ᠲᠢᠩᠬᠢᠮ ᠤᠨ ᠰᠢᠭᠦᠯᠲᠡ ᠶᠢᠨ ᠲᠤᠬᠠᠶ ᠶᠢᠨ ᠲᠠᠯᠠᠪᠤᠷ ᠲᠤ ᠬᠠᠤᠯᠢ ᠪᠠᠷ ᠵᠠᠰᠠᠬᠤ ᠬᠦᠴᠦᠨ ᠢ ᠣᠶᠢᠯᠠᠭᠠᠬᠤᠢ — ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠢᠭᠦᠬᠦ ᠲᠢᠩᠬᠢᠮ ᠳᠤ ᠬᠦᠷᠴᠦ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2025/4/8
  ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠂ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠵᠤ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢᠨ ᠲᠤᠰᠠᠳᠠ ᠂ 4 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠺᠠᠳ᠋ᠷ ᠠᠵᠢᠯᠲᠠᠳ ᠠᠵᠢᠯᠴᠢᠳ ᠢ ᠵᠣᠬᠢᠶᠠᠨ ᠪᠠᠶᠢᠭᠤᠯᠵᠤ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠦᠷᠴᠦ ᠲᠢᠩᠬᠢᠮ ᠤᠨ ᠰᠢᠭᠦᠯᠲᠡ ᠶᠢᠨ ᠲᠤᠬᠠᠶ ᠶᠢᠨ ᠲᠠᠯᠠᠪᠤᠷ ᠢᠶᠠᠷ ᠲᠣᠭᠤᠷᠢᠨ ᠦᠵᠡᠪᠡ ᠃
进法庭开展观摩.png
  ᠲᠢᠩᠬᠢᠮ ᠤᠨ ᠰᠢᠭᠦᠯᠲᠡ ᠶᠢᠨ ᠲᠤᠬᠠᠢ ᠶᠢᠨ ᠲᠠᠯᠠᠪᠤᠷ ᠲᠥᠪ ᠬᠢᠴᠢᠶᠡᠩᠭᠦᠶ ᠪᠥᠭᠡᠳ ᠡᠮᠬᠢ ᠳᠢᠭᠯᠢᠮ ᠲᠠᠢ ᠪᠠᠶᠢᠯ᠎ᠠ ᠃ ᠲᠣᠭᠤᠷᠢᠨ ᠦᠵᠡᠭᠴᠢᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ︽ᠥᠴᠦᠬᠡᠨ ᠴᠦ ᠵᠠᠪᠰᠠᠷ       ᠦᠭᠡᠢ︾ ᠂ ︽ᠪᠥᠬᠦ ᠦᠵᠡᠮᠵᠢ ᠶᠢᠨ ᠮᠠᠶ᠋ᠢᠭ︾ ᠢᠶᠠᠷ ᠳᠠᠮᠵᠢᠭᠤᠯᠤᠨ ᠲᠢᠩᠬᠢᠮ ᠤᠨ ᠰᠢᠭᠦᠯᠲᠡ ᠶᠢᠨ ᠶᠠᠪᠤᠴᠠ ᠶᠢ ᠰᠢᠭᠤᠳ ᠦᠵᠡᠵᠦ ᠂ ᠬᠠᠤᠯᠢ ᠶᠢ ᠵᠥᠷᠢᠴᠡᠨ ᠶᠠᠯ᠎ᠠ ᠬᠢᠭᠰᠡᠳ ᠤᠨ ᠬᠤᠪᠢ ᠬᠥᠮᠦᠨ ᠂ ᠬᠡᠷ ᠪᠦᠯᠢ ᠂ ᠨᠡᠶᠢᠭᠡᠮ ᠳᠤ ᠤᠴᠠᠷᠠᠭᠤᠯᠤᠭᠰᠠᠨ ᠯᠤᠲᠤ ᠶᠡᠭᠡ ᠬᠤᠤᠷ ᠬᠥᠨᠥᠭᠡᠯ ᠢ ᠭᠦᠢᠴᠡᠳ ᠲᠠᠨᠢᠵᠤ ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠰᠦᠷ ᠴᠢᠩᠭ᠎ᠠ ᠪᠠᠶᠢᠬᠤ ᠶᠢ ᠭᠦᠨᠵᠡᠭᠡᠶ ᠣᠶᠢᠯᠠᠭᠠᠵᠤ ᠂ ᠬᠠᠤᠯᠢ ᠪᠠᠷ ᠵᠠᠰᠠᠬᠤ ᠬᠥᠮᠦᠵᠢᠯ ᠢ ᠨᠢᠭᠤᠷᠲᠠᠨ ᠬᠦᠯᠢᠶᠡᠪᠡ ᠃  ᠲᠣᠭᠤᠷᠢᠨ ᠦᠵᠡᠬᠦ ᠪᠠᠷ ᠳᠡᠮᠵᠢᠨ ᠂ ᠺᠠᠳ᠋ᠷ ᠠᠵᠢᠯᠲᠠᠳ ᠠᠵᠢᠯᠴᠢᠳ ᠠᠴᠠ ᠲᠣᠰ ᠤᠳᠠᠭᠠᠨ ᠤ ᠠᠵᠢᠯᠯᠠᠭ᠎ᠠ ᠨᠢ ᠨᠢᠭᠡᠨ ᠠᠮᠢᠳᠤᠯᠢᠭ ᠬᠠᠤᠯᠢ ᠪᠠᠷ ᠵᠠᠰᠠᠬᠤ ᠬᠥᠮᠦᠵᠢᠯ ᠤᠨ ᠬᠢᠴᠢᠶᠡᠯ ᠪᠣᠯᠬᠤ ᠪᠠᠷ ᠪᠠᠷᠠᠬᠤ ᠥᠬᠡᠶ ᠂ ᠨᠠᠩ ᠴᠤ ᠨᠢᠭᠡ ᠤᠳᠠᠭᠠᠨ ᠤ ᠭᠦᠨ ᠭᠦᠨᠵᠡᠭᠡᠶ ᠦᠵᠡᠯ ᠰᠠᠨᠠᠭᠠᠨ ᠤ ᠤᠬᠢᠶᠠᠯ ᠮᠥᠨ ᠂ ᠲᠠᠷᠠᠭᠠᠴᠢ ᠶᠢᠨ ᠠᠵᠢᠯ ᠤᠨ ᠳᠤᠮᠳᠠ ᠪᠠᠨ ᠬᠡᠷᠡᠭ ᠢᠶᠠᠷ ᠲᠣᠯᠢ ᠪᠣᠯᠭᠠᠵᠤ ᠂ ᠴᠠᠭ ᠢᠮᠠᠭᠲᠠ ᠰᠠᠬᠢᠯᠭ᠎ᠠ ᠪᠠᠲᠤ ᠶᠣᠰᠣ ᠲᠦᠷᠢᠮ ᠤᠨ ᠬᠥᠪᠴᠢ ᠶᠢ ᠴᠢᠩᠭᠠᠯᠠᠵᠤ ᠂ ᠪᠢᠰᠢᠷᠡᠨ ᠵᠢᠷᠦᠬᠡᠰᠢᠶᠡᠬᠦ ᠶᠢ ᠮᠡᠳᠡᠬᠦ ᠂ ᠰᠡᠷᠡᠮᠵᠢᠯᠡᠨ ᠴᠡᠭᠡᠷᠯᠡᠬᠦ ᠂ ᠬᠤᠷᠢᠭ᠎ᠠ ᠱᠤᠭᠤᠮ ᠢ ᠰᠠᠬᠢᠬᠤ ᠶᠢ ᠦᠨᠡᠨ ᠬᠦ ᠪᠡᠶᠡᠯᠡᠭᠦᠯᠦᠨ᠎ᠡ ᠭᠡᠵᠡᠶ ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号