ᠤᠯᠠᠭᠠᠨᠴᠠᠪ ᠬᠤᠲᠠ ᠶᠢᠨ 2025 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/4/7
ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠳᠤ ᠄  ︽ᠤᠯᠠᠭᠠᠨᠴᠠᠪ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠰᠢᠯᠢᠨ ᠰᠣᠩᠭᠤᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ ᠂ ᠡᠳᠦᠭᠡ 2025 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠰᠠᠨ ᠳ᠋ᠦᠩ ᠢ ᠨᠡᠶᠢᠲᠡᠯᠡᠬᠦ ᠶᠢᠨ ᠬᠠᠮᠲᠤ ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄  ᠨᠢᠭᠡ ᠂ ᠨᠡᠶᠢᠲᠡᠯᠡᠬᠦ ᠠᠭᠤᠯᠭ᠎ᠠ  2025 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠢᠯᠢᠨ ᠰᠣᠩᠭᠤᠭᠰᠠᠨ ᠳ᠋ᠦᠩ  ᠬᠤᠶᠠᠷ ᠂ ᠨᠡᠶᠢᠲᠡᠯᠡᠬᠦ ᠴᠠᠭ  2025 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ — 11 ᠤ ᠡᠳᠦᠷ ᠪᠣᠯᠲᠠᠯ᠎ᠠ  ᠭᠤᠷᠪᠠ ᠂ ᠬᠠᠮᠢᠶ᠎ᠠ ᠪᠦᠬᠦᠢ ᠱᠠᠭᠠᠷᠳᠠᠯᠭ᠎ᠠ  ︵ᠨᠢᠭᠡ︶ ᠬᠠᠮᠢᠶ᠎ᠠ ᠪᠦᠬᠦᠢ ᠠᠵᠤ ᠠᠬᠤᠶᠢᠯᠠᠯ ᠨᠢ ᠨᠡᠶᠢᠲᠡᠯᠡᠭᠰᠡᠨ ᠠᠭᠤᠯᠭ᠎ᠠ ᠳᠤ ᠣᠨᠳᠣᠤ ᠰᠠᠨᠠᠯ ᠲᠠᠢ ᠪᠠᠶᠢᠪᠠᠯ ᠂ ᠨᠡᠶᠢᠲᠡᠯᠡᠬᠦ ᠬᠤᠭᠤᠴᠠᠭᠠᠨ ᠳᠤ ᠦᠨᠡᠨ ᠪᠣᠳᠠᠲᠠᠶ ᠂ ᠬᠦᠴᠦᠨ ᠲᠠᠢ ᠂ ᠪᠦᠷᠢᠨ ᠭᠦᠢᠴᠡᠳ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ ᠂ ᠬᠤᠭᠤᠴᠠᠭ᠎ᠠ ᠥᠩᠭᠡᠷᠡᠪᠡᠯ ᠬᠦᠯᠢᠶᠡᠨ ᠠᠪᠴᠤ ᠰᠢᠢᠳᠪᠦᠷᠢᠯᠡᠬᠦ ᠦᠭᠡᠢ ᠃  ︵ᠬᠤᠶᠠᠷ︶ ᠨᠡᠶᠢᠲᠡᠯᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠂ ᠰᠢᠯᠢᠨ ᠰᠣᠩᠭᠤᠯᠲᠠ ᠳᠤ ᠪᠠᠲᠤᠯᠠᠭᠳᠠᠭᠰᠠᠨ ᠬᠠᠮᠢᠶ᠎ᠠ ᠪᠥᠬᠦᠶ ᠠᠵᠤ ᠠᠬᠤᠶᠢᠯᠠᠯ ᠨᠢ ᠤᠯᠠᠭᠠᠨᠴᠠᠪ ᠬᠤᠲᠠ ᠶᠢᠨ ᠳᠣᠭᠢᠷᠠᠭᠤᠯᠤᠨ ᠬᠦᠷᠭᠡᠯᠲᠡ ᠶᠢ ᠰᠢᠭᠤᠳ ᠨᠡᠭᠡᠭᠡᠵᠦ ᠪᠣᠯᠤᠨ᠎ᠠ︔ ᠳᠡᠩᠰᠡᠯᠡᠨ ᠭᠡᠷᠡᠴᠢᠯᠡᠬᠦ ᠴᠢᠬᠤᠯᠠᠲᠠᠶ ᠬᠠᠮᠢᠶ᠎ᠠ ᠪᠥᠬᠦᠶ ᠠᠵᠤ ᠠᠬᠤᠶᠢᠯᠠᠯ ᠨᠢ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠰᠦᠯᠵᠢᠶᠡᠨ ᠲᠢᠩᠬᠢᠮ ᠳᠤ ᠣᠷᠤᠵᠤ ᠨᠢᠭᠡᠴᠢ ᠶᠢᠨ ᠲᠠᠩᠰᠠᠨ ᠨᠣᠮᠧᠷ ᠢᠶᠠᠨ ᠳᠠᠩᠰᠠᠯᠠᠭᠤᠯᠵᠤ ᠂ ᠨᠢᠭᠤᠷ ᠤᠨ ᠵᠢᠯᠣᠭᠤᠳᠣᠯᠭ᠎ᠠ ᠶᠣᠰᠣᠭᠠᠷ ᠭᠡᠷᠡᠴᠢᠯᠡᠯ ᠢ ᠪᠡᠶᠡᠯᠡᠭᠦᠯᠬᠦ ᠶᠢᠨ ᠬᠠᠮᠲᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠠᠭᠠᠯᠠᠭᠰᠠᠨ ᠤ ᠳᠠᠷᠠᠭ᠎ᠠ ᠮᠠᠨ ᠤ ᠬᠤᠲᠠ ᠶᠢᠨ ᠳᠣᠭᠢᠷᠠᠭᠤᠯᠤᠨ ᠬᠦᠷᠭᠡᠯᠲᠡ ᠶᠢ ᠨᠡᠭᠡᠭᠡᠵᠦ ᠪᠣᠯᠤᠨ᠎ᠠ ᠃  ︵ᠭᠤᠷᠪᠠ︶ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠦᠢᠯᠡᠳᠪᠦᠷᠢᠯᠡᠬᠦ ᠠᠵᠤ ᠠᠬᠤᠶᠢᠯᠠᠯ ᠯᠤᠭ᠎ᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠰᠢᠰᠲ᠋ᠧᠮ ᠳᠤ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠴᠠᠭ ᠲᠣᠬᠠᠢ  ᠳᠤ ᠨᠢ ᠪᠠᠶᠢᠭᠤᠯᠵᠤ ᠂ ᠬᠠᠮᠢᠶ᠎ᠠ ᠪᠦᠬᠦᠢ ᠠᠵᠤ ᠠᠬᠤᠶᠢᠯᠠᠯ ᠨᠢ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢᠨ ᠦᠨᠡᠨ ᠪᠣᠳᠠᠲᠤ ᠴᠢᠨᠠᠷ ᠪᠠ ᠬᠠᠤᠯᠢ ᠶᠣᠰᠣᠴᠢ ᠴᠢᠨᠠᠷ ᠲᠤ ᠬᠠᠷᠢᠭᠤᠴᠠᠯᠭ᠎ᠠ ᠡᠭᠦᠷᠭᠡᠯᠡᠬᠦ ᠶᠢᠨ ᠬᠠᠮᠲᠤ ᠂ ᠡᠮ ᠡᠮᠨᠡᠯᠭᠡ ᠶᠢᠨ ᠠᠵᠤ ᠠᠬᠤᠶᠢᠯᠠᠯ ᠤᠨ ᠦᠨ᠎ᠡ ᠪᠠ ᠡᠵᠡᠩᠨᠡᠨ ᠪᠣᠷᠣᠯᠠᠭᠤᠯᠬᠤ ᠠᠵᠢᠯᠯᠠᠭ᠎ᠠ ᠶᠢᠨ ᠢᠲᠡᠭᠡᠮᠵᠢ ᠶᠢᠨ ᠠᠮᠠᠯᠠᠯᠲᠠ ᠶᠢᠨ ᠪᠢᠴᠢᠭ ᠢ ᠬᠢᠨᠠᠮᠠᠭᠠᠶ ᠭᠦᠢᠴᠡᠳᠬᠡᠬᠦ ᠬᠡᠷᠡᠭᠲᠡᠶ ᠃  ︵ᠲᠦᠷᠪᠡ︶ ᠰᠢᠯᠢᠨ ᠰᠣᠩᠭᠤᠬᠤ ᠪᠠᠷ ᠳᠡᠮᠵᠢᠨ ᠬᠠᠮᠢᠶ᠎ᠠ ᠪᠥᠬᠦᠶ ᠠᠵᠤ ᠠᠬᠤᠶᠢᠯᠠᠯ ᠤᠳ ᠲᠤᠰᠬᠠᠶ ᠬᠥᠮᠦᠨ ᠳᠣᠭᠢᠷᠠᠭᠤᠯᠤᠨ ᠤᠯᠠᠭᠠᠨᠴᠠᠪ ᠬᠤᠲᠠ ᠶᠢᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠠᠵᠢᠯ ᠤᠨ ᠬᠤᠯᠪᠣᠭ᠎ᠠ ᠳᠤ ᠣᠷᠤᠭᠤᠯᠵᠤ ᠂ ᠠᠵᠤ ᠠᠬᠤᠶᠢᠯᠠᠯ ᠤᠨ ᠠᠵᠢᠯ ᠤᠨ ᠮᠡᠳᠡᠭᠳᠡᠯ ᠢ ᠴᠠᠭ ᠲᠤᠬᠠᠶ ᠳᠤ ᠨᠢ ᠲᠣᠰᠬᠤ ᠳᠤ ᠲᠥᠬᠦᠮ ᠦᠵᠡᠭᠦᠯᠦᠨ᠎ᠡ ᠃  ᠬᠠᠷᠢᠯᠴᠠᠬᠤ ᠤᠲᠠᠰᠤ᠄ 0474 - 8159042  ᠢᠮᠧᠯ ᠄  wlcbpsbm@163.com   ᠳᠠᠭᠠᠯᠳᠤᠭᠤᠯᠤᠯ᠄ ᠤᠯᠠᠭᠠᠨᠴᠠᠪ ᠬᠤᠲᠠ ᠶᠢᠨ 2025 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠳ᠋ᠦᠩᠤᠯᠠᠭᠠᠨᠴᠠᠪ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠲᠥᠪ2025 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ ᠳᠠᠭᠠᠯᠳᠤᠭᠤᠯᠤᠯ᠄ ᠤᠯᠠᠭᠠᠨᠴᠠᠪ ᠬᠤᠲᠠ ᠶᠢᠨ 2025 ᠣᠨ ᠤ ᠨᠢᠭᠡᠳᠦᠭᠡᠷ ᠤᠯᠠᠷᠢᠯ ᠤᠨ ᠡᠮ ᠤᠨ ᠵᠦᠢᠯ ᠪᠠ ᠡᠮᠴᠢᠯᠡᠭᠡᠨ ᠤ ᠬᠤᠷᠣᠭᠳᠠᠯ ᠮᠠᠲ᠋ᠧᠷᠢᠶᠠᠯ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠢᠯᠢᠨ ᠰᠣᠩᠭᠤᠭᠰᠠᠨ ᠳ᠋ᠦᠩ.xls

 

 

 
ᠢᠷᠡᠯᠲᠡ᠄ ᠤᠯᠠᠭᠠᠨᠴᠠᠪ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号