ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠭᠰᠠᠨ 62 ᠵᠦᠢᠯ ᠤᠨ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠵᠦᠢᠯ ᠢ ᠮᠠᠨ ᠤ ᠣᠷᠣᠨ ᠳᠤ ᠪᠣᠳᠠᠲᠠᠶ ᠬᠡᠷᠡᠭᠵᠢᠭᠦᠯᠪᠡ
ᠨᠡᠶᠢᠲᠡᠯᠡᠭᠰᠡᠨ ᠴᠠᠭ᠄
2025/4/28
  4 ᠳ᠋ᠦ᠋ᠭᠡᠷ ᠰᠠᠷ᠎ᠠ ᠶᠢᠨ 28 ᠤ ᠡᠳᠦᠷ ᠠᠴᠠ ᠡᠬᠢᠯᠡᠨ᠂ ᠠᠷᠪᠠᠳᠤᠭᠠᠷ ᠪᠦᠯᠦᠭ ᠤᠨ ᠤᠯᠤᠰ ᠠᠴᠠ ᠵᠣᠬᠢᠶᠠᠨ ᠪᠠᠶᠢᠭᠤᠯᠵᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠳᠠᠭᠰᠠᠨ ᠳ᠋ᠦᠩ ᠢ ᠮᠠᠨ ᠤ ᠣᠷᠣᠨ ᠳᠤ ᠪᠣᠳᠠᠲᠠᠶ ᠬᠡᠷᠡᠭᠵᠢᠭᠦᠯᠪᠡ᠂ ᠨᠡᠶᠢᠲᠡ 62 ᠵᠦᠢᠯ ᠤᠨ ᠡᠮ ᠤᠨ ᠵᠦᠢᠯ ᠪᠠᠶᠢᠵᠤ᠂ ᠳᠤᠮᠳᠠᠴᠢ ᠪᠠᠭᠤᠷᠠᠯᠲᠠ ᠶᠢᠨ ᠬᠡᠮᠵᠢᠶ᠎ᠡ ᠨᠢ 60% ᠶᠢ ᠳᠠᠪᠠᠪᠠ᠃  ᠲᠣᠰ ᠤᠳᠠᠭᠠᠨ ᠤ ᠬᠤᠳᠠᠯᠳᠤᠨ ᠠᠪᠤᠭᠰᠠᠨ ᠡᠮ ᠤᠨ ᠵᠦᠢᠯ ᠳᠤ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠬᠠᠪᠤᠳᠠᠷ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠡᠷᠭᠡ ᠡᠪᠡᠳᠴᠢᠨ ᠤ ᠲᠥᠷᠥᠯ ᠢ ᠬᠠᠮᠤᠷᠴᠤ᠂ ᠠᠰᠫᠢᠷᠢᠨ ᠭᠡᠳᠡᠰᠦᠨ ᠤ ᠠᠭᠤᠰᠤᠮᠠᠯ ᠤᠨ ᠬᠠᠪᠲᠠᠭᠠᠢ᠂ ᠠᠢ ᠳ᠋ᠢ ᠶᠠᠰᠤᠨ ᠤ ᠠᠯᠺᠣᠣᠯ ᠤᠨ ᠵᠥᠭᠡᠯᠡᠨ ᠬᠤᠮᠵᠢᠶ᠎ᠠ᠂ ᠬᠥᠬᠡ ᠬᠦᠬᠡᠴᠦ ᠶᠢᠨ ᠲᠠᠷᠢᠯᠭ᠎ᠠ ᠶᠢᠨ ᠡᠮ ᠵᠡᠷᠭᠡ ᠣᠯᠠᠨ ᠵᠦᠢᠯ ᠤᠨ ᠦᠷᠭᠦᠯᠵᠢ ᠬᠡᠷᠡᠭᠯᠡᠳᠡᠭ ᠡᠮ ᠤᠨ ᠵᠦᠢᠯ ᠵᠢᠴᠢ ᠬᠠᠪᠲᠠᠭᠠᠢ ᠡᠮ᠂ ᠬᠤᠮᠵᠢᠶ᠎ᠠ ᠡᠮ᠂ ᠲᠠᠷᠢᠯᠭ᠎ᠠ ᠶᠢᠨ ᠡᠮ ᠵᠡᠷᠭᠡ ᠣᠯᠠᠨ ᠵᠦᠢᠯ ᠤᠨ ᠡᠮ ᠲᠠᠢ ᠬᠤᠯᠪᠣᠭᠳᠠᠪᠠ᠃ ᠬᠡᠷᠡᠭᠵᠢᠭᠦᠯᠬᠦ ᠬᠡᠪᠴᠢᠶ᠎ᠡ ᠳᠤ ᠪᠦᠬᠦ ᠣᠷᠣᠨ ᠤ ᠠᠯᠪᠠᠨ ᠠᠴᠠ ᠪᠠᠶᠢᠭᠤᠯᠤᠭᠰᠠᠨ ᠪᠤᠶ ᠪᠦᠬᠦᠢ ᠡᠮᠴᠢᠯᠡᠭᠡᠨ ᠤ ᠪᠠᠶᠢᠭᠤᠯᠤᠮᠵᠢ᠂ ᠴᠡᠷᠢᠭ ᠠᠩᠭᠢ ᠶᠢᠨ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠪᠠᠶᠢᠵᠤ᠂ ᠲᠣᠭᠲᠠᠭᠰᠠᠨ ᠴᠡᠭ ᠤᠨ ᠡᠮ ᠤᠨ ᠳᠡᠯᠭᠡᠭᠦᠷ ᠨᠢ ᠲᠣᠭᠲᠠᠭᠰᠠᠨ ᠴᠡᠭ ᠤᠨ ᠵᠥᠪᠳᠡᠯᠴᠡᠬᠡᠷ ᠢᠶᠠᠷ ᠬᠠᠮᠢᠶᠠᠷᠬᠤ ᠱᠠᠭᠠᠷᠳᠠᠯᠭ᠎ᠠ ᠶᠣᠰᠣᠭᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃  ︽ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠳᠤ ᠡᠮᠴᠢᠯᠡᠭᠡᠨ ᠤ ᠬᠡᠷᠡᠭᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠠᠳᠠᠯᠢ ᠨᠢᠭᠡᠨ ᠡᠮᠴᠢᠯᠡᠭᠡᠨ ᠤ ᠬᠦᠷᠢᠶ᠎ᠡ ᠴᠠᠷᠠᠭ᠎ᠠ ᠳᠤ ᠠᠳᠠᠯᠢ ᠪᠤᠰᠤ ᠦᠢᠯᠡᠳᠦᠯ ᠦᠵᠡᠭᠦᠯᠬᠦ ᠵᠢᠮ᠎ᠡ ᠶᠣᠰᠣ ᠪᠤᠶᠤ ᠡᠮᠴᠢᠯᠡᠭᠡᠨ ᠤ ᠦᠷ᠎ᠡ ᠠᠰᠢᠭ ᠨᠢ ᠨᠠᠩ ᠰᠠᠶᠢᠨ᠂ ᠬᠡᠷᠡᠭᠯᠡᠬᠦ ᠳᠤ ᠨᠠᠩ ᠳᠥᠭᠦᠮ ᠡᠮ ᠤᠨ ᠵᠦᠢᠯ ᠢ ᠥᠷᠭᠡᠨ ᠢᠶᠠᠷ ᠣᠷᠤᠭᠤᠯᠤᠭᠰᠠᠨ ᠪᠠᠶᠢᠨ᠎ᠠ᠂ ᠵᠢᠱᠢᠶᠡᠯᠡᠪᠡᠯ ᠬᠥᠬᠦᠨ ᠪᠤᠯᠴᠢᠷᠬᠠᠶ ᠶᠢᠨ ᠥᠮᠡᠨ ᠤ ᠨᠢᠭᠡᠳᠦᠭᠡᠷ ᠱᠤᠭᠤᠮ ᠳᠤ ᠬᠡᠷᠡᠭᠯᠡᠬᠦ ᠡᠮ ᠪᠣᠯᠬᠤ ᠳᠠᠪᠤᠰᠤᠨ ᠬᠦᠴᠢᠯ ᠤᠨ ᠲᠠᠷᠢᠯᠭ᠎ᠠ ᠶᠢᠨ ᠰᠢᠩᠭᠡᠨ ᠢ ᠡᠩ ᠤᠨ ᠦᠢᠯᠡᠳᠬᠦᠨ ᠲᠠᠢ ᠬᠠᠷᠢᠴᠠᠭᠤᠯᠪᠠᠯ ᠡᠮ ᠤᠨ ᠵᠦᠢᠯ ᠢ ᠬᠡᠷᠡᠭᠯᠡᠭᠰᠡᠨ ᠤ ᠳᠠᠷᠠᠭᠠᠬᠢ ᠮᠠᠭᠤ ᠲᠤᠰᠬᠠᠯ ᠢ ᠪᠦᠲᠦᠮᠵᠢᠲᠡᠶ ᠪᠠᠭᠤᠷᠠᠭᠤᠯᠵᠤ᠂ ᠡᠮ ᠬᠡᠷᠡᠭᠯᠡᠬᠦ ᠠᠮᠤᠷ ᠲᠦᠪᠰᠢᠨ ᠢ ᠢᠯᠡᠳᠲᠡ ᠳᠡᠭᠡᠭᠰᠢᠯᠡᠭᠦᠯᠵᠦ ᠴᠢᠳᠠᠨ᠎ᠠ᠃ ᠪᠠᠰᠠ ᠵᠢᠱᠢᠶᠡᠯᠡᠪᠡᠯ᠂ ᠰᠢᠬᠢᠷ ᠢ ᠪᠠᠭᠤᠷᠠᠭᠤᠯᠬᠤ ᠡᠮ ᠪᠣᠯᠬᠤ ᠰᠢᠭᠧᠲ᠋ᠢᠨ ᠬᠤᠶᠠᠷ ᠮᠧᠲ᠋ᠠᠨ ᠭᠤᠸᠠᠨᠢᠳᠢᠨ ᠬᠤᠶᠠᠷᠴᠢ ᠹᠧᠨᠲ᠋ᠧᠨ ᠬᠠᠪᠲᠠᠭᠠᠢ ᠵᠡᠷᠭᠡ ᠬᠤᠯᠢᠮᠠᠭ ᠵᠣᠷ ᠤᠨ ᠨᠠᠶᠢᠷᠠᠯᠭ᠎ᠠ ᠲᠠᠢ ᠡᠮ ᠨᠢ ᠭᠠᠭᠴᠠ ᠦᠢᠯᠡᠳᠦᠯᠲᠦ ᠡᠮ ᠢ ᠬᠡᠷᠡᠭᠯᠡᠭᠰᠡᠨ ᠠᠴᠠ ᠪᠣᠯᠵᠣ ᠮᠡᠳᠡᠬᠦ ᠤᠤᠭᠤᠬᠤ ᠪᠠᠨ ᠣᠷᠬᠢᠭᠳᠠᠭᠤᠯᠬᠤ᠂ ᠪᠤᠷᠤᠭᠤ ᠤᠤᠭᠤᠬᠤ ᠠᠰᠭᠠᠤᠳᠠᠯ ᠤᠳ ᠠᠴᠠ ᠵᠠᠶᠢᠯᠠᠰᠬᠢᠵᠦ᠂ ᠡᠪᠡᠳᠴᠢᠲᠡᠨ ᠤ ᠡᠮᠨᠡᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ ᠬᠠᠮᠲᠤ ᠡᠪᠡᠳᠴᠢᠲᠡᠨ ᠤ ᠬᠡᠷᠡᠭᠯᠡᠬᠦ ᠡᠮ ᠤᠨ ᠦᠨᠳᠦᠰᠦᠯᠡᠬᠦ ᠴᠢᠨᠠᠷ ᠢ ᠳᠡᠭᠡᠭᠰᠢᠯᠡᠭᠦᠯᠵᠦ ᠪᠣᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ᠡᠷᠬᠢᠯᠡᠭᠴᠢ ᠯᠢᠦ ᠵᠢᠶᠦ᠋ᠨ ᠬᠡᠯᠡᠨ᠎ᠡ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠨᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠪᠠᠨ ᠦᠷᠭᠦᠯᠵᠢᠯᠡᠨ ᠠᠬᠢᠭᠤᠯᠬᠤ ᠪᠠ ᠲᠡᠭᠦᠯᠳᠡᠷᠵᠢᠭᠦᠯᠵᠦ᠂ ᠬᠤᠳᠠᠯᠳᠤᠨ ᠠᠪᠬᠤ ᠳᠦᠷᠢᠮ ᠢ ᠰᠢᠯᠢᠳᠡᠭᠵᠢᠭᠦᠯᠦᠨ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠢ ᠪᠠᠶᠠᠯᠢᠭᠵᠢᠭᠤᠯᠵᠤ᠂ ᠨᠠᠩ ᠣᠯᠠᠨ ᠴᠢᠨᠠᠷ ᠰᠠᠶᠢᠲᠠᠶ ᠦᠨ᠎ᠡ ᠳᠣᠣᠷ᠎ᠠ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶᠡᠨ ᠳᠤ ᠣᠷᠣᠭᠤᠯᠬᠤ ᠶᠢᠨ ᠬᠠᠮᠲᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠨᠠᠩ ᠣᠯᠠᠨ ᠣᠯᠠᠨ ᠲᠦᠮᠡᠨ ᠳᠤ ᠠᠰᠢᠭ ᠬᠦᠷᠲᠡᠭᠡᠬᠦ ᠪᠣᠯᠣᠨ᠎ᠠ᠃
W020250428360604780320.png
 
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号