨ᠎ᠡ ᠃ ᠬᠦᠴᠢᠯᠲᠦ᠋ᠷᠥᠭᠴᠢ ᠠᠮᠢᠰᠬᠤᠬᠤ ᠦᠶ᠎ᠡ ᠳᠤ ᠬᠦᠴᠢᠯᠲᠦ᠋ᠷᠥᠭᠴᠢ ᠪᠣᠯᠣᠨ ᠬᠦᠴᠢᠯᠲᠦ᠋ᠷᠥᠭᠴᠢ ᠬᠡᠷᠡᠭᠰᠡᠭᠴᠢ ᠶᠢᠨ ᠬᠤᠭᠤᠷᠣᠨᠳᠣᠬᠢ ᠬᠦᠴᠢᠯᠲᠦ᠋ᠷᠥᠭᠴᠢ ᠶᠢ ᠰᠢᠭᠤᠳ ᠬᠦᠷᠭᠡᠬᠦ ᠪᠤᠶᠤ ᠴᠢᠭᠢᠭᠵᠢᠭᠦᠯᠦᠭᠰᠡᠨ ᠤ ᠳᠠᠷᠠᠭ᠎ᠠ ᠬᠦᠷᠭᠡᠬᠦ ᠳᠤ ᠬᠡᠷᠡᠭᠯᠡᠨ᠎ᠡ ᠃ ᠲᠥᠷᠥᠯ ᠬᠤᠪᠢᠶᠠᠭᠰᠠᠨ ᠣᠷᠣᠯᠠᠬᠤ ᠨᠣᠮᠧᠷ ᠤᠨ ᠡᠮᠦᠨ᠎ᠡ 15 ᠣᠷᠣᠨ ᠨᠢ C14020226600013 ᠪᠣᠯᠬᠤ ᠦᠢᠯᠡᠳᠬᠦᠨ ᠨᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠬᠤᠷᠣᠭᠳᠠᠯ ᠮᠠᠲ᠋ᠧᠷᠢᠶᠠᠯ ᠳᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠥᠬᠡᠶ ᠃  ᠬᠤᠶᠠᠷ ᠂ ᠲᠠᠭᠯᠠᠨ ᠮᠡᠳᠡᠭᠦᠯᠬᠦ ᠭᠤᠣᠯ ᠴᠣᠭᠴᠠ  ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ ᠶᠢ ᠪᠠᠭᠲᠠᠭᠠᠨ᠎ᠠ ᠂ ᠳᠣᠷᠣᠭᠰᠢ ᠠᠳᠠᠯᠢ︶ ᠪᠣᠯᠤᠨ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠃  ᠭᠤᠷᠪᠠ ᠂ ᠲᠠᠭᠯᠠᠨ ᠮᠡᠳᠡᠭᠦᠯᠬᠦ ᠠᠭᠤᠯᠭ᠎ᠠ  ︵ᠨᠢᠭᠡ︶ ᠥᠩᠭᠡᠷᠡᠭᠰᠡᠨ ᠤ ᠬᠤᠳᠠᠯᠳᠤᠨ ᠠᠪᠤᠭᠰᠠᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ  ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ HIS ᠰᠢᠰᠲ᠋ᠧᠮ ᠤᠨ ᠳᠣᠲᠣᠷᠠᠬᠢ ᠪᠣᠳᠠᠲᠠᠶ ᠬᠤᠳᠠᠯᠳᠤᠨ ᠠᠪᠴᠤ ᠬᠡᠷᠡᠭᠯᠡᠭᠰᠡᠨ ᠲᠤᠭ᠎ᠠ ᠪᠠᠷᠢᠮᠲᠠ ᠲᠠᠢ ᠤᠶᠠᠯᠳᠤᠭᠤᠯᠤᠨ ᠂ ᠣᠶᠤᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ 2025 ᠣᠨ ᠤ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠂ ᠬᠤᠳᠠᠯᠳᠤᠨ ᠠᠪᠬᠤ ᠬᠠᠮᠤᠭ ᠤᠨ ᠳᠣᠤᠷ᠎ᠠ ᠨᠢᠭᠡᠴᠢ ᠦᠨ᠎ᠡ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠵᠤ ᠂ ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ︵27 ᠣᠷᠣᠨᠲᠤ ᠨᠣᠮᠧᠷ︶ ᠬᠦᠷᠲᠡᠯ᠎ᠡ ᠨᠠᠷᠢᠯᠢᠭᠵᠢᠭᠤᠯᠤᠨ᠎ᠠ ᠃ ᠬᠡᠷᠪᠡ ᠰᠢᠰᠲ᠋ᠧᠮ ᠤᠨ ᠳᠣᠲᠣᠷ᠎ᠠ ᠪᠠᠶᠢᠬᠤ ᠦᠭᠡᠶ ᠦᠢᠯᠡᠳᠬᠦᠨ ᠪᠠᠶᠢᠪᠠᠯ ᠂ ᠡᠮᠴᠢᠯᠡᠭᠡᠨ ᠤ ᠪᠠᠶᠢᠭᠤᠯᠤᠮᠵᠢ ᠱᠠᠭᠠᠷᠳᠠᠯᠭ᠎ᠠ ᠶᠣᠰᠣᠭᠠᠷ ︽ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠵᠦ ᠨᠥᠬᠦᠪᠥᠷᠢᠯᠡᠬᠦ ᠪᠦᠷᠢᠳᠬᠡᠯ ᠤᠨ ᠬᠦᠰᠦᠨᠦᠭᠲᠦ︾ ︵ᠳᠠᠭᠠᠯᠳᠤᠭᠤᠯᠤᠯ ᠳᠤ ᠨᠠᠷᠢᠨ ᠦᠵᠡ︶ ᠶᠢ ᠲᠠᠭᠯᠠᠵᠤ ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠲᠣᠭᠲᠠᠭᠰᠠᠨ ᠢᠮᠧᠯ ᠳᠤ ᠢᠯᠡᠭᠡᠬᠦ ᠬᠡᠷᠡᠭᠲᠡᠢ ︵ᠢᠮᠧᠯ ᠤᠨ ᠭᠠᠷᠴᠠᠭ ᠲᠤ ︽ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠯᠲᠡ ᠨᠥᠬᠦᠪᠥᠷᠢ︾ ᠭᠡᠵᠦ ᠲᠤᠳᠤᠷᠬᠠᠶᠢᠯᠠᠬᠤ ᠬᠡᠷᠡᠭᠲᠡᠢ︶ ᠃  ︵ᠬᠤᠶᠠᠷ︶ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ  ᠡᠯ᠎ᠡ ᠡᠮᠴᠢᠯᠡᠭᠡᠨ ᠤ ᠪᠠᠶᠢᠭᠤᠯᠤᠮᠵᠢ ᠨᠢ ᠲᠣᠰ ᠨᠢᠭᠡᠴᠢ ᠶᠢᠨ ᠢᠶᠠᠨ ᠥᠩᠭᠡᠷᠡᠭᠰᠡᠨ ᠤ ᠬᠤᠳᠠᠯᠳᠤᠨ ᠠᠪᠤᠭᠰᠠᠨ ᠬᠡᠮᠵᠢᠶ᠎ᠡ ᠂ ᠡᠮᠴᠢᠯᠡᠭᠡᠨ ᠳᠤ ᠬᠡᠷᠡᠭᠯᠡᠭᠰᠡᠨ ᠪᠠᠶᠢᠳᠠᠯ ᠪᠠ ᠡᠮᠴᠢᠯᠡᠭᠡᠨ ᠤ ᠮᠡᠷᠭᠡᠵᠢᠯ ᠤᠨ ᠳᠠᠪᠰᠢᠯᠲᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ ᠂ ᠢᠷᠡᠬᠦ‍ ᠨᠢᠭᠡ ᠵᠢᠯ ᠤᠨ ᠤᠶᠤᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠨ ᠲᠠᠭᠯᠠᠨ ᠮᠡᠳᠡᠭᠦᠯᠵᠦ ᠂ ᠦᠢᠯᠡᠳᠬᠦᠨ ᠤ ᠬᠡᠪ ᠪᠠᠷᠢᠮᠵᠢᠶ᠎ᠠ ᠬᠡᠯᠪᠡᠷᠢ ᠮᠠᠶ᠋ᠢᠭ ︵27 ᠣᠷᠣᠨᠲᠤ ᠨᠣᠮᠧᠷ︶ ᠬᠦᠷᠲᠡᠯ᠎ᠡ ᠨᠠᠷᠢᠯᠢᠭᠵᠢᠭᠤᠯᠤᠨ᠎ᠠ ᠃ ᠵᠠᠷᠴᠢᠮ ᠳᠡᠭᠡᠷ᠎ᠡ ᠪᠠᠨ ᠬᠤᠷᠣᠭᠳᠠᠯ ᠮᠠᠲ᠋ᠧᠷᠢᠶᠠᠯ ᠤᠨ ᠲᠦᠷᠦᠯ ᠵᠦᠢᠯ ᠨᠢᠭᠡᠪᠦᠷᠢ ᠳᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠶᠡᠷᠦᠩᠬᠡᠶ ᠬᠡᠮᠵᠢᠶ᠎ᠡ ᠶᠢ ᠥᠩᠭᠡᠷᠡᠭᠰᠡᠨ ᠤ ᠬᠤᠳᠠᠯᠳᠤᠨ ᠠᠪᠤᠭᠰᠠᠨ ᠬᠡᠮᠵᠢᠶᠡᠨ ᠤ ᠶᠡᠷᠦᠩᠬᠡᠶ ᠬᠡᠮᠵᠢᠶᠡᠨ ᠤ 80% ᠠᠴᠠ ᠳᠣᠤᠷ᠎ᠠ ᠪᠠᠶᠢᠯᠭᠠᠵᠤ ᠪᠣᠯᠬᠤ ᠦᠭᠡᠶ ᠂ ᠬᠡᠷᠪᠡ 80% ᠳᠤ ᠬᠥᠷᠥᠭᠰᠡᠨ ᠦᠭᠡᠶ ᠪᠣᠯ ᠲᠣᠳᠣᠷᠬᠠᠶᠢᠯᠠᠯᠲᠠ ᠬᠢᠬᠦ ᠬᠡᠷᠡᠭᠲᠡᠶ ᠃  ᠳᠥᠷᠪᠡ ᠂ ᠲᠠᠭᠯᠠᠨ ᠮᠡᠳᠡᠭᠦᠯᠬᠦ ᠠᠷᠭ᠎ᠠ ᠮᠠᠶ᠋ᠢᠭ  ᠲᠣᠰ ᠤᠳᠠᠭᠠᠨ ᠤ ᠣᠶᠣᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠤᠨ ᠥᠩᠭᠡᠷᠡᠭᠰᠡᠨ ᠤ ᠬᠤᠳᠠᠯᠳᠤᠨ ᠠᠪᠤᠭᠰᠠᠨ ᠬᠡᠮᠵᠢᠶ᠎ᠡ ᠪᠠ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠠᠭᠯᠠᠨ ᠮᠡᠳᠡᠭᠦᠯᠬᠦ ᠠᠵᠢᠯ ᠨᠢ ︽ᠯᠢᠶᠣᠤᠨᠢᠩ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ ᠲᠠᠪᠴᠠᠩ ᠤᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠦᠢᠯᠡᠴᠢᠯᠡᠭᠡᠨ ᠤ ᠰᠢᠰᠲ᠋ᠧᠮ — ᠬᠡᠮᠵᠢᠶ᠎ᠡ ᠲᠠᠢ ᠬᠤᠳᠠᠯᠳᠤᠨ ᠠᠪᠬᠤ ᠬᠤᠪᠢᠶᠠᠷᠢ ᠰᠢᠰᠲ᠋ᠧᠮ — ᠮᠤᠵᠢ ᠶᠢᠨ ᠬᠤᠭᠤᠷᠤᠨᠳᠤ ᠬᠤᠯᠪᠣᠭᠠᠯᠠᠨ ᠬᠤᠳᠠᠯᠳᠤᠨ ᠠᠪᠬᠤ ᠤᠶᠤᠬᠤ ᠤᠲᠠᠰᠤ ᠵᠡᠷᠭᠡ 5 ᠲᠥᠷᠥᠯ ᠤᠨ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠥᠷᠥᠯ ᠵᠦᠢᠯ︾ ᠳᠤ ᠨᠡᠪᠲᠡᠷᠡᠵᠦ ᠬᠠᠮᠢᠶ᠎ᠠ ᠪᠥᠬᠦᠶ ᠠᠵᠢᠯᠯᠠᠭᠠᠨ ︵ᠰᠦᠯᠵᠢᠶᠡᠨ ᠬᠠᠶ᠋ᠢᠭ᠄ https://ggfw.ybj.ln.gov.cn/tps-web/indexHome ︶ ᠢ ᠥᠷᠨᠢᠭᠦᠯᠦᠨ᠎ᠡ ᠂ ᠡᠮᠴᠢᠯᠡᠭᠡᠨ ᠤ ᠪᠠᠶᠢᠭᠤᠯᠤᠮᠵᠢ ᠨᠢ ᠠᠵᠢᠯᠯᠠᠭᠠᠨ ᠤ ᠶᠠᠪᠤᠴᠠ ᠳᠤ ᠬᠡᠷᠪᠡ ᠨᠢᠭᠤᠴᠠ ᠨᠣᠮᠧᠷ ᠢᠶᠠᠨ ᠮᠠᠷᠲᠠᠭᠰᠠᠨ ᠪᠠᠶᠢᠪᠠᠯ ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠮᠵᠢᠭᠤᠯᠵᠤ ᠨᠢᠭᠤᠴᠠ ᠨᠣᠮᠧᠷ ᠢᠶᠠᠨ ᠳᠠᠬᠢᠨ ᠲᠣᠬᠢᠷᠠᠭᠤᠯᠵᠤ ᠪᠣᠯᠤᠨ᠎ᠠ ᠃  ᠲᠠᠪᠤ ᠂ ᠴᠠᠭ ᠤᠨ ᠲᠣᠬᠢᠷᠠᠭᠤᠯᠤᠯᠲᠠ  ︵ᠨᠢᠭᠡ︶ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠬᠦ ᠴᠠᠭ᠄ 2025 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠠᠴᠠ 5 ᠳ᠋ᠤᠭᠠᠷ ᠰᠠᠷ᠎ᠠ ᠶᠢᠨ 14 ᠤ ᠡᠳᠦᠷ ᠤᠨ 17 ᠴᠠᠭ ᠪᠣᠯᠲᠠᠯ᠎ᠠ ᠃  ︵ᠬᠤᠶᠠᠷ︶ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠬᠠᠷᠭᠤᠭᠤᠯᠬᠤ ᠴᠠᠭ᠄ 2025 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ ᠠᠴᠠ 5 ᠳ᠋ᠤᠭᠠᠷ ᠰᠠᠷ᠎ᠠ ᠶᠢᠨ 15 ᠤ ᠡᠳᠦᠷ ᠤᠨ 17 ᠴᠠᠭ ᠪᠣᠯᠲᠠᠯ᠎ᠠ ᠃  ᠵᠢᠷᠭᠤᠭ᠎ᠠ ᠂ ᠠᠵᠢᠯ ᠤᠨ ᠱᠠᠭᠠᠷᠳᠠᠯᠭ᠎ᠠ  ︵ᠨᠢᠭᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ ᠂ ᠬᠠᠷᠢᠶ᠎ᠠ ᠣᠷᠣᠨ ᠤ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠡᠷᠴᠢᠮ ᠢᠶᠠᠨ ᠴᠢᠩᠭᠠᠳᠬᠠᠨ ᠂ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠬᠤ ᠬᠡᠷᠡᠭᠲᠡᠶ ᠃  ︵ᠬᠤᠶᠠᠷ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠬᠤᠳᠠᠯᠳᠤᠨ ᠠᠪᠬᠤ ᠬᠡᠷᠡᠭᠴᠡᠭᠡᠨ ᠤ ᠬᠡᠮᠵᠢᠶ᠎ᠡ ᠶᠢ ᠲᠣᠭᠲᠠᠭᠠᠬᠤ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠠᠳᠠᠯᠢ ᠲᠥᠷᠥᠯ ᠤᠨ ᠦᠨ᠎ᠡ ᠨᠢ ᠵᠣᠬᠢᠰᠲᠠᠶ ᠰᠣᠩᠭᠤᠭᠳᠠᠭᠰᠠᠨ ᠦᠢᠯᠡᠳᠭᠦᠨ ᠢ ᠰᠣᠩᠭᠤᠬᠤ ᠶᠢᠨ ᠬᠠᠮᠲᠤ ᠂ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠠᠯ ᠶᠣᠰᠣᠭᠠᠷ ᠬᠤᠪᠢᠶᠠᠷᠢᠯᠠᠬᠤ ᠬᠡᠮᠵᠢᠶ᠎ᠡ ᠪᠠᠨ ᠡᠵᠡᠨ ᠮᠡᠳᠡᠵᠦ ᠰᠣᠩᠭᠤᠬᠤ ᠶᠢ ᠦᠨᠡᠨ ᠬᠦ ᠪᠠᠲᠤᠯᠠᠬᠤ ᠬᠡᠷᠡᠭᠲᠡᠶ ᠃  ︵ᠭᠤᠷᠪᠠ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠨᠢᠭᠤᠴᠠ ᠨᠣᠮᠧᠷ ᠪᠠ ᠲᠠᠩᠰᠠᠨ ᠨᠣᠮᠧᠷ ᠤᠨ ᠬᠠᠮᠢᠶᠠᠷᠤᠯᠲᠠ ᠪᠠᠨ ᠴᠢᠩᠭᠠᠳᠬᠠᠵᠤ ᠂ ᠠᠵᠢᠯ ᠢ ᠰᠠᠶᠢᠲᠤᠷ ᠣᠶᠢᠯᠠᠭᠠᠬᠤ ᠲᠤᠰᠬᠠᠶ ᠬᠥᠮᠦᠨ ᠲᠣᠭᠲᠠᠭᠠᠨ ᠬᠠᠷᠢᠭᠤᠴᠠᠭᠤᠯᠵᠤ ᠂ ᠪᠤᠰᠤᠳ ᠬᠥᠮᠦᠨ ᠡᠮᠴᠢᠯᠡᠭᠡᠨ ᠤ ᠪᠠᠶᠢᠭᠤᠯᠤᠮᠵᠢ ᠶᠢᠨ ᠲᠠᠩᠰᠠᠨ ᠨᠣᠮᠧᠷ ᠢ ᠠᠰᠢᠭᠯᠠᠨ ᠬᠤᠳᠠᠯ ᠢᠶᠠᠷ ᠮᠡᠳᠡᠭᠦᠯᠬᠦ ᠂ ᠪᠤᠷᠤᠭᠤ ᠮᠡᠳᠡᠭᠦᠯᠬᠦ ᠂ ᠥᠭᠡᠷᠡᠴᠢᠯᠡᠨ ᠮᠡᠳᠡᠭᠦᠯᠵᠦ ᠬᠤᠳᠠᠯᠳᠤᠨ ᠠᠪᠬᠤ ᠬᠡᠷᠡᠭᠴᠡᠭᠡ ᠶᠢᠨ ᠬᠡᠮᠵᠢᠶ᠎ᠡ ᠵᠡᠷᠭᠡ ︽ᠬᠡᠮᠵᠢᠶ᠎ᠡ ᠨᠢ ᠦᠨᠡᠨ ᠪᠣᠳᠠᠲᠠᠶ ᠪᠢᠰᠢ︾ ᠠᠰᠠᠭᠤᠳᠠᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠬᠤ ᠬᠡᠷᠡᠭᠲᠡᠶ ᠃  ︵ᠲᠦᠷᠪᠡ︶ ᠬᠠᠮᠢᠶ᠎ᠠ ᠪᠥᠬᠦᠶ ᠡᠮᠴᠢᠯᠡᠭᠡᠨ ᠤ ᠪᠠᠶᠢᠭᠤᠯᠤᠮᠵᠢ ᠨᠤᠭᠤᠳ ᠱᠠᠭᠠᠷᠳᠠᠯᠭ᠎ᠠ ᠶᠣᠰᠣᠭᠠᠷ ᠲᠤᠭ᠎ᠠ ᠪᠠᠷᠢᠮᠲᠠ ᠶᠢ ᠲᠠᠭᠯᠠᠨ ᠮᠡᠳᠡᠭᠦᠯᠬᠦ ᠠᠵᠢᠯ ᠢ ᠰᠠᠶᠢᠲᠤᠷ ᠬᠢᠵᠦ ᠂ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠂ ᠣᠨᠣᠪᠴᠢᠲᠠᠶ ᠂ ᠬᠦᠴᠦᠨ ᠵᠦᠢᠯ ᠪᠦᠷᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠃ ᠲᠤᠭ᠎ᠠ ᠪᠠᠷᠢᠮᠲᠠ ᠶᠢ ᠲᠤᠰᠢᠶᠠᠬᠤ ᠠᠴᠠ ᠡᠮᠦᠨ᠎ᠡ ᠰᠢᠰᠲ᠋ᠧᠮ ᠠᠴᠠ ︽ᠠᠮᠠᠯᠠᠯᠲᠠ ᠶᠢᠨ ᠪᠢᠴᠢᠭ︾ ᠢ ᠪᠠᠭᠤᠯᠭᠠᠨ ᠠᠪᠴᠤ ᠂ ᠲᠣᠰ ᠨᠢᠭᠡᠴᠢ ᠶᠢᠨ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠨ ᠨᠤᠲᠠᠯᠠᠭᠤᠯᠵᠤ ᠂ ᠠᠯᠪᠠᠨ ᠲᠠᠮᠠᠭ᠎ᠠ ᠶᠢ ᠳᠠᠷᠤᠵᠤ ᠰᠢᠷᠪᠢᠭᠦᠯᠦᠭᠰᠡᠨ ᠤ ᠳᠠᠷᠠᠭ᠎ᠠ ᠂ ᠰᠢᠰᠲ᠋ᠧᠮ ᠳᠤ ᠳᠠᠮᠵᠢᠭᠤᠯᠤᠨ᠎ᠠ ᠃  ᠢᠮᠧᠯ᠄ nmgycqxk@163.com   ᠳᠠᠭᠠᠯᠳᠤᠭᠤᠯᠤᠯ᠄ ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠵᠦ ᠨᠥᠬᠦᠪᠥᠷᠢᠯᠡᠬᠦ ᠪᠦᠷᠢᠳᠬᠡᠯ ᠤᠨ ᠬᠦᠰᠦᠨᠦᠭᠲᠦ              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ            2025 ᠣᠨ ᠤ 4 ᠳ᠋ᠦ᠋ᠭᠡᠷ ᠰᠠᠷ᠎ᠠ ᠶᠢᠨ 25 ᠤ ᠡᠳᠦᠷ ᠳᠠᠭᠠᠯᠳᠤᠭᠤᠯᠤᠯ᠄ ᠳᠠᠭᠠᠯᠳᠤᠭᠤᠯᠤᠯ᠄ ᠳᠤᠲᠠᠭᠳᠠᠵᠤ ᠪᠠᠶᠢᠭ᠎ᠠ ᠦᠢᠯᠡᠳᠬᠦᠨ ᠤ ᠨᠡᠮᠡᠵᠦ ᠨᠥᠬᠦᠪᠥᠷᠢᠯᠡᠬᠦ ᠪᠦᠷᠢᠳᠬᠡᠯ ᠤᠨ ᠬᠦᠰᠦᠨᠦᠭᠲᠦ.xlsx

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号