2025 ᠣᠨ ᠪᠣᠯ ᠲᠠᠪᠤᠨ ᠰᠠᠷ᠎ᠠ ᠶᠢᠨ ᠳᠥᠷᠪᠡᠨ ᠤ ᠬᠥᠳᠡᠯᠭᠡᠭᠡᠨ ᠤ 106 ᠵᠢᠯ ᠤᠨ ᠣᠢ ᠪᠠᠶᠢᠵᠤ ᠂ ᠮᠥᠨ | ᠴᠤ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 103 ᠵᠢᠯ ᠤᠨ ᠣᠢ | ᠪᠣᠯᠣᠨ᠎ᠠ ᠃ ︽ᠲᠠᠪᠤᠨ ᠰᠠᠷ᠎ᠠ ᠶᠢᠨ ᠳᠥᠷᠪᠡᠨ︾ ᠤ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠵᠤ ᠂ ᠥᠷᠭᠡᠨ ᠣᠯᠠᠨ ᠡᠮᠴᠢᠯᠡᠭᠡᠨ ᠤ ᠪᠠᠲᠤᠯᠠᠭ᠎ᠠ ᠶᠢᠨ ᠵᠠᠯᠠᠭᠤ ᠺᠠᠳ᠋ᠷᠴᠤᠳ ᠤᠨ ᠴᠠᠭ | ᠦᠶ᠎ᠡ ᠶᠢᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠶ ᠡᠭᠦᠷᠭᠡᠯᠡᠵᠦ ᠂ ᠦᠷᠭᠦᠯᠵᠢᠯᠡᠨ ᠴᠢᠷᠮᠠᠶᠢᠨ ᠲᠡᠮᠡᠴᠡᠬᠦ ᠶᠢ ᠨᠢ | ᠵᠣᠷᠢᠭᠵᠢᠭᠤᠯᠬᠤ ᠶᠢᠨ ᠲᠤᠰᠠᠳᠠ ᠂ 4 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽︿ᠵᠠᠯᠠᠭᠤᠴᠤᠳ﹀ ᠢ | ᠨᠢᠭᠲᠠᠷᠠᠭᠤᠯᠵᠤ ᠬᠦᠴᠦᠨ ᠢᠶᠠᠨ ᠬᠠᠮᠲᠤᠳᠬᠠᠨ • ᠦᠰᠦᠨ ᠪᠤᠶᠢᠵᠢᠯᠲᠠ ᠶᠢ ᠬᠠᠮᠲᠤ ᠪᠠᠷ ᠶᠠᠷᠢᠯᠴᠠᠬᠤ︾ ᠭᠢᠯᠪᠡᠭᠡᠨ | ᠬᠤᠪᠢᠶᠠᠯᠴᠠᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ ᠃ | | | | | | ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠂ 11 ᠵᠠᠯᠠᠭᠤ ᠺᠠᠳ᠋ᠷ ᠤᠨ ᠲᠥᠯᠥᠭᠡᠯᠡᠭᠴᠢ ᠲᠥᠪ ᠤᠨ ᠨᠠᠢᠮᠠᠨ | ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ | ᠣᠯᠤᠯᠲᠠ ᠲᠦᠷᠦᠭᠳᠡᠯ ᠂ ᠡᠳᠦᠷ ᠲᠤᠳᠤᠮ ᠤᠨ ᠠᠵᠢᠯ ᠤᠨ ᠵᠢᠵᠢᠭ ᠰᠠᠵᠢᠭ ᠲᠦᠷᠦᠭᠳᠡᠯ ᠪᠠ ᠦᠰᠦᠨ ᠪᠤᠶᠢᠵᠢᠵᠤ | ᠲᠠᠪᠰᠢᠭᠰᠠᠨ ᠲᠠᠨᠢᠯᠲᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠨ ᠬᠤᠪᠢᠶᠠᠯᠴᠠᠵᠤ ᠂ ᠲᠦᠷᠦᠭᠳᠡᠯ ᠪᠠ | ᠥᠩᠭᠡᠷᠡᠯᠲᠡ ᠂ ᠠᠮᠵᠢᠯᠲᠠ ᠪᠦᠲᠦᠮᠵᠢ ᠪᠠ ᠪᠠᠶᠠᠷ ᠪᠠᠭ᠋ᠠᠳᠤᠯ ᠢᠶᠠᠨ ᠠᠭᠤᠵᠢᠷᠠᠲᠠᠯ᠎ᠠ ᠶᠠᠷᠢᠯᠴᠠᠵᠤ ᠂ ᠤᠳᠤ ᠦᠶ᠎ᠡ ᠶᠢᠨ | ᠵᠠᠯᠠᠭᠤ ᠺᠠᠳ᠋ᠷᠴᠤᠳ ᠤᠨ ᠡᠷᠡᠯᠬᠡᠭᠯᠡᠨ ᠤᠷᠤᠭᠰᠢᠯᠠᠬᠤ ᠂ ᠲᠡᠰᠪᠦᠷᠢ ᠬᠠᠲᠠᠭᠤᠵᠢᠯᠲᠠᠢ ᠲᠡᠮᠡᠴᠡᠬᠦ ᠰᠠᠶᠢᠨ ᠰᠠᠶᠢᠬᠠᠨ | ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ ᠃ | ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠴᠠᠩ ᠴᠢᠩ | ᠵᠠᠯᠠᠭᠤ ᠺᠠᠳ᠋ᠷᠴᠤᠳ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠤ ᠭᠠᠷᠭᠠᠭᠰᠠᠨ ᠬᠤᠪᠢ ᠨᠡᠮᠡᠷᠢ ᠪᠠ ᠬᠤᠪᠢ | ᠨᠡᠮᠡᠷᠢ ᠶᠢ ᠭᠦᠢᠴᠡᠳ ᠨᠤᠲᠠᠯᠠᠵᠤ ᠂ ᠵᠠᠯᠠᠭᠤ ᠺᠠᠳ᠋ᠷᠴᠤᠳ ᠤᠨ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠬᠦ ᠂ | ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ ᠶᠢ ᠵᠣᠷᠢᠭᠵᠢᠭᠤᠯᠵᠤ ᠂ ᠠᠵᠢᠯ ᠪᠠ ᠠᠮᠢᠳᠤᠷᠠᠯ ᠤᠨ ᠲᠠᠯ᠎ᠠ ᠪᠠᠷ | ᠢᠯᠡᠭᠦᠬᠡᠨ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ ᠂ ᠱᠠᠳᠤ ᠱᠠᠳᠤ ᠪᠠᠷ ᠪᠣᠯᠪᠠᠰᠤᠷᠠᠬᠤ ᠳᠤᠮᠳᠠ | ᠲᠤᠷᠰᠢᠯᠭ᠎ᠠ ᠬᠤᠷᠠᠮᠳᠤᠭᠤᠯᠬᠤ ᠬᠡᠷᠡᠭᠲᠡᠢ︔ ᠢᠳᠡᠪᠬᠢᠲᠡᠢ ᠪᠠᠷ ᠤᠷᠤᠭᠰᠢᠯᠠᠨ ᠲᠠᠪᠰᠢᠵᠤ ᠂ ᠥᠪᠡᠷ ᠢ ᠪᠠᠨ | ᠱᠠᠭᠠᠷᠳᠠᠬᠤ ᠶᠢ ᠴᠢᠩᠭᠠᠷᠠᠭᠤᠯᠵᠤ ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠦᠢᠯᠡᠳᠦᠯᠭᠡ ᠶᠢᠨ ᠡᠮᠦᠨ᠎ᠡ ᠹᠷᠣᠨᠲ ᠲᠤ ᠰᠠᠯᠬᠢ ᠪᠣᠷᠣᠭᠠᠨ ᠢ ᠥᠩᠭᠡᠷᠡᠭᠦᠯᠵᠦ ᠂ ᠶᠢᠷᠲᠢᠨᠴᠦ ᠲᠠᠢ | ᠲᠠᠨᠢᠯᠴᠠᠵᠤ ᠂ ᠲᠤᠷᠰᠢᠯᠭ᠎ᠠ ᠬᠤᠷᠠᠮᠳᠤᠭᠤᠯᠬᠤ ᠬᠡᠷᠡᠭᠲᠡᠢ︔ ᠶᠣᠰᠣ ᠨᠣᠮ ᠲᠠᠢ ᠂ ᠰᠡᠳᠬᠢᠯ ᠵᠢᠷᠦᠬᠡ ᠪᠠᠨ ᠠᠭᠤᠵᠢᠭᠤ | ᠲᠠᠯᠪᠢᠵᠤ ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠳᠤᠮᠳᠠ ᠂ ᠥᠪᠡᠷ ᠢ ᠪᠠᠨ ᠲᠤᠩᠭᠠᠬᠤ ᠂ ᠥᠪᠡᠷ ᠢ ᠪᠠᠨ ᠰᠡᠷᠡᠮᠵᠢᠯᠡᠭᠦᠯᠬᠦ ᠂ | ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ ᠭᠡᠵᠡᠢ ᠃ | ᠳᠠᠷᠠᠭᠠᠴᠢ ᠶᠢᠨ ᠠᠯᠬᠤᠮ ᠳᠤ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ ᠂ ᠵᠠᠯᠠᠭᠤ ᠺᠠᠳ᠋ᠷᠴᠤᠳ ᠤᠨ | ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ ᠂ ᠵᠣᠷᠢᠯᠲᠠ ᠶᠢᠨ ᠤᠬᠠᠮᠰᠠᠷ ᠢᠶᠠᠨ | ᠴᠢᠩᠭᠠᠷᠠᠭᠤᠯᠵᠤ ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠵᠤ ᠂ ︽ᠬᠥᠳᠡᠯᠭᠡᠬᠦ ᠬᠦᠴᠦᠨ ᠢ | ᠬᠥᠭᠵᠢᠭᠡᠬᠦ ᠂ ᠴᠢᠳᠠᠪᠤᠷᠢ ᠶᠢ ᠳᠡᠭᠡᠭᠰᠢᠯᠡᠭᠦᠯᠬᠦ ᠂ ᠠᠮᠢᠵᠢᠷᠠᠯ ᠤᠨ ᠬᠦᠴᠦᠨ ᠢ ᠴᠢᠩᠭᠠᠳᠬᠠᠬᠤ︾ ᠪᠠᠷ ᠭᠠᠷᠳᠠᠴᠠ | ᠪᠣᠯᠭᠠᠵᠤ ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠪᠠ ᠪᠠᠲᠤᠯᠠᠬᠤ ᠦᠢᠯᠡᠳᠦᠯ ᠢ | ᠬᠦᠴᠦᠯᠡᠨ ᠪᠠᠳᠠᠷᠠᠭᠤᠯᠵᠤ ᠂ ᠴᠢᠨᠠᠷ ᠰᠠᠶᠢᠲᠠᠢ ᠡᠮᠴᠢᠯᠡᠭᠡᠨ ᠤ ᠪᠠᠲᠤᠯᠠᠭ᠎ᠠ ᠶᠢᠨ ᠵᠠᠯᠠᠭᠤᠴᠤᠳ ᠤᠨ ᠲᠡᠮᠦᠷ ᠴᠡᠷᠢᠭ ᠢ | ᠪᠠᠶᠢᠭᠤᠯᠵᠤ ᠂ ᠪᠦᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠬᠥᠭᠵᠢᠯᠲᠡ ᠶᠢ ︽ᠲᠦᠷᠭᠡᠨ ᠵᠠᠮ︾ | ᠳᠤ ᠣᠷᠣᠭᠤᠯᠬᠤ ᠶᠢ ᠠᠬᠢᠭᠤᠯᠬᠤ ᠪᠣᠯᠣᠨ᠎ᠠ ᠃ | |